ᠪᠦᠬᠦ ᠰᠢᠶᠠᠨ ᠤ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/12/17
     12 ᠰᠠᠷ᠎ᠠ ᠶᠢᠨ 14  ᠤ ᠡᠳᠦᠷ᠂ ᠦᠴᠦᠸᠠᠨ ᠰᠢᠶᠠᠨ ᠪᠦᠬᠦ ᠰᠢᠶᠠᠨ ᠤ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ   ᠶᠢᠨ ᠬᠤᠷᠢᠶᠠᠨ ᠤ ᠱᠦᠵᠢ ᠵᠧᠦ ᠵᠧᠨ ᠭᠤᠸᠠᠩ᠂ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ᠂ ᠳᠣᠲᠣᠭᠠᠳᠤ   ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠸᠧᠨ ᠯᠢᠨ ᠹᠠᠨ ᠬᠤᠷᠠᠯ ᠳᠤ ᠣᠷᠣᠯᠴᠠᠵᠤ᠂ ᠰᠢᠶᠠᠨ ᠤ ᠬᠤᠯᠪᠣᠭᠳᠠᠯ ᠪᠦᠬᠦᠢ ᠨᠢᠭᠡᠴᠡ   ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ      ᠬᠤᠷᠠᠯ ᠠᠴᠠ ᠮᠠᠨ ᠤ ᠰᠢᠶᠠᠨ ᠤ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃ᠬᠤᠷᠠᠯ ᠠᠴᠠ᠂ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠠᠬᠢᠭᠤᠯᠬᠤ ᠪᠣᠯ ᠤᠯᠤᠰ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠶᠢᠨ ᠴᠢᠬᠤᠯᠠ ᠠᠭᠤᠯᠭ᠎ᠠ ᠪᠣᠯᠣᠨ᠎ᠠ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠲᠤᠷᠰᠢᠯᠲᠠ ᠶᠢᠨ ᠠᠵᠢᠯ ᠢ ᠬᠦᠴᠦᠲᠡᠢ ᠠᠬᠢᠭᠤᠯᠬᠤ ᠶᠢ ᠪᠠᠲᠤᠯᠠᠬᠤ ᠬᠡᠷᠡᠭᠲᠡᠢ᠃ ᠬᠤᠳᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠠᠵᠢᠯ ᠤᠨ ᠡᠭᠦᠷᠭᠡ ᠱᠠᠭᠠᠷᠳᠠᠯᠭ᠎ᠠ ᠲᠠᠢ ᠬᠠᠷᠢᠴᠠᠭᠤᠯᠵᠤ᠂ ︽ᠨᠢᠭᠡ ᠬᠥᠯᠭᠡ ᠰᠢᠲᠠᠷ᠎ᠠ︾ ᠶᠢᠨ ᠰᠡᠳᠬᠢᠬᠦᠢ ᠶᠢ ᠪᠠᠲᠤ ᠪᠤᠢ ᠪᠣᠯᠭᠠᠵᠤ᠂ ᠪᠦᠬᠦ ᠰᠢᠶᠠᠨ ᠤ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠡᠯ᠎ᠡ ᠲᠠᠯ᠎ᠠ ᠶᠢᠨ ᠬᠢᠨ ᠬᠤᠯᠪᠤᠭᠠᠯᠠᠨ ᠬᠥᠳᠡᠯᠦᠯᠴᠡᠬᠦ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠵᠤ᠂ ᠡᠯ᠎ᠡ ᠵᠦᠢᠯ ᠤᠨ ᠲᠤᠷᠰᠢᠯᠲᠠ ᠶᠢᠨ ᠴᠢᠭ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠤ ᠵᠢᠭᠠᠵᠤ ᠭᠠᠷᠭᠠᠪᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号