ᠦᠴᠦᠸᠠᠨ ᠰᠢᠶᠠᠨ ᠪᠦᠬᠦ ᠰᠢᠶᠠᠨ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠲᠠᠶᠢᠰᠠᠨ ᠤ ᠮᠥᠷᠥᠶᠢᠴᠡᠭᠡᠨ︾  ᠤ ᠤᠷᠤᠯᠳᠤᠭᠠᠨ ᠶᠠᠪᠤᠭᠤᠯᠪᠠ
ᠨᠡᠶᠢᠲᠡᠯᠡᠭᠰᠡᠨ ᠴᠠᠭ᠄
2022/12/17
     12 ᠰᠠᠷ᠎ᠠ ᠶᠢᠨ 15  ᠤ ᠡᠳᠦᠷ᠂ ᠦᠴᠦᠸᠠᠨ ᠰᠢᠶᠠᠨ ᠪᠦᠬᠦ ᠰᠢᠶᠠᠨ ᠤ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︽ᠲᠠᠶᠢᠰᠠᠨ ᠤ ᠮᠥᠷᠥᠶᠢᠴᠡᠭᠡᠨ︾︾ ᠤ ᠤᠷᠤᠯᠳᠤᠭᠠᠨ ᠢ ᠡᠷᠬᠢᠯᠡᠪᠡ᠃      ︽ᠤᠷᠤᠯᠳᠤᠭᠠᠨ ᠤ ᠲᠠᠪᠴᠠᠩ︾ ᠳᠡᠭᠡᠷ᠎ᠡ᠂ ᠡᠯ᠎ᠡ ᠰᠢᠶᠠᠩ ᠪᠠᠯᠭᠠᠰᠤ ᠠᠴᠠ ᠢᠷᠡᠭᠰᠡᠨ 19 ᠲᠣᠰᠬᠤᠨ ᠤ ᠨᠠᠮ ᠤᠨ ᠡᠭᠦᠷ ᠤᠨ ᠱᠦᠵᠢ ᠳᠡᠰ ᠳᠠᠷᠠᠭ᠎ᠠ ᠲᠠᠢ ᠪᠠᠷ ᠲᠠᠶᠢᠰᠠᠨ ᠳᠤ ᠭᠠᠷᠴᠤ᠂ ︽ᠲᠤᠬᠠᠢ ᠶᠢᠨ ᠲᠠᠯᠠᠪᠠᠶ ᠶᠢᠨ ᠥᠷᠢᠰᠦᠯᠳᠦᠭᠡᠨ ᠤ ᠲᠣᠭᠯᠠᠯᠲᠠ + PPT ᠦᠵᠡᠭᠦᠯᠦᠯᠭᠡ︾ ᠶᠢᠨ ᠬᠡᠯᠪᠡᠷᠢ᠂ ᠠᠮᠢᠳᠤᠯᠢᠭ ᠦᠯᠢᠭᠡᠷ᠂ ᠰᠢᠨ᠎ᠡ ᠰᠣᠷᠭᠤᠭ ᠬᠡᠷᠡᠭ ᠤᠨ ᠵᠢᠱᠢᠶ᠎ᠡ᠂ ᠨᠠᠷᠢᠨ ᠪᠣᠳᠠᠲᠠᠢ ᠵᠢᠷᠤᠭ ᠬᠦᠰᠦᠨᠦᠭᠲᠦ ᠪᠣᠯᠣᠨ ᠲᠤᠭ᠎ᠠ ᠪᠠᠷᠢᠮᠲᠠ᠂ ᠣᠷᠭᠢᠯᠤᠮ᠎ᠠ ᠬᠠᠯᠠᠭᠤᠨ ᠰᠡᠳᠬᠢᠯᠭᠡ᠂ᠰᠡᠳᠬᠢᠴᠡ᠂ ᠠᠷᠭ᠎ᠠ ᠬᠡᠮᠵᠢᠶ᠎ᠡ ᠪᠠᠷ ᠦᠷ᠎ᠡ ᠪᠦᠲᠦᠮᠵᠢ ᠶᠢ ᠢᠯᠡᠷᠡᠭᠦᠯᠵᠦ᠂ ᠲᠤᠰ ᠲᠤᠰ ᠤᠨ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠵᠡᠷᠭᠡ ᠲᠠᠯ᠎ᠠ ᠪᠠᠷ ᠬᠢ ᠲᠤᠷᠰᠢᠯᠭ᠎ᠠ ᠬᠢᠳᠡᠯ ᠢᠶᠠᠨ ᠢᠯᠡᠷᠡᠭᠦᠯᠵᠦ᠂ ᠮᠠᠨ ᠤ ᠰᠢᠶᠠᠨ ᠤ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠵᠢᠴᠢ ᠨᠠᠮ ᠤᠨ ᠡᠭᠦᠷ ᠤᠨ ᠱᠦᠵᠢ ᠶᠢᠨ ᠵᠣᠷᠢᠭᠲᠠᠢ ᠪᠠᠷ ᠤᠷᠤᠭᠰᠢᠯᠠᠨ ᠲᠠᠪᠰᠢᠬᠤ᠂ ᠰᠢᠨ᠎ᠡ ᠶᠢ ᠡᠭᠦᠳᠴᠦ ᠪᠣᠳᠠᠲᠠᠢ ᠠᠵᠢᠯᠯᠠᠬᠤ᠂ ᠬᠠᠷᠢᠭᠤᠴᠠᠯᠭ᠎ᠠ ᠪᠠᠨ ᠭᠦᠢᠴᠡᠳᠬᠡᠵᠦ ᠬᠠᠷᠢᠭᠤᠴᠠᠯᠭ᠎ᠠ ᠡᠭᠦᠷᠭᠡᠯᠡᠬᠦ ᠬᠠᠲᠠᠭᠤ ᠴᠢᠩᠭ᠎ᠠ ᠣᠪᠣᠷ ᠰᠤᠷᠲᠠᠯ ᠪᠣᠯᠣᠨ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠢ ᠪᠦᠬᠦ ᠲᠠᠯ᠎ᠠ ᠪᠠᠷ ᠢᠯᠡᠷᠡᠭᠦᠯᠪᠡ᠃ᠡᠭᠦᠨ ᠤ ᠳᠠᠷᠠᠭᠠᠬᠢ ᠮᠡᠳᠡᠯᠭᠡ ᠶᠢᠨ ᠠᠰᠠᠭᠤᠯᠲᠠ ᠬᠠᠷᠢᠭᠤᠯᠲᠠ ᠶᠢᠨ ᠭᠤᠭᠴᠤᠭ᠎ᠠ ᠨᠢ ᠠᠵᠢᠯᠯᠠᠭ᠎ᠠ ᠶᠢᠨ ᠪᠠᠶᠢᠳᠠᠯ ᠢ ᠨᠡᠩ ᠬᠤᠷᠴᠠ ᠰᠢᠷᠦᠭᠦᠨ ᠰᠣᠨᠢᠷᠬᠠᠯᠲᠠᠢ ᠪᠣᠯᠭᠠᠵᠤ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠨᠠᠷ ᠤᠨ ᠲᠦᠷᠭᠡᠨ ᠪᠥᠭᠡᠳ ᠣᠨᠣᠪᠴᠢᠲᠠᠢ ᠬᠠᠷᠢᠭᠤᠯᠲᠠ ᠨᠢ ᠲᠤᠬᠠᠢ ᠶᠢᠨ ᠲᠠᠯᠠᠪᠤᠷ ᠲᠤ ᠪᠠᠶᠢᠭᠰᠠᠨ ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠶᠢ ᠣᠯᠪᠠ᠃      ᠤᠷᠤᠯᠳᠤᠭᠠᠨ ᠳᠤ ᠣᠷᠣᠯᠴᠠᠭᠰᠠᠳ ᠤᠨ ᠰᠢᠷᠦᠭᠦᠨ ᠥᠷᠢᠰᠦᠯᠳᠦᠭᠡᠨ ᠵᠢᠴᠢ ᠰᠢᠯᠭᠠᠷᠠᠭᠤᠯᠬᠤ ᠺᠣᠮᠢᠰ ᠤᠨ ᠭᠡᠰᠢᠭᠦᠳ ᠤᠨ ᠨᠠᠷᠢᠨ ᠨᠢᠮᠪᠠᠢ ᠰᠢᠯᠭᠠᠷᠠᠭᠤᠯᠤᠯᠲᠠ ᠪᠠᠷ ᠳᠡᠮᠵᠢᠨ᠂ ᠡᠷᠬᠡ ᠲᠡᠭᠰᠢ᠂ ᠲᠥᠪ ᠭᠤᠥᠯᠴᠢ᠂ ᠢᠯᠡ ᠲᠣᠳᠣ ᠪᠠᠶᠢᠬᠤ ᠵᠠᠷᠴᠢᠮ ᠢ ᠵᠢᠷᠤᠮᠯᠠᠨ ᠲᠤᠬᠠᠢ ᠶᠢᠨ ᠲᠠᠯᠠᠪᠤᠷ ᠲᠤ ᠬᠤᠪᠢ ᠥᠭᠴᠦ᠂ ᠡᠴᠦᠰ ᠲᠡᠭᠡᠨ ᠬᠥᠬᠡ ᠡᠷᠭᠢ ᠪᠠᠯᠭᠠᠰᠤ ᠶᠢᠨ ᠹᠦ᠋ ᠷᠦ ᠳ᠋ᠦᠩ ᠲᠣᠰᠬᠤᠨ ᠤ ᠨᠠᠮ ᠤᠨ ᠡᠭᠦᠷ ᠤᠨ ᠱᠦᠵᠢ ᠬᠤᠸ ᠱᠤ᠋ ᠫᠢᠩ 95 ᠬᠤᠪᠢ ᠶᠢᠨ ᠬᠢᠷᠢ ᠪᠦᠲᠦᠮᠵᠢ ᠪᠠᠷ ᠲᠣᠰ ᠲᠠᠯᠠᠪᠤᠷ ᠤᠨ ᠤᠷᠤᠯᠳᠤᠭᠠᠨ ᠳᠤ ᠨᠢᠭᠡᠳᠦᠭᠡᠷ ᠲᠤ  ᠲᠣᠳᠣᠷᠠᠪᠠ᠃      ᠤᠷᠤᠯᠳᠤᠭᠠᠨ ᠳᠠᠭᠤᠰᠤᠭᠰᠠᠨ ᠤ ᠲᠠᠷᠠᠭ᠎ᠠ᠂ ᠠᠵᠢᠯᠯᠠᠭ᠎ᠠ ᠳᠤ ᠣᠷᠣᠯᠴᠠᠭᠰᠠᠨ ᠬᠥᠮᠥᠰ᠂ ᠲᠤᠰ ᠤᠳᠠᠭ᠎ᠠ ᠶᠢᠨ ︽ᠲᠠᠶᠢᠰᠠᠨ ᠤ ᠮᠥᠷᠥᠶᠢᠴᠡᠭᠡᠨ︾  ᠢᠶᠠᠷ ᠠᠵᠠ ᠲᠣᠬᠢᠶᠠᠯ ᠪᠣᠯᠭᠠᠵᠤ᠂ ᠲᠡᠷᠢᠭᠦᠨ ᠤ ᠬᠢ ᠲᠠᠢ ᠠᠳᠠᠯᠢᠳᠬᠠᠵᠤ᠂ ᠲᠤᠷᠰᠢᠯᠭ᠎ᠠ ᠰᠤᠷᠤᠯᠴᠠᠵᠤ᠂ ᠵᠥᠷᠢᠶ᠎ᠡ ᠪᠠᠨ ᠣᠨᠣᠪᠴᠢᠲᠠᠢ ᠡᠷᠢᠵᠦ᠂ ᠳᠤᠲᠠᠭᠤᠳᠠᠯ ᠢᠶᠠᠨ ᠨᠥᠬᠦᠪᠦᠷᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠢᠯᠡᠰ ᠲᠤ ᠬᠤᠪᠢ ᠨᠡᠮᠡᠷᠢ ᠪᠠᠨ ᠦᠵᠡᠭᠦᠯᠦᠨ᠎ᠡ ᠭᠡᠵᠦ ᠢᠯᠡᠳᠬᠡᠵᠡᠭᠡᠪᠡ᠃      ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠶᠢᠨ ᠱᠣᠸ ᠯᠢᠨ ᠠᠵᠢᠯᠯᠠᠭ᠎ᠠ ᠳᠤ ᠣᠷᠣᠯᠴᠠᠵᠠᠢ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号