12 ᠰᠠᠷ᠎ᠠ ᠶᠢᠨ 1 ᠤ ᠡᠳᠦᠷ ᠤᠨ 0 ᠴᠠᠭ ᠠᠴᠠ 24 ᠴᠠᠭ ᠪᠤᠯᠲᠠᠯ᠎ᠠ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 55 ᠨᠡᠮᠡᠭᠳᠡᠵᠦ᠂ | ᠡᠭᠦᠨ ᠳᠤ ᠭᠦᠭᠡᠬᠤᠳᠠ ᠳᠤ 51᠂ ᠤᠯᠠᠭᠠᠨᠬᠠᠳᠠ ᠬᠤᠳᠠ ᠳᠤ 3᠂ ᠣᠷᠳᠣᠰ ᠬᠤᠲᠠ ᠳᠤ 1 ᠪᠤᠢ᠃ ᠲᠤᠬᠠᠢ ᠶᠢᠨ | ᠡᠳᠦᠷ ᠤᠨ ᠲᠣᠳᠣᠯᠠᠭᠰᠠᠨ 77 ᠡᠪᠡᠳᠴᠢᠨ ᠤ ᠵᠢᠱᠢᠶ᠎ᠡ ᠢᠯᠡᠷᠢᠰᠢᠵᠦ ᠡᠮᠨᠡᠯᠭᠡ ᠠᠴᠠ ᠭᠠᠷᠪᠠ᠂ ᠡᠭᠦᠨ ᠳᠤ | ᠭᠦᠭᠡᠬᠤᠳᠠ ᠳᠤ 58᠂ ᠬᠥᠯᠥᠨ ᠪᠦᠢᠷ ᠬᠤᠳᠠ ᠳᠤ 1᠂ ᠬᠢᠩᠭᠠᠨ ᠠᠶᠢᠮᠠᠭ ᠲᠤ 1᠂ ᠤᠯᠠᠭᠠᠨᠬᠠᠳᠠ ᠬᠤᠲᠠ ᠳᠤ | 2᠂ ᠰᠢᠯᠢ ᠶᠢᠨ ᠭᠤᠣᠯ ᠠᠶᠢᠮᠠᠭ ᠲᠤ 1᠂ ᠣᠷᠳᠣᠰ ᠬᠤᠲᠠ ᠳᠤ 14 ᠪᠤᠢ᠃ | 12 ᠰᠠᠷ᠎ᠠ ᠶᠢᠨ 1 ᠤ ᠡᠳᠦᠷ ᠤᠨ 24 ᠴᠠᠭ ᠪᠤᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠳᠤ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 750 ᠪᠠᠶᠢᠵᠤ᠂ ᠡᠭᠦᠨ ᠳᠤ | ᠭᠦᠭᠡᠬᠤᠳᠠ ᠳᠤ 438᠂ ᠬᠥᠯᠥᠨ ᠪᠦᠢᠷ ᠬᠤᠳᠠ ᠳᠤ 106᠂ ᠬᠢᠩᠭᠠᠨ ᠠᠶᠢᠮᠠᠭ ᠲᠤ 9᠂ ᠤᠯᠠᠭᠠᠨᠬᠠᠳᠠ | ᠬᠤᠲᠠ ᠳᠤ 61᠂ ᠰᠢᠯᠢ ᠶᠢᠨ ᠭᠤᠣᠯ ᠠᠶᠢᠮᠠᠭ ᠲᠤ 1᠂ ᠤᠯᠠᠭᠠᠨᠴᠠᠪ ᠬᠤᠳᠠ ᠳᠤ 3᠂ ᠣᠷᠳᠣᠰ ᠬᠤᠲᠠ ᠳᠤ | 132 ᠪᠤᠢ᠃ | ᠲᠤᠬᠠᠢ ᠶᠢᠨ ᠡᠳᠦᠷ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ | 1᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 3 ᠨᠡᠮᠡᠭᠳᠡᠪᠡ᠃ ᠲᠤᠬᠠᠢ ᠶᠢᠨ ᠡᠳᠦᠷ ᠤᠨ | ᠲᠣᠳᠣᠯᠠᠭᠰᠠᠨ 2 ᠡᠪᠡᠳᠴᠢᠨ ᠤ ᠵᠢᠱᠢᠶ᠎ᠡ ᠢᠯᠡᠷᠢᠰᠢᠵᠦ ᠡᠮᠨᠡᠯᠭᠡ ᠠᠴᠠ ᠭᠠᠷᠪᠠ᠂ ᠡᠪᠡᠳᠴᠢᠨ ᠤ ᠢᠯᠡᠷᠡᠯ ᠦᠭᠡᠢ 3 | ᠬᠠᠯᠳᠠᠪᠤᠷᠢᠯᠠᠭᠳᠠᠭᠴᠢ ᠶᠢ ᠠᠨᠠᠭᠠᠬᠤ ᠤᠬᠠᠭᠠᠨ ᠤ ᠠᠵᠢᠭᠯᠠᠯᠲᠠ ᠠᠴᠠ ︵ᠴᠦᠮ ᠨᠡᠶᠢᠰᠯᠡᠯ ᠤᠨ ᠤᠯᠠᠨ ᠤᠯᠤᠰ ᠤᠨ | ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠭᠦᠭᠡᠬᠤᠳᠠ ᠶᠢᠨ ᠴᠠᠭᠠᠨ ᠰᠤᠪᠤᠷᠭ᠎ᠠ ᠤᠯᠠᠨ ᠤᠯᠤᠰ ᠤᠨ | ᠨᠢᠰᠬᠡᠯ ᠤᠨ ᠪᠠᠭᠤᠳᠠᠯ ᠳᠤ ᠪᠠᠭᠤᠭᠰᠠᠳ︶ ᠭᠠᠷᠭᠠᠪᠠ᠃ | ᠲᠤᠬᠠᠢ ᠶᠢᠨ ᠡᠳᠦᠷ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 337 | ᠨᠡᠮᠡᠭᠳᠡᠵᠦ᠂ ᠡᠭᠦᠨ ᠳᠤ ᠭᠦᠭᠡᠬᠤᠳᠠ ᠳᠤ 133᠂ ᠪᠤᠭᠤᠲᠤ ᠬᠤᠳᠠ ᠳᠤ 23᠂ ᠬᠥᠯᠥᠨ ᠪᠦᠢᠷ ᠬᠤᠳᠠ ᠳᠤ 36᠂ | ᠬᠢᠩᠭᠠᠨ ᠠᠶᠢᠮᠠᠭ ᠲᠤ 26᠂ ᠲᠦᠩᠯᠢᠶᠣᠣ ᠬᠤᠲᠠ ᠳᠤ 18᠂ ᠤᠯᠠᠭᠠᠨᠬᠠᠳᠠ ᠬᠤᠲᠠ ᠳᠤ 11᠂ ᠰᠢᠯᠢ ᠶᠢᠨ | ᠭᠤᠣᠯ ᠠᠶᠢᠮᠠᠭ ᠲᠤ 26᠂ ᠤᠯᠠᠭᠠᠨᠴᠠᠪ ᠬᠤᠳᠠ ᠳᠤ 14᠂ ᠣᠷᠳᠣᠰ ᠬᠤᠲᠠ ᠳᠤ 23᠂ ᠪᠠᠶᠠᠨᠨᠠᠭᠤᠷ ᠬᠤᠲᠠ ᠳᠤ | 16᠂ ᠦᠬᠠᠢ ᠬᠤᠳᠠ ᠳᠤ 10᠂ ᠠᠯᠠᠱᠠ ᠠᠶᠢᠮᠠᠭ ᠲᠤ 1 ᠪᠤᠢ᠃ ᠲᠤᠬᠠᠢ ᠶᠢᠨ ᠡᠳᠦᠷ ᠡᠪᠡᠳᠴᠢᠨ ᠤ ᠢᠯᠡᠷᠡᠯ | ᠦᠭᠡᠢ 281 ᠬᠠᠯᠳᠠᠪᠤᠷᠢᠯᠠᠭᠳᠠᠭᠴᠢ ᠶᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠂ ᠡᠭᠦᠨ ᠳᠤ | ᠭᠦᠭᠡᠬᠤᠳᠠ ᠳᠤ 82᠂ ᠪᠤᠭᠤᠲᠤ ᠬᠤᠳᠠ ᠳᠤ 34᠂ ᠬᠢᠩᠭᠠᠨ ᠠᠶᠢᠮᠠᠭ ᠲᠤ 10᠂ ᠲᠦᠩᠯᠢᠶᠣᠣ ᠬᠤᠲᠠ ᠳᠤ 97᠂ | ᠤᠯᠠᠭᠠᠨᠬᠠᠳᠠ ᠬᠤᠲᠠ ᠳᠤ 8᠂ ᠰᠢᠯᠢ ᠶᠢᠨ ᠭᠤᠣᠯ ᠠᠶᠢᠮᠠᠭ ᠲᠤ 5᠂ ᠤᠯᠠᠭᠠᠨᠴᠠᠪ ᠬᠤᠳᠠ ᠳᠤ 10᠂ ᠣᠷᠳᠣᠰ | ᠬᠤᠲᠠ ᠳᠤ 8᠂ ᠪᠠᠶᠠᠨᠨᠠᠭᠤᠷ ᠬᠤᠲᠠ ᠳᠤ 18᠂ ᠦᠬᠠᠢ ᠬᠤᠳᠠ ᠳᠤ 7᠂ ᠠᠯᠠᠱᠠ ᠠᠶᠢᠮᠠᠭ ᠲᠤ 2 ᠪᠤᠢ᠃ | ᠳᠡᠭᠡᠷ᠎ᠡ ᠳᠤᠷᠠᠳᠤᠭᠰᠠᠨ ᠬᠥᠮᠥᠰ ᠢ ᠪᠦᠭᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠬᠦ | ᠪᠤᠶᠤ ᠴᠢᠩᠭᠡᠯᠢᠭ ᠡᠮᠨᠡᠯᠭᠡ ᠶᠢᠨ ᠬᠤᠷᠢᠶ᠎ᠠ ᠳᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠨᠢᠭᠲᠠ | ᠣᠶᠢᠷᠠᠲᠤᠭᠰᠠᠳ ᠢ ᠨᠢ ᠴᠥᠮ ᠲᠣᠭᠲᠠᠭᠰᠠᠨ ᠭᠠᠵᠠᠷ ᠲᠥᠪᠯᠡᠷᠡᠭᠦᠯᠦᠨ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ | ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠤᠶ᠃ |