ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2022 ᠣᠨ ᠤ 15 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/12/23
     12 ᠰᠠᠷ᠎ᠠ ᠶᠢᠨ 19 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠠᠩ ᠰᠢᠩ ᠱᠧᠩ ᠰᠢᠶᠠᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ2022 ᠣᠨ ᠤ 15 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠪᠣᠯᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠤᠨ ᠨᠠᠢᠮᠠᠳᠤᠭᠠᠷ ᠬᠡᠰᠡᠭ ᠤᠨ ᠠᠭᠤᠯᠭ᠎ᠠ ᠶᠢ ᠰᠢᠰᠲ᠋ᠧᠮ ᠲᠠᠢ ᠰᠤᠷᠤᠯᠴᠠᠬᠤ ᠶᠢᠨ ᠬᠠᠮᠲᠤ ᠰᠤᠷᠤᠯᠴᠠᠬᠤ ᠭᠤᠣᠯ ᠰᠡᠳᠦᠪ ᠤᠨ ᠲᠣᠭᠤᠷᠢᠨ ᠳᠤ ᠦᠵᠡᠯ ᠰᠠᠨᠠᠭ᠎ᠠ ᠪᠣᠯᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠭᠦᠨᠵᠡᠭᠡᠢ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃      ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠦᠢᠯ ᠤᠨ ᠴᠢᠬᠤᠯᠠ ᠴᠢᠨᠠᠷ ᠢ ᠭᠦᠢᠴᠡᠳ ᠲᠠᠨᠢᠬᠤ ᠬᠡᠷᠡᠭᠲᠡᠢ᠃ ᠪᠦᠬᠦ ᠰᠢᠶᠠᠨ ᠤ ᠥᠷᠭᠡᠨ ᠤᠯᠠᠨ ᠤᠳᠤᠷᠢᠳᠬᠤ ᠺᠠᠳ᠋ᠷ ᠤᠯᠤᠰ ᠲᠦᠷᠦ ᠶᠢᠨ ᠬᠤᠷᠴᠠ ᠰᠡᠷᠭᠡᠭ ᠴᠢᠨᠠᠷ ᠪᠣᠯᠤᠨ ᠢᠯᠭᠠᠨ ᠲᠠᠨᠢᠬᠤ ᠴᠢᠳᠠᠪᠤᠷᠢ ᠪᠠᠨ ᠦᠨᠡᠨᠬᠦ ᠳᠡᠭᠡᠭᠰᠢᠯᠡᠭᠦᠯᠵᠦ᠂ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠵᠠᠩᠭᠢᠯᠠᠭ᠎ᠠ ᠶᠢᠨ ᠬᠦᠷᠢᠶ᠎ᠡ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃ ᠪᠦᠬᠦ ᠰᠢᠶᠠᠨ ᠤ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠠᠶᠤᠯ ᠲᠦᠭᠰᠢᠭᠦᠷᠢ ᠶᠢᠨ ᠤᠬᠠᠮᠰᠠᠷ ᠪᠣᠯᠤᠨ ᠬᠠᠷᠢᠭᠤᠴᠠᠯᠭ᠎ᠠ ᠡᠭᠦᠷᠭᠡᠯᠡᠯ ᠢᠶᠠᠨ ᠴᠢᠨᠠᠭᠰᠢᠳᠠ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠥᠨᠳᠥᠷ ᠪᠦᠲᠦᠮᠵᠢᠲᠡᠶ ᠨᠢᠭᠡᠳᠦᠯᠲᠡᠶ ᠲᠥᠯᠥᠪᠯᠡᠬᠦ ᠶᠢᠨ ᠬᠠᠮᠲᠤ᠂ ᠤᠯᠤᠰ ᠲᠦᠷᠦ ᠶᠢᠨ ᠠᠮᠤᠷ ᠲᠦᠪᠰᠢᠨ ᠭᠡᠬᠦ ᠡᠨᠡᠬᠦ ᠦᠨᠳᠦᠰᠦᠨ ᠵᠦᠢᠯ ᠢ ᠢᠮᠠᠭᠲᠠ ᠪᠠᠲᠤ ᠠᠳᠬᠤᠵᠤ᠂ ᠴᠠᠭ ᠢᠮᠠᠭᠲᠠ ᠲᠠᠷᠢᠬᠢ ᠲᠣᠯᠣᠭᠠᠢ ᠪᠠᠨ ᠰᠡᠷᠭᠡᠭ ᠪᠠᠶᠢᠯᠭᠠᠵᠤ᠂ ᠠᠷᠭᠠᠴᠠᠬᠤ ᠠᠷᠭ᠎ᠠ ᠬᠡᠮᠵᠢᠶ᠎ᠡ ᠶᠢ ᠯᠠᠪᠳᠠᠭᠤᠨ ᠪᠠᠲᠤᠲᠠᠢ ᠲᠣᠭᠲᠠᠭᠠᠵᠤ᠂ ᠤᠯᠤᠰ ᠲᠦᠷᠦ ᠶᠢᠨ ᠲᠠᠯ᠎ᠠ ᠠᠴᠠ ᠠᠰᠠᠭᠤᠳᠠᠯ ᠢ ᠪᠣᠳᠣᠯᠬᠢᠯᠠᠵᠤ᠂ ᠠᠵᠢᠯ ᠢᠶᠠᠨ ᠪᠠᠶᠢᠷᠢᠯᠠᠭᠤᠯᠵᠤ᠂ ᠭᠤᠣᠯ ᠤᠷᠤᠰᠬᠠᠯ ᠤᠨ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠰᠠᠶᠢᠲᠤᠷ ᠠᠳᠬᠤᠬᠤ᠂ ᠤᠨᠤᠯ ᠢᠶᠠᠷ ᠵᠡᠪᠰᠡᠭᠯᠡᠬᠦ ᠶᠢ ᠰᠠᠶᠢᠲᠤᠷ ᠠᠳᠬᠤᠬᠤ᠂ ᠵᠢᠭᠰᠠᠭᠠᠯ ᠤᠨ ᠭᠠᠵᠠᠷ ᠤᠨ ᠬᠠᠮᠢᠶᠠᠷᠤᠯᠲᠠ ᠶᠢ ᠰᠠᠶᠢᠲᠤᠷ ᠠᠳᠬᠤᠬᠤ᠂ ᠦᠨᠳᠦᠰᠦᠲᠡᠨ ᠱᠠᠰᠢᠨ ᠰᠤᠷᠲᠠᠬᠤᠨ ᠢ ᠰᠠᠶᠢᠲᠤᠷ ᠠᠳᠬᠤᠬᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠰᠠᠶᠢᠲᠤᠷ ᠠᠳᠬᠤᠬᠤ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠰᠠᠶᠢᠲᠤᠷ ᠠᠳᠬᠤᠬᠤ ᠵᠡᠷᠭᠡ ᠵᠢᠷᠭᠤᠭᠠᠨ ᠲᠠᠯ᠎ᠠ ᠠᠴᠠ ᠦᠵᠡᠯ ᠤᠬᠠᠮᠰᠠᠷ ᠤᠨ ᠬᠡᠯᠪᠡᠷᠢ ᠶᠢᠨ ᠰᠠᠨᠠᠭᠠᠴᠢᠯᠠᠭᠠᠲᠤ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠢᠨ᠎ᠡ ᠴᠠᠭ ᠦᠶ᠎ᠡ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠤᠳᠤᠷᠢᠳᠬᠤ ᠡᠷᠬᠡ ᠶᠢ ᠪᠠᠲᠤ ᠡᠵᠡᠮᠳᠡᠬᠦ ᠬᠡᠷᠡᠭᠲᠡᠢ᠃ ᠪᠦᠬᠦ ᠰᠢᠶᠠᠨ ᠢᠶᠠᠷ ᠢᠶᠠᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠶᠢ ᠵᠠᠩᠭᠢᠯᠠᠭ᠎ᠠ ᠶᠢᠨ ᠴᠡᠭ ᠪᠣᠯᠭᠠᠵᠤ᠂ ︽ᠬᠡᠨ ᠭᠤᠣᠯᠯᠠᠨ ᠬᠠᠮᠢᠶᠠᠷᠪᠠᠯ ᠬᠡᠨ ᠬᠠᠷᠢᠭᠤᠴᠠᠬᠤ︾ ᠪᠠ ᠬᠠᠷᠢᠶ᠎ᠠ ᠣᠷᠣᠨ ᠤ ᠬᠠᠮᠢᠶᠠᠷᠤᠯᠲᠠ ᠶᠢᠨ ᠵᠠᠷᠴᠢᠮ ᠢ ᠪᠠᠷᠢᠮᠲᠠᠯᠠᠵᠤ ᠂ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠤᠨ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠠᠳᠬᠤᠵᠤ᠂ ᠮᠥᠷᠥᠨ ᠳᠡᠭᠡᠷ᠎ᠡ ᠪᠠᠨ ᠡᠭᠦᠷᠭᠡᠯᠡᠬᠦ ᠶᠢ ᠪᠠᠲᠤᠯᠠᠬᠤ ᠬᠡᠷᠡᠭᠲᠡᠢ ᠭᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号