ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ︵ᠥᠷᠭᠡᠳᠬᠡᠭᠰᠡᠨ︶ 2022 ᠣᠨ ᠤ 14 ᠳ᠋ᠦ᠋ᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠪᠦᠬᠦ ᠰᠢᠶᠠᠨ ᠤ ᠠᠵᠤ ᠠᠬᠤᠢ ᠶᠢᠨ ᠠᠵᠢᠯ ᠤᠨ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/12/23
     12 ᠰᠠᠷ᠎ᠠ ᠶᠢᠨ 16 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠠᠩ ᠰᠢᠩ ᠱᠧᠩ ᠰᠢᠶᠠᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ︵ᠥᠷᠭᠡᠳᠬᠡᠭᠰᠡᠨ︶ ᠤᠨ 2022 ᠣᠨ ᠤ 14 ᠳ᠋ᠦ᠋ᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠪᠦᠬᠦ ᠰᠢᠶᠠᠨ ᠤ ᠠᠵᠤ ᠠᠬᠤᠢ ᠶᠢᠨ ᠠᠵᠢᠯ ᠤᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠳᠡᠭᠡᠷ᠎ᠡ᠂ ᠬᠡᠰᠡᠭ ᠰᠢᠶᠠᠨ ᠤ ᠤᠳᠤᠷᠢᠳᠤᠯᠭ᠎ᠠ᠂ ᠭᠤᠣᠯᠳᠠᠯᠭ᠎ᠠ ᠲᠠᠢ ᠰᠠᠯᠠᠭ᠎ᠠ ᠮᠥᠴᠢᠷ᠂ ᠰᠢᠶᠠᠩ ᠪᠠᠯᠭᠠᠰᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠢᠷᠡᠬᠦ ᠵᠢᠯ ᠤᠨ ᠭᠤᠣᠯᠳᠠᠯᠭ᠎ᠠ ᠲᠠᠢ ᠠᠵᠢᠯ ᠤᠨ ᠲᠤᠬᠠᠢ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠵᠠᠢ᠃ᠬᠤᠷᠠᠯ ᠠᠴᠠ ᠵᠢᠭᠠᠵᠤ ᠭᠠᠷᠭᠠᠭᠰᠠᠨ ᠨᠢ᠂ ᠪᠦᠬᠦ ᠰᠢᠶᠠᠨ ᠢᠶᠠᠷ ᠢᠶᠠᠨ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠬᠤ︾ ᠭᠤᠣᠯ ᠰᠢᠵᠢᠮ ᠢ ᠪᠠᠲᠤ ᠡᠵᠡᠮᠰᠢᠵᠦ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠡᠨᠡᠬᠦ ᠲᠡᠷᠢᠭᠦᠨ ᠴᠢᠬᠤᠯᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠰᠢᠶᠠᠨ ᠤ ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ᠂ ᠴᠡᠪᠡᠷ ᠡᠨᠧᠷᠭᠢ᠂ ᠲᠠᠷᠢᠶᠠᠯᠠᠩ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ᠂ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ᠂ ᠪᠦᠬᠦ ᠬᠦᠴᠦᠨ ᠢᠶᠠᠷ ᠢᠶᠠᠨ ᠲᠦᠷᠦᠯ ᠵᠦᠢᠯ ᠢ ᠠᠳᠬᠤᠵᠤ᠂ ᠲᠤᠮᠤ ᠲᠦᠷᠦᠯ ᠵᠦᠢᠯ ᠢ ᠠᠳᠬᠤᠵᠤ᠂ ᠲᠦᠷᠦᠯ ᠵᠦᠢᠯ ᠢ ᠰᠠᠶᠢᠲᠤᠷ ᠠᠳᠬᠤᠵᠤ᠂ ᠡᠭᠦᠨ ᠤ ᠤᠯᠠᠮ ᠢᠶᠠᠷ ᠦᠴᠤᠸᠠᠨ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠪᠡ᠃      ᠬᠤᠷᠠᠯ ᠠᠴᠠ᠂ ᠰᠢᠰᠲ᠋ᠧᠮ ᠲᠠᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠪᠣᠯ ᠢᠷᠡᠬᠦ ᠵᠢᠯ ᠤᠨ ᠠᠵᠢᠯ ᠢ ᠰᠠᠶᠢᠲᠤᠷ ᠬᠢᠬᠦ ᠶᠢᠨ ᠤᠷᠢᠲᠠᠯ ᠪᠠ ᠰᠠᠭᠤᠷᠢ ᠪᠣᠯᠤᠨ᠎ᠠ᠃ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠢᠳᠡᠪᠬᠢᠲᠡᠶ ᠪᠠᠷ ᠠᠵᠢᠯ ᠶᠠᠪᠤᠳᠠᠯ ᠬᠢᠵᠦ᠂ ᠪᠠᠶᠢᠳᠠᠯ ᠢ ᠲᠣᠳᠣᠷᠬᠠᠶ ᠲᠠᠨᠢᠵᠤ᠂ ᠰᠠᠨᠠᠭᠠᠴᠢᠯᠠᠭᠠᠲᠤ ᠪᠠᠶᠢᠷᠢ ᠶᠢ ᠡᠵᠡᠮᠳᠡᠨ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠠᠮ ᠤᠨ ᠬᠤᠷᠢᠶ᠎ᠠ ᠶᠢᠨ ᠭᠠᠷᠭᠠᠭᠰᠠᠨ ᠡᠯ᠎ᠡ ᠵᠦᠢᠯ ᠤᠨ  ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠵᠤ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠨ᠂ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠵᠤ᠂ ᠤᠷᠢᠳᠴᠢᠯᠠᠨ ᠰᠡᠳᠬᠢᠵᠦ᠂ ᠤᠷᠢᠳᠴᠢᠯᠠᠨ ᠠᠷᠭ᠎ᠠ ᠰᠦᠪᠡᠭᠴᠢᠯᠡᠵᠦ᠂ ᠤᠷᠢᠳᠴᠢᠯᠠᠨ ᠭᠠᠷᠳᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠶ ᠶᠢ ᠡᠷᠬᠢᠮᠯᠡᠬᠦ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠭᠠᠷᠳᠠᠬᠤ ᠴᠡᠭ᠂ ᠤᠶᠠᠯᠳᠤᠬᠤ ᠴᠡᠭ᠂ ᠰᠢᠪᠲᠤᠯᠤᠯᠲᠠ ᠶᠢᠨ ᠴᠡᠭ ᠢ ᠣᠨᠣᠪᠴᠢᠲᠠᠶ ᠡᠷᠢᠵᠦ᠂ ᠢᠷᠡᠬᠦ ᠵᠢᠯ ᠤᠨ ᠠᠵᠢᠯ ᠢᠶᠠᠨ ᠡᠷᠲᠡ ᠡᠬᠢᠯᠡᠭᠦᠯᠵᠦ᠂ ᠰᠠᠶᠢᠨ ᠠᠯᠬᠤᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号