ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ | ᠲᠣᠭᠲᠠᠴᠠ ᠶᠢᠨ ᠲᠤᠰᠬᠠᠢ ᠮᠡᠷᠭᠡᠵᠢᠯᠲᠡᠨ ᠬᠢᠵᠢᠭ ᠢ ᠰᠡᠷᠭᠡᠶᠢᠯᠡᠬᠦ ᠬᠠᠯᠠᠮᠰᠢᠯ ᠠᠰᠠᠭᠤᠯᠲᠠ ᠳᠤ ᠬᠠᠷᠢᠭᠤᠯᠲᠠ ᠥᠭᠪᠡ | ᠤᠮᠢᠺᠷᠤᠨ ᠤ ᠡᠪᠡᠳᠴᠢᠨ ᠡᠭᠦᠰᠬᠡᠬᠦ ᠬᠦᠴᠦ ᠨᠢ ᠪᠠᠭᠤᠷᠠᠵᠤ ᠪᠠᠶᠢᠬᠤ ᠤᠴᠢᠷ ᠠᠴᠠ ᠬᠠᠯᠳᠠᠪᠤᠷᠢᠯᠠᠭᠰᠠᠨ ᠤ | ᠳᠠᠷᠠᠭ᠎ᠠ ᠣᠯᠠᠩᠬᠢ ᠨᠢ ᠡᠪᠡᠳᠴᠢᠨ ᠤ ᠢᠯᠡᠷᠡᠯ ᠦᠭᠡᠢ ᠪᠤᠶᠤ ᠬᠥᠩᠭᠡᠨ ᠢᠯᠡᠷᠡᠯ ᠲᠠᠢ ᠪᠠᠶᠢᠳᠠᠭ᠃ ᠵᠥᠪᠭᠡᠨ | ᠬᠠᠨᠢᠶᠠᠵᠤ᠂ ᠬᠠᠯᠠᠭᠤᠷᠠᠪᠠᠯ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠴᠢ ᠳᠤ ᠲᠣᠭᠠᠴᠠᠭᠳᠠᠨ᠎ᠠ ᠦᠦ︖ ᠨᠢᠭᠡ | ᠤᠳᠠᠭ᠎ᠠ︽ᠠᠷᠭ᠎ᠠ︾ᠪᠣᠯᠵᠤ ᠥᠩᠭᠡᠷᠡᠭᠰᠡᠨ ᠪᠣᠯ ᠪᠠᠰᠠ︽ᠠᠷᠭ᠎ᠠ︾ ᠪᠤᠯᠬᠤ ᠪᠣᠯᠣᠯᠴᠠᠭ᠎ᠠ ᠲᠠᠢ ᠦᠦ︖ ᠤᠯᠠᠨ | ᠨᠡᠶᠢᠲᠡ ᠶᠢᠨ ᠠᠩᠬᠠᠷᠴᠤ ᠪᠠᠶᠢᠭ᠎ᠠ ᠬᠠᠯᠠᠮᠰᠢᠯ ᠠᠰᠠᠭᠤᠯᠲᠠ ᠶᠢᠨ ᠲᠣᠭᠤᠷᠢᠨ ᠳᠤ᠂ ᠲᠦᠷᠦ ᠶᠢᠨ ᠶᠠᠪᠤᠳᠠᠯ ᠤᠨ | ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠶᠢᠨ ᠬᠤᠯᠪᠣᠭᠳᠠᠯ ᠪᠦᠬᠦᠢ ᠲᠤᠰᠬᠠᠢ | ᠮᠡᠷᠭᠡᠵᠢᠯᠲᠡᠨ ᠲᠤᠰᠬᠠᠢ ᠮᠡᠷᠭᠡᠵᠢᠯ ᠤᠨ ᠬᠠᠷᠢᠭᠤᠯᠲᠠ ᠥᠭᠪᠡ᠃ | ᠠᠰᠠᠭᠤᠯᠲᠠ᠄ ᠰᠢᠨ᠎ᠡ ᠲᠢᠲᠢᠮᠯᠢᠭ ᠸᠢᠷᠦ᠋ᠰ ᠤᠨ ᠠᠷᠭ᠎ᠠ ᠴᠢᠨᠠᠷᠲᠠᠢ ᠬᠠᠯᠳᠠᠪᠤᠷᠢᠯᠠᠭᠴᠢ ᠵᠥᠪᠭᠡᠨ ᠬᠠᠨᠢᠶᠠᠵᠤ | ᠬᠠᠯᠠᠭᠤᠷᠠᠬᠤ ᠢᠯᠡᠷᠡᠯ ᠭᠠᠷᠪᠠᠯ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠴᠢ ᠳᠤ ᠲᠣᠭᠠᠴᠠᠭᠳᠠᠨ᠎ᠠ ᠦᠦ︖ | ᠬᠠᠷᠢᠭᠤᠯᠲᠠ᠄ ᠠᠷᠭ᠎ᠠ ᠴᠢᠨᠠᠷᠲᠠᠢ ᠬᠠᠯᠳᠠᠪᠤᠷᠢᠯᠠᠭᠴᠢ ᠵᠥᠪᠭᠡᠨ ᠬᠠᠨᠢᠶᠠᠵᠤ ᠬᠠᠯᠠᠭᠤᠷᠠᠬᠤ ᠢᠯᠡᠷᠡᠯ ᠭᠠᠷᠴᠤ᠂ | ᠠᠭᠤᠰᠬᠢᠨ ᠬᠡᠰᠡᠭ ᠤᠨ ᠬᠠᠯᠳᠠᠪᠤᠷᠢᠯᠠᠯ ᠢᠯᠡᠷᠡᠭᠰᠡᠨ ᠦᠭᠡᠢ ᠪᠣᠯ᠂ ᠬᠥᠩᠭᠡᠨ ᠢᠯᠡᠷᠡᠯ ᠲᠠᠢ ᠡᠪᠡᠳᠴᠢᠨ ᠤ ᠵᠢᠱᠢᠶ᠎ᠡ ᠳᠤ | ᠲᠣᠭᠠᠴᠠᠭᠳᠠᠨ᠎ᠠ᠂ ᠭᠡᠪᠡᠴᠦ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠴᠢ ᠪᠢᠰᠢ᠃ ᠣᠳᠣᠬᠠᠨ ᠤ ᠪᠦᠭᠦ | ᠤᠯᠤᠰ ᠤᠨ ᠡᠪᠡᠳᠴᠢᠨ ᠤ ᠵᠢᠱᠢᠶ᠎ᠡ ᠶᠢᠨ ᠲᠤᠭ᠎ᠠ ᠪᠠᠷᠢᠮᠲᠠ ᠠᠴᠠ ᠦᠵᠡᠪᠡᠯ᠂ ᠤᠮᠢᠺᠷᠤᠨ ᠸᠢᠷᠦ᠋ᠰ ᠲᠤ | ᠬᠠᠯᠳᠠᠪᠤᠷᠢᠯᠠᠭᠰᠠᠨ ᠤ ᠳᠠᠷᠠᠭ᠎ᠠ ᠡᠪᠡᠳᠴᠢᠨ ᠤ ᠢᠯᠡᠷᠡᠯ ᠦᠭᠡᠢ ᠪᠠ ᠬᠥᠩᠭᠡᠨ ᠢᠯᠡᠷᠡᠯ ᠲᠠᠢ ᠡᠪᠡᠳᠴᠢᠨ ᠤ ᠵᠢᠱᠢᠶ᠎ᠡ | ᠪᠠᠷᠤᠭ 90% ᠠᠴᠠ ᠳᠡᠭᠡᠭᠰᠢᠬᠢ ᠶᠢ ᠡᠵᠡᠯᠡᠵᠦ ᠪᠠᠶᠢᠨ᠎ᠠ᠃ | ᠣᠳᠣᠬᠠᠨ ᠤ ᠲᠣᠮᠢᠶᠠᠯᠠᠯ ᠢᠶᠠᠷ᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠰᠠᠳ ᠭᠡᠳᠡᠭ ᠨᠢ ᠰᠢᠨ᠎ᠡ | ᠲᠢᠲᠢᠮᠯᠢᠭ ᠸᠢᠷᠦ᠋ᠰ ᠤᠨ ᠡᠪᠡᠳᠴᠢᠨ ᠡᠭᠦᠰᠬᠡᠭᠴᠢ ᠶᠢᠨ ᠰᠤᠳᠤᠯᠤᠯ ᠤᠨ ᠪᠠᠶᠢᠴᠠᠭᠠᠯᠲᠠ ᠳᠤ ᠠᠷᠭ᠎ᠠ ᠴᠢᠨᠠᠷ ᠢᠯᠡᠷᠡᠵᠦ᠂ | ᠬᠠᠮᠢᠶ᠎ᠠ ᠪᠦᠬᠦᠢ ᠡᠮᠴᠢᠯᠡᠭᠡᠨ ᠤ ᠢᠯᠡᠷᠡᠯ ᠭᠠᠷᠤᠭᠰᠠᠨ ᠦᠭᠡᠢ ᠪᠠᠶᠢᠬᠤ ᠶᠢ ᠵᠢᠭᠠᠵᠤ ᠪᠠᠶᠢᠨ᠎ᠠ᠂ ᠵᠢᠱᠢᠶᠡᠯᠡᠪᠡᠯ | ᠬᠠᠯᠠᠭᠤᠷᠠᠬᠤ᠂ ᠬᠠᠭᠤᠷᠠᠢ ᠪᠠᠷ ᠬᠠᠨᠢᠶᠠᠬᠤ᠂ ᠲᠠᠮᠢᠷᠳᠠᠬᠤ᠂ ᠬᠤᠭᠤᠯᠠᠢ ᠡᠪᠡᠳᠭᠦ᠂ ᠦᠨᠦᠷᠯᠡᠬᠦ ᠰᠡᠷᠡᠯ ᠪᠠᠭᠤᠷᠠᠬᠤ᠂ | ᠰᠠᠭᠤᠯᠭᠠᠬᠤ ᠵᠡᠷᠭᠡ ᠥᠪᠡᠷ ᠢᠶᠠᠨ ᠰᠡᠷᠡᠵᠦ ᠮᠡᠳᠡᠭᠦ ᠪᠤᠶᠤ ᠡᠮᠴᠢᠯᠡᠭᠡ ᠪᠠᠷ ᠢᠯᠭᠠᠨ ᠲᠠᠨᠢᠵᠤ ᠪᠤᠯᠬᠤ ᠡᠪᠡᠳᠴᠢᠨ ᠤ | ᠢᠯᠡᠷᠡᠯ ᠪᠠ ᠪᠡᠶ᠎ᠡ ᠶᠢᠨ ᠢᠯᠡᠷᠡᠯ ᠦᠭᠡᠢ ᠮᠥᠷᠲᠡᠭᠡᠨ CT ᠳᠦᠷᠰᠦ ᠰᠢᠩᠭᠡᠭᠡᠯᠲᠡ ᠶᠢᠨ ᠤᠬᠠᠭᠠᠨ ᠳᠤ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠳᠦᠷᠰᠦ ᠰᠢᠩᠭᠡᠭᠡᠯᠲᠡ ᠶᠢᠨ ᠤᠬᠠᠭᠠᠨ ᠤ ᠣᠨᠴᠠᠯᠢᠭ ᠦᠭᠡᠢ ᠬᠥᠮᠥᠰ ᠢ | ᠵᠢᠭᠠᠵᠤ ᠪᠠᠶᠢᠨ᠎ᠠ᠃ | ᠬᠥᠩᠭᠡᠨ ᠡᠪᠡᠳᠴᠢᠲᠡᠨ ᠨᠢ ᠵᠢᠭᠠᠬᠠᠨ ᠬᠠᠯᠠᠭᠤᠷᠠᠬᠤ᠂ ᠬᠤᠭᠤᠯᠠᠢ ᠬᠠᠲᠠᠬᠤ᠂ ᠬᠤᠭᠤᠯᠠᠢ ᠡᠪᠡᠳᠭᠦ᠂ ᠬᠠᠮᠠᠷ | ᠪᠥᠭᠯᠡᠷᠡᠬᠦ᠂ ᠨᠢᠰᠤ ᠭᠤᠭᠤᠵᠢᠬᠤ ᠵᠡᠷᠭᠡ ᠠᠮᠢᠰᠬᠤᠯ ᠤᠨ ᠳᠡᠭᠡᠳᠦ ᠵᠠᠮ ᠤᠨ ᠬᠠᠯᠳᠠᠪᠤᠷᠢᠯᠠᠯ ᠤᠨ ᠡᠪᠡᠳᠴᠢᠨ ᠤ ᠢᠯᠡᠷᠡᠯ | ᠵᠢᠴᠢ ᠲᠠᠮᠢᠷᠳᠠᠬᠤ᠂ ᠦᠨᠦᠷᠯᠡᠬᠦ ᠰᠡᠷᠡᠯ ᠬᠠᠷᠰᠢᠯᠠᠭᠳᠠᠬᠤ ᠵᠡᠷᠭᠡ ᠡᠪᠡᠳᠴᠢᠨ ᠤ ᠢᠯᠡᠷᠡᠯ ᠭᠠᠷᠬᠤ ᠪᠤᠯᠪᠠᠴᠤ ᠠᠭᠤᠰᠬᠢᠨ | ᠦᠷᠪᠢᠰᠦᠯ ᠤᠨ ᠢᠯᠡᠷᠡᠯ ᠦᠭᠡᠢ᠃ | ᠠᠰᠠᠭᠤᠯᠲᠠ᠄ ᠨᠢᠭᠡ ᠤᠳᠠᠭ᠎ᠠ︽ᠠᠷᠭ᠎ᠠ︾ᠪᠣᠯᠵᠤ ᠥᠩᠭᠡᠷᠡᠭᠰᠡᠨ ᠪᠣᠯ ᠪᠠᠰᠠ︽ᠠᠷᠭ᠎ᠠ︾ ᠪᠤᠯᠬᠤ ᠪᠣᠯᠣᠯᠴᠠᠭ᠎ᠠ | ᠲᠠᠢ ᠦᠦ︖ ᠬᠡᠳᠦᠢ ᠤᠳᠠᠭᠠᠳ ᠬᠤᠶᠠᠳᠠᠭᠢ ᠤᠳᠠᠭ᠎ᠠ ᠬᠠᠯᠳᠠᠪᠤᠷᠢᠯᠠᠬᠤ ᠪᠣᠯᠣᠯᠴᠠᠭ᠎ᠠ ᠲᠠᠢ ᠪᠤᠢ︖ | ᠬᠠᠷᠢᠭᠤᠯᠲᠠ᠄ ᠰᠢᠨ᠎ᠡ ᠲᠢᠲᠢᠮᠯᠢᠭ ᠸᠢᠷᠦ᠋ᠰ ᠲᠤ ᠨᠢᠭᠡ ᠤᠳᠠᠭ᠎ᠠ ᠬᠠᠯᠳᠠᠪᠤᠷᠢᠯᠠᠭᠳᠠᠵᠤ ᠥᠩᠭᠡᠷᠡᠪᠡᠯ᠂ | ᠬᠥᠮᠥᠨ ᠤ ᠪᠡᠶ᠎ᠡ ᠳᠤ ᠪᠦᠷᠢᠯᠳᠦᠭᠰᠡᠨ ᠡᠭᠡᠯᠢᠯᠡᠭᠡ ᠶᠢᠨ ᠴᠢᠳᠠᠪᠤᠷᠢ ᠨᠢ ᠵᠣᠬᠢᠬᠤ ᠬᠡᠮᠵᠢᠶᠡᠨ ᠤ ᠬᠠᠮᠠᠭᠠᠯᠠᠬᠤ ᠦᠢᠯᠡᠳᠦᠯ | ᠦᠵᠡᠭᠦᠯᠳᠡᠭ᠃ ᠭᠡᠪᠡᠴᠦ ᠤᠮᠢᠺᠷᠤᠨ ᠮᠠᠰᠢ ᠲᠦᠷᠭᠡᠨ ᠢᠶᠠᠷ ᠰᠢᠨ᠎ᠡ ᠳᠡᠳ᠋ ᠰᠠᠯᠪᠤᠷᠢ ᠲᠠᠢ ᠪᠣᠯᠵᠤ᠂ ᠨᠡᠯᠢᠶᠡᠳ ᠴᠢᠩᠭ᠎ᠠ | ᠡᠭᠡᠯᠢᠯᠡᠭᠡ ᠠᠴᠠ ᠳᠤᠲᠠᠭᠠᠬᠤ ᠴᠢᠳᠠᠪᠤᠷᠢ ᠲᠠᠢ ᠪᠣᠯᠵᠤ ᠮᠡᠳᠡᠨ᠎ᠡ᠂ ᠡᠷᠡᠭᠦᠯᠵᠢᠭᠰᠡᠳ ᠬᠤᠶᠠᠳᠠᠭᠢ ᠤᠳᠠᠭ᠎ᠠ | ᠬᠠᠯᠳᠠᠪᠤᠷᠢᠯᠠᠭᠳᠠᠬᠤ ᠠᠴᠠ ᠪᠦᠷᠢᠮᠦᠰᠦᠨ ᠵᠠᠶᠢᠯᠠᠰᠬᠢᠵᠦ ᠴᠢᠳᠠᠬᠤ ᠦᠭᠡᠢ ᠶᠤᠮ᠃ | ᠭᠡᠪᠡᠴᠦ᠂ ᠭᠠᠳᠠᠭᠠᠳᠤ ᠶᠢᠨ ᠪᠦᠷᠢᠳᠬᠡᠭᠰᠡᠨ ᠲᠤᠭ᠎ᠠ ᠪᠠᠷᠢᠮᠲᠠ ᠳᠤ ᠬᠠᠷᠠᠭᠤᠯᠤᠭᠰᠠᠨ ᠢᠶᠠᠷ᠂ ᠤᠮᠢᠺᠷᠤᠨ ᠲᠤ | ᠬᠠᠯᠳᠠᠪᠤᠷᠢᠯᠠᠭᠳᠠᠵᠤ ᠥᠩᠭᠡᠷᠡᠭᠰᠡᠨ ᠪᠣᠯ ᠡᠪᠡᠳᠴᠢᠨ ᠤ ᠢᠯᠡᠷᠡᠯ ᠭᠠᠷᠤᠭᠰᠠᠨ ᠡᠰᠡᠬᠦ ᠬᠠᠮᠢᠶ᠎ᠠ ᠦᠭᠡᠢ᠂ 3 ᠠᠴᠠ 6 | ᠰᠠᠷ᠎ᠠ ᠶᠢᠨ ᠳᠣᠲᠣᠷ᠎ᠠ ᠬᠤᠶᠠᠳᠠᠭᠢ ᠤᠳᠠᠭ᠎ᠠ ᠬᠠᠯᠳᠠᠪᠤᠷᠢᠯᠠᠭᠳᠠᠬᠤ ᠲᠣᠬᠢᠶᠠᠯᠳᠤᠮᠵᠢ ᠨᠢ ᠨᠡᠯᠢᠶᠡᠳ ᠳᠣᠣᠷ᠎ᠠ ᠪᠠᠶᠢᠵᠤ᠂ | ᠣᠯᠠᠩᠬᠢ ᠬᠥᠮᠥᠰ ᠨᠡᠯᠢᠶᠡᠳ ᠣᠷᠳᠣ ᠬᠤᠭᠤᠴᠠᠭᠠᠨ ᠳᠤ ᠤᠮᠢᠺᠷᠤᠨ ᠳᠤ ᠳᠠᠭᠢᠨ ᠬᠠᠯᠳᠠᠪᠤᠷᠢᠯᠠᠭᠳᠠᠬᠤ ᠦᠭᠡᠢ ᠶᠤᠮ᠃ | ᠬᠤᠪᠢ ᠬᠥᠮᠥᠨ ᠳᠤ ᠠᠪᠴᠤ ᠬᠡᠯᠡᠪᠡᠯ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠬᠠᠮᠤᠭ ᠤᠨ ᠰᠠᠶᠢᠨ | ᠠᠷᠭ᠎ᠠ ᠪᠣᠯ ᠮᠥᠨ ᠬᠦ ᠠᠮᠠᠪᠴᠢ ᠵᠡᠭᠦᠭᠦ᠂ ᠭᠠᠷ ᠤᠨ ᠡᠷᠡᠭᠦᠯ ᠬᠠᠮᠠᠭᠠᠯᠠᠯ ᠢ ᠠᠩᠬᠠᠷᠬᠤ᠂ ᠨᠡᠶᠢᠭᠡᠮ ᠤᠨ ᠬᠠᠷᠢᠯᠴᠠᠭᠠᠨ ᠤ | ᠵᠠᠢ ᠶᠢ ᠪᠠᠲᠤᠯᠠᠬᠤ ᠵᠡᠷᠭᠡ ᠶᠢ ᠪᠠᠭᠲᠠᠭᠠᠭᠰᠠᠨ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠰᠠᠶᠢᠲᠤᠷ | ᠨᠠᠶᠢᠳᠠᠪᠤᠷᠢᠵᠢᠭᠤᠯᠬᠤ ᠶᠢᠨ ᠬᠠᠮᠲᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠢᠳᠡᠪᠬᠢᠲᠡᠢ ᠳᠠᠷᠢᠵᠤ᠂ | ᠬᠠᠯᠳᠠᠪᠤᠷᠢᠯᠠᠬᠤ ᠠᠶᠤᠯ ᠲᠦᠭᠰᠢᠭᠦᠷᠢ ᠶᠢ ᠪᠠᠭᠤᠷᠠᠭᠤᠯᠬᠤ ᠶᠠᠪᠤᠳᠠᠯ ᠪᠣᠯᠣᠨ᠎ᠠ᠃ | ᠠᠰᠠᠭᠤᠯᠲᠠ᠄ ᠳᠠᠭᠢᠨ ᠳᠠᠪᠲᠠᠨ ᠬᠠᠯᠳᠠᠪᠤᠷᠢᠯᠠᠭᠳᠠᠬᠤ ᠨᠢ ᠡᠪᠡᠳᠴᠢᠨ ᠤ ᠢᠯᠡᠷᠡᠯ ᠢ ᠨᠡᠩ ᠬᠦᠨᠳᠦ ᠪᠤᠯᠭᠠᠬᠤ | ᠦᠦ︖ | ᠬᠠᠷᠢᠭᠤᠯᠲᠠ᠄ ᠳᠠᠭᠢᠨ ᠬᠠᠯᠳᠠᠪᠤᠷᠢᠯᠠᠭᠳᠠᠬᠤ ᠨᠢ ᠨᠡᠩ ᠬᠦᠨᠳᠦ ᠨᠣᠴᠢᠲᠠᠢ ᠡᠮᠴᠢᠯᠡᠭᠡᠨ ᠤ ᠦᠷ᠎ᠡ ᠳ᠋ᠦᠩ | ᠭᠠᠷᠤᠨ᠎ᠠ ᠭᠡᠳᠡᠭ ᠢ ᠣᠳᠣᠬᠠᠨ ᠳᠤ ᠨᠤᠲᠠᠯᠠᠭᠠᠳᠤᠢ ᠪᠠᠶᠢᠭᠰᠠᠭᠠᠷ᠃ ᠣᠳᠣᠬᠠᠨ ᠤ ᠡᠪᠡᠳᠴᠢᠨ ᠤ ᠵᠢᠱᠢᠶ᠎ᠡ ᠠᠴᠠ | ᠦᠵᠡᠪᠡᠯ᠂ ᠣᠨᠴᠠ ᠵᠠᠷᠢᠮ ᠡᠪᠡᠳᠴᠢᠲᠡᠨ ᠳᠠᠭᠢᠨ ᠬᠠᠯᠳᠠᠪᠤᠷᠢᠯᠠᠭᠳᠠᠬᠤ ᠦᠶ᠎ᠡ ᠳᠤ ᠡᠪᠡᠳᠴᠢᠨ ᠤ ᠢᠯᠡᠷᠡᠯ ᠨᠢ | ᠬᠦᠨᠳᠦᠷᠡᠬᠦ ᠬᠠᠨᠳᠤᠰᠢ ᠲᠠᠢ ᠪᠣᠯᠤᠭᠰᠠᠨ ᠴᠤ ᠡᠨᠡ ᠬᠦ ᠬᠠᠷᠢᠴᠠᠯ ᠨᠢ ᠮᠠᠰᠢ ᠳᠣᠣᠷ᠎ᠠ ᠪᠠᠶᠢᠳᠠᠭ᠃ ᠤᠮᠢᠺᠷᠤᠨ | ᠸᠢᠷᠦ᠋ᠰ ᠤᠨ ᠡᠪᠡᠳᠴᠢᠨ ᠡᠭᠦᠰᠬᠡᠬᠦ ᠬᠦᠴᠦᠨ ᠨᠢ ᠪᠠᠭᠤᠷᠠᠵᠤ ᠪᠠᠶᠢᠨ᠎ᠠ᠂ ᠠᠩᠬ᠎ᠠ ᠤᠳᠠᠭ᠎ᠠ ᠬᠠᠯᠳᠠᠪᠤᠷᠢᠯᠠᠭᠰᠠᠨ ᠴᠤ | ᠲᠡᠷᠡ᠂ ᠳᠠᠭᠢᠨ ᠬᠠᠯᠳᠠᠪᠤᠷᠢᠯᠠᠭᠰᠠᠨ ᠴᠤ ᠲᠡᠷᠡ᠂ ᠬᠦᠨᠳᠦ ᠡᠪᠡᠳᠴᠢᠨ ᠡᠭᠦᠰᠭᠦ ᠲᠣᠬᠢᠶᠠᠯᠳᠤᠮᠵᠢ ᠨᠢ ᠴᠥᠮ ᠮᠠᠰᠢ | ᠳᠣᠣᠷ᠎ᠠ ᠶᠤᠮ᠃ | ︵ᠰᠢᠨᠬᠤᠸᠠ ᠬᠤᠷᠢᠶᠠᠨ ᠤ ᠪᠡᠭᠡᠵᠢᠩ ᠤᠨ 12 ᠰᠠᠷ᠎ᠠ ᠶᠢᠨ 12 ᠤᠨ ᠴᠠᠭᠢᠯᠭᠠᠨ ᠮᠡᠳᠡᠭᠡ︶ |