ᠭᠦᠭᠡᠬᠤᠲᠠ᠄ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠲᠣᠭᠲᠠᠭᠤᠨ ᠪᠠᠶᠢᠬᠤ ᠶᠢ ᠪᠠᠲᠤᠯᠠᠵᠤ ᠠᠵᠤ ᠠᠬᠤᠶᠢᠯᠠᠯ ᠤᠨ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2022/12/23
    11 ᠰᠠᠷ᠎ᠠ ᠶᠢᠨ 13 ᠤ ᠡᠳᠦᠷ᠂ ᠰᠤᠷᠪᠤᠯᠵᠢᠯᠠᠬᠴᠢ ᠭᠦᠭᠡᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ︵73 ᠳ᠋ᠤᠭᠠᠷ ᠲᠠᠯᠠᠪᠠᠢ︶ ᠠᠴᠠ ᠣᠶᠢᠯᠠᠭᠠᠭᠰᠠᠨ ᠢᠶᠠᠷ᠂ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ  ᠶᠢ ᠤᠯᠠᠮ ᠴᠢᠨᠠᠭᠰᠢᠳᠠ ᠰᠢᠯᠢᠳᠡᠭᠵᠢᠭᠦᠯᠵᠦ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠣᠨᠣᠴᠠᠲᠠᠢ ᠰᠠᠶᠢᠲᠤᠷ ᠬᠢᠬᠦ ᠲᠤᠬᠠᠢ ᠮᠡᠳᠡᠭᠳᠡᠯ︾ ᠢ ᠨᠡᠶᠢᠲᠡᠯᠡᠭᠰᠡᠨ ᠤ ᠳᠠᠷᠠᠭ᠎ᠠ᠂ ᠭᠦᠭᠡᠬᠤᠲᠠ ᠠᠵᠤ ᠠᠬᠤᠶᠢᠯᠠᠯ ᠪᠣᠯᠣᠨ ᠬᠦᠷᠢᠶᠡᠯᠡᠩ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ  ᠢ ᠵᠤᠷᠪᠤᠰ ᠳᠠᠷᠠᠭᠠᠯᠠᠨ ᠡᠮᠬᠢᠯᠡᠵᠦ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠪᠠᠶᠢᠳᠠᠯ ᠢ ᠤᠯᠠᠮ ᠴᠢᠨᠠᠭᠰᠢᠳᠠ ᠣᠶᠢᠯᠠᠭᠠᠭᠰᠠᠨ ᠰᠠᠭᠤᠷᠢᠨ ᠳᠡᠭᠡᠷ᠎ᠡ᠂ ᠡᠯ᠎ᠡ ᠵᠦᠢᠯ  ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠭᠦᠨᠵᠡᠭᠡᠶᠢᠷᠡᠭᠦᠯᠪᠡ᠃      ᠨᠢᠭᠡ ᠳᠤ᠂ ᠰᠡᠷᠭᠡᠶᠢᠯᠡᠨ ᠡᠵᠡᠮᠳᠡᠵᠦ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠴᠢᠩᠭᠠᠳᠬᠠᠨ᠎ᠠ᠃ ᠬᠤᠲᠠ᠂ ᠰᠢᠶᠠᠨ ︵ᠬᠦᠷᠢᠶᠡᠯᠡᠩ ᠲᠣᠭᠤᠷᠢᠭ︶᠂ ᠠᠵᠤ ᠠᠬᠤᠶᠢᠯᠠᠯ ᠭᠤᠷᠪᠠᠨ ᠱᠠᠲᠤᠨ ᠤ ᠲᠤᠰᠬᠠᠢ ᠠᠩᠭᠢ ᠶᠢᠨ ᠠᠵᠢᠯᠲᠠᠨ ᠤ ᠬᠦᠴᠦᠨ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠭᠤᠷᠪᠠᠨ ᠱᠠᠲᠤᠨ ᠤ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠢᠵᠢᠯᠢ ᠠᠯᠬᠤᠮ ᠢᠶᠠᠷ ᠬᠢᠵᠦ᠂ ᠵᠡᠷᠭᠡ ᠪᠠᠷ ᠴᠤᠤᠷᠢᠶᠠᠲᠤᠨ᠂ ᠬᠠᠮᠲᠤ ᠪᠠᠷ ᠠᠳᠬᠤᠨ ᠬᠠᠮᠲᠤ ᠪᠠᠷ ᠰᠡᠷᠭᠡᠶᠢᠯᠡᠵᠦ᠂ ᠰᠡᠷᠭᠡᠶᠢᠯᠡᠨ ᠡᠵᠡᠮᠳᠡᠬᠦ ᠠᠵᠢᠯ ᠤᠨ ᠨᠡᠶᠢᠯᠡᠮᠡᠯ ᠬᠦᠴᠦᠨ ᠢ ᠦᠨᠡᠨ ᠬᠦ ᠪᠦᠷᠢᠯᠳᠦᠭᠦᠯᠦᠨ᠎ᠡ᠃ ᠡᠭᠦᠨ ᠤ ᠬᠠᠮᠲᠤ ᠬᠦᠷᠢᠶᠡᠯᠡᠩ ᠲᠣᠭᠤᠷᠢᠭ᠂ ᠠᠵᠤ ᠠᠬᠤᠶᠢᠯᠠᠯ ᠢ ︽ᠬᠤᠷᠢᠨ ᠵᠦᠢᠯ ᠤᠨ ᠠᠷᠭ᠎ᠠ ᠬᠡᠮᠵᠢᠶ᠎ᠡ︾  ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠨᠢᠭᠡᠨᠲᠡ ᠲᠣᠭᠲᠠᠭᠠᠭᠰᠠᠨ ︽ᠨᠢᠭᠡ ᠠᠵᠤ ᠠᠬᠤᠶᠢᠯᠠᠯ  ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ︾᠂ ︽ᠨᠢᠭᠡ ᠬᠦᠷᠢᠶᠡᠯᠡᠩ ᠲᠣᠭᠤᠷᠢᠭ ᠲᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ︾ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠥᠰᠥᠯ ᠤᠨ ᠠᠷᠭ᠎ᠠ ᠬᠡᠮᠵᠢᠶ᠎ᠡ ᠨᠢᠭᠡ ᠪᠦᠷᠢ ᠶᠢ ᠴᠢᠩᠭ᠎ᠠ ᠠᠴᠠ ᠴᠢᠩᠭ᠎ᠠ᠂ ᠨᠠᠷᠢᠯᠢᠭ ᠠᠴᠠ ᠨᠠᠷᠢᠯᠢᠭ ᠲᠡᠭᠦᠯᠳᠡᠷᠵᠢᠭᠦᠯᠵᠦ᠂ ᠪᠠᠭᠤᠷᠠᠢ ᠭᠤᠭᠴᠤᠭ᠎ᠠ ᠳᠤ ᠭᠤᠣᠯᠳᠠᠯᠭ᠎ᠠ ᠲᠠᠢ ᠴᠢᠭᠯᠡᠭᠦᠯᠦᠨ᠂ ᠪᠢᠲᠡᠭᠦᠮᠵᠢᠯᠡᠭᠰᠡᠨ ᠬᠠᠮᠢᠶᠠᠷᠤᠯᠲᠠ᠂ ᠵᠢᠵᠢᠭᠦᠷᠯᠡᠨ ᠰᠠᠬᠢᠬᠤ᠂ ᠬᠥᠮᠥᠨ ᠪᠠ ᠲᠡᠷᠭᠡ ᠣᠷᠣᠵᠤ ᠭᠠᠷᠬᠤ᠂ ᠦᠢᠯᠡᠳᠪᠦᠷᠢ ᠶᠢᠨ ᠲᠣᠭᠤᠷᠢᠭ ᠢ ᠬᠠᠮᠢᠶᠠᠷᠤᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠲᠤᠰᠬᠠᠢ ᠬᠥᠮᠥᠨ ᠲᠤᠰᠬᠠᠢ ᠠᠵᠢᠯ ᠤᠨ ᠪᠠᠶᠢᠷᠢ ᠶᠢ ᠲᠣᠳᠣᠷᠬᠠᠶᠢᠯᠠᠨ᠂ ᠠᠴᠢᠶᠠᠨ ᠤ ᠲᠡᠷᠭᠡ ᠦᠢᠯᠡᠳᠪᠦᠷᠢ ᠶᠢᠨ ᠲᠣᠭᠤᠷᠢᠭ ᠲᠤ ᠣᠷᠣᠬᠤ ᠠᠴᠠ ᠡᠮᠦᠨ᠎ᠡ ᠪᠦᠭᠦ ᠲᠠᠯ᠎ᠠ ᠪᠠᠷ ᠠᠷᠢᠭᠤᠳᠬᠠᠬᠤ ᠪᠠ ᠬᠥᠮᠥᠰ ᠲᠤ ᠠᠨᠲ᠋ᠢᠪᠤᠳᠢ ᠶᠢᠨ ᠤᠷᠪᠠᠯ ᠤᠨ ᠪᠠᠶᠢᠴᠠᠭᠠᠯᠲᠠ ᠬᠢᠵᠦ᠂ ᠪᠠᠷᠠᠭ᠎ᠠ ᠪᠠᠭᠤᠯᠭᠠᠬᠤ ᠲᠣᠭᠤᠷᠢᠭ ᠲᠤ ᠣᠷᠣᠭᠰᠠᠨ ᠵᠢᠯᠣᠭᠤᠴᠢ ᠪᠠ ᠲᠡᠷᠭᠡᠨ ᠳᠤ ᠰᠠᠭᠤᠭᠰᠠᠨ ᠬᠥᠮᠥᠰ ᠤᠨ ︽ᠬᠥᠮᠥᠨ ᠨᠢ ᠲᠡᠷᠭᠡᠨ ᠠᠴᠠ ᠰᠠᠯᠬᠤ ᠦᠭᠡᠢ᠂ ᠳᠠᠷᠤᠶᠢᠬᠠᠨ ᠬᠦᠷᠭᠡᠵᠦ ︵ᠠᠴᠢᠶᠠᠯᠠᠬᠤ︶ ᠳᠠᠷᠤᠶᠢᠬᠠᠨ ᠶᠠᠪᠤᠬᠤ︾ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠤᠭᠰᠠᠨ ᠡᠰᠡᠬᠦ ᠶᠢ ᠪᠦᠭᠦ ᠶᠠᠪᠤᠴᠠ ᠪᠠᠷ ᠬᠢᠨᠠᠯᠲᠠ ᠲᠠᠯᠪᠢᠨ ᠬᠢᠨᠠᠨ ᠰᠠᠬᠢᠵᠤ᠂ ᠦᠢᠯᠡᠳᠪᠦᠷᠢ ᠶᠢᠨ ᠲᠣᠭᠤᠷᠢᠭ ᠤᠨ ᠨᠢᠭᠡᠳᠦᠭᠡᠷ ᠪᠣᠭᠤᠮᠲᠠ ᠶᠢ ᠪᠠᠲᠤ ᠰᠠᠬᠢᠬᠤ ᠶᠢ ᠦᠨᠡᠨ ᠬᠦ ᠪᠠᠲᠤᠯᠠᠨ᠎ᠠ᠃      ᠬᠤᠶᠠᠷ ᠲᠤ᠂ ᠡᠯ᠎ᠡ ᠲᠠᠯ᠎ᠠ  ᠶᠢᠨ ᠬᠠᠷᠢᠭᠤᠴᠠᠯᠭ᠎ᠠ  ᠶᠢ ᠴᠢᠩᠭᠠᠳᠬᠠᠨ ᠪᠣᠳᠠᠲᠠᠶᠢᠵᠢᠭᠤᠯᠤᠨ᠎ᠠ᠃ ᠬᠦᠷᠢᠶᠡᠯᠡᠩ ᠲᠣᠭᠤᠷᠢᠭ ᠪᠣᠯᠣᠨ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠷᠢᠯᠢᠭ ᠪᠣᠳᠠᠲᠠᠢ ᠨᠠᠶᠢᠳᠠᠪᠤᠷᠢᠵᠢᠭᠤᠯᠬᠤ ᠶᠢ ᠱᠠᠯᠠᠪᠳᠠᠭᠤᠯᠤᠨ ᠱᠠᠭᠠᠷᠳᠠᠵᠤ᠂ ᠬᠠᠮᠢᠶᠠᠷᠤᠯᠲᠠ ᠶᠢᠨ ᠳᠠᠪᠬᠤᠷᠭ᠎ᠠ᠂ ᠦᠢᠯᠡᠳᠪᠦᠷᠢ ᠶᠢᠨ ᠲᠠᠰᠤᠭ ᠡᠭᠡᠯᠵᠢ ᠳᠤᠭᠤᠶᠢᠯᠠᠩ᠂ ᠡᠮᠦᠨ᠎ᠡ ᠹᠷᠣᠨᠲ ᠤᠨ ᠠᠵᠢᠯᠲᠠᠨ ᠠᠵᠢᠯᠴᠢᠨ ᠤ ᠠᠵᠢᠯ ᠤᠨ ᠪᠠᠶᠢᠷᠢ ᠶᠢᠨ ᠲᠤᠰᠢᠶᠠᠯ ᠬᠠᠷᠢᠭᠤᠴᠠᠯᠭ᠎ᠠ ᠶᠢ ᠤᠯᠠᠮ ᠴᠢᠨᠠᠭᠰᠢᠳᠠ ᠨᠠᠷᠢᠯᠢᠭ ᠬᠤᠪᠢᠶᠠᠵᠤ᠂ ᠬᠡᠷᠡᠭᠵᠢᠭᠦᠯᠬᠦ ᠭᠤᠭᠴᠤᠭ᠎ᠠ ᠳᠤ ︽ᠤᠯᠠᠨ ᠲᠠᠯ᠎ᠠ ᠠᠴᠠ ᠵᠢᠯᠤᠭᠤᠳᠬᠤ︾᠂ ︽ᠨᠢᠭᠡ ᠬᠥᠮᠥᠨ ᠤᠯᠠᠨ ᠠᠵᠢᠯ ᠤᠨ ᠪᠠᠶᠢᠷᠢ ᠲᠠᠢ ᠪᠠᠶᠢᠬᠤ︾ ᠠᠰᠠᠭᠤᠳᠠᠯ ᠭᠠᠷᠬᠤ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃ ᠠᠵᠤ ᠠᠬᠤᠶᠢᠯᠠᠯ ᠢ ᠵᠢᠯᠣᠭᠤᠳᠤᠨ ︽ᠨᠢᠭᠡ ᠪᠢᠴᠢᠭ᠂ ᠬᠤᠶᠠᠷ ᠨᠠᠷᠢᠨ ᠲᠠᠩᠰᠠ᠂ ᠭᠤᠷᠪᠠᠨ ᠲᠡᠮᠳᠡᠭᠯᠡᠯ︾᠂ ᠲᠤᠬᠠᠶᠢᠯᠠᠪᠠᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠠᠯᠠᠯᠲᠠ ᠶᠢᠨ ᠪᠢᠴᠢᠭ᠂ ᠠᠵᠢᠯᠲᠠᠨ ᠤ ᠮᠡᠳᠡᠭᠡ ᠵᠠᠩᠭᠢ ᠶᠢᠨ ᠡᠬᠡ ᠲᠠᠩᠰᠠ ᠶᠢᠨ ᠨᠠᠷᠢᠨ ᠲᠠᠩᠰᠠ᠂ ᠰᠡᠷᠭᠡᠶᠢᠯᠡᠨ ᠡᠵᠡᠮᠳᠡᠬᠦ ᠡᠳ᠋ ᠪᠣᠳᠠᠰ ᠤᠨ ᠨᠠᠷᠢᠨ ᠲᠠᠩᠰᠠ᠂ ᠠᠷᠢᠭᠤᠳᠬᠠᠨ ᠠᠷᠢᠯᠭᠠᠭᠰᠠᠨ ᠲᠡᠮᠳᠡᠭᠯᠡᠯ᠂ ᠣᠷᠣᠵᠤ ᠭᠠᠷᠤᠭᠰᠠᠨ ᠲᠡᠮᠳᠡᠭᠯᠡᠯ᠂ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢᠨ ᠲᠡᠮᠳᠡᠭᠯᠡᠯ ᠢ ᠪᠦᠷᠢᠨᠰᠢᠭᠦᠯᠵᠦ᠂ ᠦᠢᠯᠡᠳᠪᠦᠷᠢ ᠳᠤ ᠣᠷᠣᠬᠤ ᠵᠠᠮ ᠱᠤᠭᠤᠮ ᠤᠨ ᠬᠠᠮᠢᠶᠠᠷᠤᠯᠲᠠ᠂ ᠴᠢᠳᠠᠮᠵᠢᠲᠤ ᠣᠷᠣᠨ ᠤ ᠲᠤᠤᠷᠵᠢᠬᠰᠠᠨ ᠬᠤᠪᠢᠶᠠᠷᠢᠯᠠᠯ᠂ ᠦᠢᠯᠡᠳᠪᠦᠷᠢᠯᠡᠯ ᠤᠨ ᠪᠦᠭᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠠᠴᠠ ᠭᠠᠷᠳᠠᠵᠤ᠂ ᠪᠦᠭᠦ ᠭᠤᠭᠴᠤᠭ᠎ᠠ᠂ ᠪᠦᠭᠦ ᠶᠠᠪᠤᠴᠠ ᠶᠢᠨ ᠰᠡᠷᠭᠡᠶᠢᠯᠡᠨ ᠡᠵᠡᠮᠳᠡᠬᠦ ᠠᠰᠠᠭᠤᠳᠠᠯ ᠤᠨ ᠡᠬᠡ ᠲᠠᠩᠰᠠ ᠶᠢ ᠪᠠᠶᠢᠭᠤᠯᠵᠤ᠂ ᠬᠠᠷᠢᠭᠤᠴᠠᠯᠭᠠᠲᠠᠨ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠣᠯᠣᠨ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠳ᠋ᠦᠩ ᠢ ᠲᠣᠳᠣᠷᠬᠠᠶᠢᠯᠠᠨ᠎ᠠ᠃      ᠭᠤᠷᠪᠠ ᠳᠤ᠂ ᠠᠵᠢᠯ ᠤᠨ ᠪᠠᠶᠢᠷᠢ ᠳᠠᠭᠠᠨ ᠪᠤᠴᠠᠭᠰᠠᠳ ᠢ ᠬᠢᠨᠠᠨ ᠪᠠᠶᠢᠴᠠᠭᠠᠬᠤ ᠶᠢ ᠴᠢᠩᠭᠠᠳᠬᠠᠨ᠎ᠠ᠃ ᠭᠦᠭᠡᠬᠤᠲᠠ ᠠᠴᠠ  ᠲᠣᠭᠲᠠᠭᠠᠭᠰᠠᠨ ︽ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠠᠵᠢᠯ ᠤᠨ ᠪᠠᠶᠢᠷᠢ ᠳᠠᠭᠠᠨ ᠪᠤᠴᠠᠵᠤ ᠠᠵᠢᠯ ᠢᠶᠠᠨ ᠰᠡᠷᠭᠦᠭᠡᠬᠦ  ᠳᠠᠷᠠᠭᠠᠯᠠᠯ︾  ᠤᠨ ᠶᠣᠰᠣᠭᠠᠷ᠂ ᠨᠥᠬᠦᠴᠡᠯ ᠳᠤ ᠨᠡᠶᠢᠴᠡᠭᠦ ᠠᠵᠢᠯ ᠤᠨ ᠪᠠᠶᠢᠷᠢ ᠳᠠᠭᠠᠨ ᠪᠤᠴᠠᠬᠤ ᠬᠥᠮᠥᠰ ᠤᠨ ᠮᠡᠳᠡᠭᠡ ᠵᠠᠩᠭᠢ ᠶᠢ ᠴᠢᠩᠭ᠎ᠠ ᠬᠢᠨᠠᠨ ᠬᠠᠷᠭᠤᠭᠤᠯᠤᠭᠰᠠᠨ ᠰᠠᠭᠤᠷᠢᠨ ᠳᠡᠭᠡᠷ᠎ᠡ᠂ ᠬᠤᠲᠠ ᠰᠢᠶᠠᠨ ᠬᠤᠶᠠᠷ ᠱᠠᠲᠤᠨ ᠤ ᠲᠤᠰᠬᠠᠢ ᠠᠩᠭᠢ ᠶᠢᠨ ᠬᠢᠨᠠᠨ ᠬᠠᠷᠭᠤᠭᠤᠯᠤᠭᠰᠠᠨ ᠰᠠᠨᠠᠯ ᠪᠠ ᠰᠠᠭᠤᠭ᠎ᠠ ᠭᠠᠵᠠᠷ ᠤᠨ ᠨᠡᠶᠢᠭᠡᠮ ᠲᠣᠭᠤᠷᠢᠭ ᠤᠨ ᠰᠤᠳᠤᠯᠤᠨ ᠮᠠᠭᠠᠳᠯᠠᠭᠰᠠᠨ ᠰᠠᠨᠠᠯ ᠢ ᠶᠡᠷᠦᠩᠬᠡᠶᠢᠯᠡᠨ᠂ ᠠᠵᠢᠯᠴᠢᠨ ᠤ ᠦᠢᠯᠡᠳᠪᠦᠷᠢ ᠳᠡᠭᠡᠨ ᠪᠤᠴᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠠᠵᠢᠯ ᠤᠨ ᠪᠠᠶᠢᠷᠢ ᠳᠠᠭᠠᠨ ᠪᠤᠴᠠᠵᠤ ᠠᠵᠢᠯ  ᠢᠶᠠᠨ ᠰᠡᠷᠭᠦᠭᠡᠬᠦ  ᠶᠢ ᠢᠳᠡᠪᠬᠢᠲᠡᠢ ᠪᠥᠭᠡᠳ ᠡᠮᠬᠢ ᠵᠢᠷᠤᠮ ᠲᠠᠢ ᠪᠠᠷ ᠬᠠᠪᠰᠤᠷᠴᠤ᠂ ᠠᠵᠤ ᠠᠬᠤᠶᠢᠯᠠᠯ ᠤᠨ ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠳᠤ ᠬᠢᠨᠠᠯᠲᠠ ᠲᠠᠯᠪᠢᠨ᠎ᠠ᠃      ᠳᠥᠷᠪᠡ ᠳᠤ᠂ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠲᠣᠭᠲᠠᠭᠤᠨ ᠪᠠᠶᠢᠬᠤ ᠶᠢ ᠪᠠᠲᠤᠯᠠᠨ᠎ᠠ᠃ ᠠᠵᠤ ᠠᠬᠤᠶᠢᠯᠠᠯ ᠤᠨ ᠵᠠᠩᠭᠢᠯᠠᠭ᠎ᠠ ᠶᠢᠨ ᠠᠵᠢᠯ ᠤᠨ ᠪᠠᠶᠢᠷᠢ᠂ ᠵᠠᠩᠭᠢᠯᠠᠭ᠎ᠠ ᠶᠢᠨ ᠠᠵᠢᠯ ᠤᠨ ᠳᠠᠷᠠᠭᠠᠯᠠᠯ ᠳᠤ ᠠᠩᠬᠠᠷᠤᠯ ᠢᠶᠠᠨ ᠲᠥᠪᠯᠡᠷᠡᠭᠦᠯᠦᠨ ᠠᠵᠢᠯ ᠤᠨ ᠪᠠᠶᠢᠷᠢ ᠶᠢᠨ ᠡᠭᠡᠯᠵᠢ ᠠᠵᠢᠯ ᠤᠨ ᠪᠠᠶᠢᠷᠢ ᠶᠢᠨ ᠪᠡᠯᠡᠳᠬᠡᠯ ᠤᠨ ᠪᠠᠲᠤᠯᠠᠭ᠎ᠠ ᠬᠢᠬᠦ ᠶᠢ ᠵᠢᠯᠤᠭᠤᠳᠴᠤ᠂ ᠨᠠᠭᠠᠲᠤ ᠵᠠᠬ᠎ᠠ ᠳᠠᠭᠠᠨ 2 ᠡᠭᠡᠯᠵᠢ ᠶᠢᠨ ᠳᠤᠭᠤᠶᠢᠯᠠᠩ ᠲᠣᠬᠢᠷᠠᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ 1 ᠰᠠᠯᠠᠭ᠎ᠠ ᠡᠩᠨᠡᠭᠡ  ᠶᠢ ᠨᠥᠭᠡᠴᠡᠯᠡᠵᠦ᠂ ᠠᠵᠢᠯᠲᠠᠨ ᠠᠵᠢᠯᠴᠢᠨ ᠤ ᠳᠠᠭᠠᠭᠠᠴᠠ ᠠᠴᠠ ᠬᠡᠲᠦᠷᠡᠲᠡᠯ᠎ᠡ ᠠᠵᠢᠯᠯᠠᠬᠤ᠂ ᠡᠷᠴᠢᠮ ᠶᠡᠬᠡᠲᠡᠢ ᠠᠵᠢᠯᠯᠠᠬᠤ ᠶᠢ ᠴᠢᠩᠭ᠎ᠠ ᠴᠠᠭᠠᠵᠠᠯᠠᠨ᠎ᠠ᠃ ᠠᠵᠤ ᠠᠬᠤᠶᠢᠯᠠᠯ ᠢ ᠵᠢᠯᠤᠭᠤᠳᠴᠤ ᠪᠠᠶᠢᠭᠠᠳ ᠦᠢᠯᠡᠳᠪᠦᠷᠢ ᠶᠢᠨ ᠲᠣᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠪᠦᠭᠦ ᠲᠠᠯ᠎ᠠ ᠪᠠᠷ ᠪᠢᠲᠡᠭᠦᠮᠵᠢᠯᠡᠬᠦ ᠪᠠ ︽ᠬᠤᠶᠠᠷ ᠴᠡᠭ ᠨᠢᠭᠡ ᠱᠤᠭᠤᠮ︾  ᠤᠨ ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠵᠠᠭᠪᠤᠷ ᠢ ᠲᠠᠰᠤᠷᠠᠯᠲᠠ ᠦᠭᠡᠢ ᠰᠢᠯᠢᠳᠡᠭᠵᠢᠭᠦᠯᠦᠨ ᠲᠡᠭᠦᠯᠳᠡᠷᠵᠢᠭᠦᠯᠦᠨ᠎ᠡ᠃ ︽ᠬᠡᠨ ᠠᠵᠢᠯᠴᠢᠨ ᠬᠡᠷᠡᠭᠯᠡᠭᠰᠡᠨ ᠪᠣᠯ ᠲᠡᠷᠡ ᠬᠠᠷᠢᠭᠤᠴᠠᠬᠤ᠂ ᠬᠡᠨ ᠬᠥᠮᠥᠨ ᠲᠣᠮᠢᠯᠠᠭᠰᠠᠨ ᠪᠣᠯ ᠲᠡᠷᠡ ᠬᠠᠷᠢᠭᠤᠴᠠᠬᠤ︾ ᠵᠠᠷᠴᠢᠮ ᠶᠣᠰᠣᠭᠠᠷ᠂ ᠭᠤᠷᠪᠠᠳᠠᠭᠢ ᠡᠲᠡᠭᠡᠳ ᠲᠠᠢ ᠬᠠᠮᠲᠤ ᠪᠠᠷ ᠭᠠᠳᠠᠭᠰᠢ ᠳᠠᠭᠠᠭᠠᠴᠢᠯᠠᠭᠰᠠᠨ ᠬᠥᠮᠥᠰ ᠢ ᠬᠠᠮᠢᠶᠠᠷᠴᠤ᠂ ᠦᠢᠯᠡᠳᠪᠦᠷᠢ ᠳᠤ ᠣᠷᠣᠭᠰᠠᠨ ᠤ ᠳᠠᠷᠠᠭ᠎ᠠ ᠠᠵᠤ ᠠᠬᠤᠶᠢᠯᠠᠯ ᠤᠨ ᠪᠢᠲᠡᠭᠦᠮᠵᠢᠯᠡᠭᠰᠡᠨ ᠬᠠᠮᠢᠶᠠᠷᠤᠯᠲᠠ  ᠶᠢᠨ ᠬᠡᠪᠴᠢᠶᠡᠨ  ᠳᠤ ᠨᠢᠭᠡᠳᠦᠯᠲᠡᠢ ᠣᠷᠣᠭᠤᠯᠤᠨ᠎ᠠ᠃      ᠲᠠᠪᠤ ᠳᠤ᠂ ᠠᠵᠤ ᠠᠬᠤᠶᠢᠯᠠᠯ ᠤᠨ ᠬᠦᠴᠢᠷᠳᠡᠯ ᠢ ᠨᠢ ᠢᠳᠡᠪᠬᠢᠲᠡᠢ ᠰᠢᠢᠳᠪᠦᠷᠢᠯᠡᠵᠦ ᠥᠭᠭᠦᠨ᠎ᠡ᠃ ᠥᠪᠡᠷᠲᠡᠭᠡᠨ ᠵᠠᠰᠠᠬᠤ ᠣᠷᠣᠨ ᠪᠠ ᠭᠦᠭᠡᠬᠤᠲᠠ ᠶᠢᠨ ᠭᠤᠣᠯᠳᠠᠯᠭ᠎ᠠ ᠲᠠᠢ ᠡᠳ᠋ ᠪᠣᠳᠠᠰ ᠤᠨ ᠲᠡᠭᠡᠭᠡᠪᠦᠷᠢ ᠶᠢᠨ ᠲᠡᠷᠭᠡ ᠬᠥᠰᠬᠡ ᠶᠢᠨ ᠨᠡᠪᠲᠡᠷᠡᠬᠦ ᠦᠨᠡᠮᠯᠡᠯ ᠢ ᠭᠤᠶᠤᠴᠢᠯᠠᠨ ᠠᠪᠬᠤ ᠪᠠ ᠲᠠᠷᠬᠠᠭᠠᠬᠤ ᠠᠵᠢᠯ ᠢ ᠴᠢᠩᠭ᠎ᠠ ᠪᠥᠭᠡᠳ ᠥᠨᠳᠥᠷ ᠪᠦᠲᠦᠮᠵᠢᠲᠡᠶ ᠰᠠᠶᠢᠲᠤᠷ ᠬᠢᠵᠦ᠂ ᠠᠵᠤ ᠠᠬᠤᠶᠢᠯᠠᠯ ᠤᠨ ᠲᠡᠭᠡᠭᠡᠪᠦᠷᠢ ᠬᠠᠷᠰᠢᠯᠠᠭᠳᠠᠵᠤ ᠪᠠᠶᠢᠭ᠎ᠠ ᠠᠰᠠᠭᠤᠳᠠᠯ ᠢ ᠢᠳᠡᠪᠬᠢᠲᠡᠢ ᠵᠣᠬᠢᠴᠠᠭᠤᠯᠤᠨ ᠰᠢᠢᠳᠪᠦᠷᠢᠯᠡᠵᠦ᠂ ᠪᠦᠭᠦ ᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠡᠨᠧᠷᠭᠢ ᠶᠢᠨ ᠡᠳ᠋ ᠪᠣᠳᠠᠰ᠂ ᠦᠢᠯᠡᠳᠪᠦᠷᠢᠯᠡᠯ ᠤᠨ ᠡᠳ᠋ ᠪᠣᠳᠠᠰ ᠤᠨ ᠲᠡᠭᠡᠭᠡᠪᠦᠷᠢ ᠶᠢᠨ ᠰᠠᠭᠠᠳ ᠦᠭᠡᠢ ᠨᠡᠪᠲᠡᠷᠡᠬᠦ ᠶᠢ ᠦᠨᠡᠨ ᠬᠦ ᠪᠠᠲᠤᠯᠠᠨ᠎ᠠ᠃ ᠥᠪᠡᠷᠲᠡᠭᠡᠨ ᠵᠠᠰᠠᠬᠤ ᠣᠷᠣᠨ ᠠᠴᠠ ᠨᠡᠶᠢᠲᠡᠯᠡᠭᠰᠡᠨ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ︽ᠴᠠᠭᠠᠨ ᠲᠠᠩᠰᠠ︾ ᠶᠢ ᠬᠢᠨᠠᠨ ᠬᠡᠮᠵᠢᠨ ᠲᠣᠬᠢᠷᠠᠭᠤᠯᠵᠤ᠂ ︽ᠴᠠᠭᠠᠨ ᠲᠠᠩᠰᠠ︾ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ ᠥᠯᠥ ᠪᠠᠭᠠᠰᠬᠠᠬᠤ ᠦᠯᠦ ᠵᠣᠭᠰᠤᠭᠠᠬᠤ ᠶᠢ ᠪᠦᠭᠦ ᠬᠦᠴᠦᠨ ᠢᠶᠠᠷ ᠪᠠᠲᠤᠯᠠᠨ᠎ᠠ᠃ ᠬᠢᠵᠢᠭ ᠤᠨ ᠪᠠᠶᠢᠳᠠᠯ ᠠᠴᠠ ᠪᠣᠯᠵᠤ ᠦᠢᠯᠡᠳᠪᠦᠷᠢᠯᠡᠯ ᠢᠶᠠᠨ ᠵᠣᠭᠰᠣᠭᠰᠠᠨ ᠠᠵᠤ ᠠᠬᠤᠶᠢᠯᠠᠯ ᠤᠨ ᠪᠣᠳᠠᠲᠠᠢ ᠬᠦᠴᠢᠷᠳᠡᠯ ᠪᠣᠯᠣᠨ ᠭᠤᠣᠯ ᠪᠤᠯᠬᠤ ᠬᠦᠰᠡᠯ ᠱᠠᠭᠠᠷᠳᠠᠯᠭ᠎ᠠ ᠶᠢ ᠪᠠᠶᠢᠴᠠᠭᠠᠨ ᠣᠶᠢᠯᠠᠭᠠᠵᠤ᠂ ᠥᠪᠡᠷᠲᠡᠭᠡᠨ ᠵᠠᠰᠠᠬᠤ ᠣᠷᠣᠨ ᠪᠣᠯᠣᠨ ᠭᠦᠭᠡᠬᠤᠲᠠ ᠶᠢᠨ ᠠᠵᠤ ᠠᠬᠤᠶᠢᠯᠠᠯ ᠳᠤ ᠠᠰᠢᠭ ᠬᠦᠷᠲᠡᠭᠡᠵᠦ ᠬᠦᠴᠢᠷᠳᠡᠯ ᠢ ᠨᠢ ᠰᠢᠢᠳᠪᠦᠷᠢᠯᠡᠬᠦ ᠬᠠᠮᠤᠭ ᠤᠨ ᠰᠢᠨ᠎ᠡ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠳᠤ ᠰᠢᠨᠵᠢᠯᠡᠬᠦ ᠤᠬᠠᠭᠠᠨᠴᠢ ᠡᠮᠬᠢ ᠵᠢᠷᠤᠮ ᠲᠠᠢ ᠪᠠᠷ ᠬᠦᠴᠦᠨ ᠨᠡᠮᠡᠷᠢᠯᠡᠨ᠎ᠡ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ  ᠶᠢᠨ ᠵᠥᠪᠯᠡᠯ ᠤᠨ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号