ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/12/28
    12 ᠳ᠋ᠤᠭᠠᠷ ᠰᠠᠷ᠎ᠠ ᠶᠢᠨ27 ᠤ ᠡᠳᠦᠷ᠂ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ ᠨᠢ ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠠᠰᠠᠷ ᠲᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠬᠡᠯᠪᠡᠷᠢ ᠪᠠᠷ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃      ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ ᠪᠣᠯ ᠦᠴᠦᠸᠠᠨ ᠰᠢᠶᠠᠨ ᠤ ᠰᠣᠨᠢᠨ ᠮᠡᠳᠡᠭᠡ᠂ ᠠᠮᠢᠳᠤᠷᠠᠯ ᠠᠬᠤᠢ᠂ ᠪᠢᠴᠢᠭ ᠮᠠᠲ᠋ᠧᠷᠢᠶᠠᠯ ᠵᠡᠷᠭᠡ ᠶᠢ ᠨᠡᠶᠢᠲᠡᠯᠡᠬᠦ ᠪᠠᠷ ᠭᠤᠣᠯᠯᠠᠭᠤᠯᠤᠭᠰᠠᠨ ᠲᠠᠯ᠎ᠠ ᠲᠠᠯ᠎ᠠ ᠶᠢ ᠬᠠᠮᠤᠷᠤᠭᠰᠠᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ ᠪᠣᠯᠤᠨ᠎ᠠ᠃ ᠦᠴᠦᠸᠠᠨ ᠰᠢᠶᠠᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ ᠨᠢ ᠨᠠᠮ ᠤᠨ ᠱᠣᠭᠤᠮ ᠴᠢᠭᠯᠡᠯᠲᠡ ᠲᠥᠷᠦ ᠶᠢᠨ ᠪᠣᠳᠤᠯᠭ᠎ᠠ ᠶᠢ ᠡᠷᠡᠰ ᠲᠤᠭᠤᠰᠢᠯᠠᠭᠤᠯᠵᠤ᠂ ᠵᠥᠪ ᠣᠨᠤᠪᠴᠢᠲᠠᠢ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠪᠠᠷᠢᠮᠲᠠᠯᠠᠵᠤ᠂ ᠵᠠᠰᠠᠭ ᠤᠨ ᠣᠷᠳᠣᠨ ᠬᠢᠭᠡᠳ ᠠᠷᠠᠳ ᠲᠥᠮᠡᠨ ᠤ ᠬᠥᠭᠦᠷᠭᠡ ᠬᠤᠯᠪᠤᠭᠠᠰᠤ ᠶᠢᠨ ᠦᠢᠯᠡᠳᠦᠯ ᠢ ᠶᠡᠬᠡᠪᠡᠷ ᠪᠠᠳᠠᠷᠠᠭᠤᠯᠵᠤ ᠪᠣᠢ᠃      ᠲᠤᠰ ᠰᠦᠯᠵᠢᠶ᠎ᠡ ᠤ ᠬᠢᠨ ᠤᠭ ᠰᠠᠨᠠᠭ᠎ᠠ ᠪᠠᠨ ᠮᠠᠷᠲᠠᠯ ᠦᠭᠡᠢ ᠴᠢᠷᠮᠠᠶᠢᠨ ᠠᠵᠢᠯᠯᠠᠵᠤ᠂ ᠠᠷᠠᠳ ᠲᠦᠮᠡᠨ ᠢ ᠳᠡᠭᠡᠳᠦᠯᠡᠵᠤ᠂ ᠨᠠᠮ ᠤᠨ ᠳᠠᠭᠤᠨ ᠢ ᠴᠠᠭ ᠲᠤᠬᠠᠢ ᠳᠤ ᠨᠢ ᠳᠠᠮᠵᠢᠭᠤᠯᠵᠤ᠂ ᠠᠷᠠᠳ ᠲᠦᠮᠡᠨ ᠳᠤ ᠨᠡᠩ ᠢᠯᠡᠭᠦᠤ ᠠᠰᠢᠭ ᠬᠦᠷᠲᠡᠭᠡᠬᠦ ᠪᠠᠷ ᠴᠢᠷᠮᠠᠶᠢᠨ᠎ᠠ᠃ ᠲᠠ ᠪᠥᠬᠦᠨ ᠦᠴᠦᠸᠠᠨ ᠰᠢᠶᠠᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡhttp://mgl.wuchuan.gov.cn/U_index.html ᠵᠢᠴᠢ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠸᠢᠴᠠᠲ ᠲᠠᠪᠴᠠᠩ ᠳᠤ ᠠᠩᠬᠠᠷᠤᠯ ᠢᠶᠠᠨ ᠬᠠᠨᠳᠤᠭᠤᠯᠬᠤ ᠪᠣᠯᠪᠠᠤ︕
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号