ᠦᠴᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ 2022 ᠣᠨ ᠤ 24 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/12/5
     11 ᠰᠠᠷ᠎ᠠ ᠶᠢᠨ 26 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠦᠴᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2022 ᠣᠨ ᠤ 24 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ︽ᠦᠴᠤᠸᠠᠨ ᠰᠢᠶᠠᠨ ᠤ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠮᠡᠳᠡᠭᠦᠯᠦᠯᠲᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠴᠡᠭᠴᠡᠯᠡᠨ ᠰᠠᠶᠢᠵᠢᠷᠠᠭᠤᠯᠬᠤ ᠲᠥᠰᠦᠯ︾ ᠢ ᠬᠢᠨᠠᠨ ᠵᠥᠪᠯᠡᠭᠰᠡᠨ ᠪᠥᠭᠡᠳ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠬᠠᠷᠢᠭᠤᠴᠠᠯᠭ᠎ᠠ ᠡᠭᠦᠷᠭᠡᠯᠡᠬᠦ ᠠᠬᠢᠴᠠ ᠶᠢᠨ ᠪᠠᠶᠢᠳᠠᠯ ᠢ ᠰᠤᠨᠤᠰᠪᠠ᠂ ᠡᠨᠡ ᠡᠪᠦᠯ ᠤᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠬᠠᠷᠢᠭᠤ ᠮᠡᠳᠡᠭᠦᠯᠦᠯᠲᠡ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ ᠲᠣᠬᠢᠷᠠᠭᠤᠯᠤᠯᠲᠠ ᠶᠢ ᠰᠣᠨᠣᠰᠪᠠ᠃      ᠬᠤᠷᠠᠯ ᠠᠴᠠ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ︽ᠬᠤᠶᠠᠷ ᠢ ᠬᠦᠷᠢᠶᠡᠯᠡᠬᠦ︾ ᠶᠢ ᠡᠷᠡᠰ ᠪᠡᠶᠡᠯᠡᠭᠦᠯᠬᠦ ᠦᠨᠳᠦᠷᠴᠡ ᠠᠴᠠ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠬᠤᠯᠪᠣᠭᠳᠠᠯ ᠪᠦᠬᠦᠢ ᠱᠠᠭᠠᠷᠳᠠᠯᠭ᠎ᠠ ᠶᠢ ᠲᠤᠤᠱᠯᠠᠭᠤᠯᠵᠤ᠂ ᠦᠵᠡᠯ ᠰᠠᠨᠠᠭᠠᠨ ᠤ ᠲᠠᠯ᠎ᠠ ᠪᠠᠷ ᠰᠣᠨᠣᠷ ᠰᠡᠷᠡᠮᠵᠢ ᠲᠠᠢ ᠪᠠᠶᠢᠬᠤ᠂ ᠤᠯᠤᠰ ᠲᠦᠷᠦ ᠶᠢᠨ ᠲᠠᠯ᠎ᠠ ᠪᠠᠷ ᠪᠠᠷᠢᠮᠵᠢᠶ᠎ᠠ ᠬᠦᠰᠦᠨᠦᠭᠲᠦ ᠲᠠᠢ ᠬᠠᠷᠭᠤᠭᠤᠯᠬᠤ᠂ ᠠᠵᠢᠯᠯᠠᠭ᠎ᠠ ᠶᠢᠨ ᠲᠠᠯ᠎ᠠ ᠪᠠᠷ ᠲᠡᠷᠡ ᠳᠠᠷᠤᠢ ᠳᠤᠨᠢ ᠬᠡᠷᠡᠭᠵᠢᠭᠦᠯᠵᠦ ᠲᠡᠷᠡ ᠳᠠᠷᠤᠢ ᠳᠤᠨᠢ ᠥᠭᠡᠷᠡᠴᠢᠯᠡᠵᠦ᠂ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠬᠰᠠᠨ ᠠᠰᠠᠭᠤᠳᠠᠯ ᠢ ᠦᠨᠡᠨᠬᠦ ᠰᠠᠶᠢᠵᠢᠷᠠᠭᠤᠯᠵᠤ ᠪᠣᠳᠠᠲᠠᠢ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ︔ ᠨᠠᠮ ᠵᠠᠰᠠᠭ ᠤᠨ ᠤᠳᠤᠷᠢᠳᠤᠯᠭ᠎ᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠱᠠᠳᠤ ᠱᠠᠳᠤ ᠪᠠᠷ ᠪᠣᠳᠠᠲᠠᠶᠢᠵᠢᠭᠤᠯᠵᠤ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠵᠣᠷᠢᠭᠲᠠᠢ ᠪᠠᠷ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠤᠯᠠᠮ ᠴᠢᠨᠠᠭᠰᠢᠳᠠ ᠬᠤᠷᠳᠤᠴᠠ ᠶᠢ ᠳᠡᠭᠡᠭᠰᠢᠯᠡᠭᠦᠯᠦᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠴᠡᠭᠴᠡᠯᠡᠨ ᠰᠠᠶᠢᠵᠢᠷᠠᠭᠤᠯᠬᠤ ᠲᠥᠰᠦᠯ ᠤᠨ ᠱᠠᠭᠠᠷᠳᠠᠯᠭ᠎ᠠ ᠶᠣᠰᠣᠭᠠᠷ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠮᠠᠨ ᠤ ᠰᠢᠶᠠᠨ ᠤ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ ᠭᠡᠪᠡ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号