ᠬᠤᠳᠠᠯᠳᠤᠭᠠᠴᠢᠨ ᠤᠷᠢᠬᠤ ᠡᠷᠴᠢᠮ ᠢᠶᠠᠨ ᠰᠤᠯᠠᠷᠠᠭᠤᠯᠤᠯ ᠥᠬᠡᠶ  ᠲᠥᠷᠦᠯ ᠵᠦᠢᠯ ᠢ ᠲᠠᠰᠤᠷᠠᠯᠲᠠ ᠥᠬᠡᠶ ᠤᠷᠢᠨ ᠤᠷᠤᠭᠤᠯᠬᠤ  ᠶᠠᠩ ᠰᠢᠩ ᠱᠧᠩ ᠰᠦᠯᠵᠢᠶᠡᠨ ᠳᠡᠭᠡᠷ᠎ᠡ ᠲᠥᠷᠦᠯ ᠵᠦᠢᠯ ᠢ ᠵᠣᠯᠭᠠᠭᠤᠯᠬᠤ ᠵᠥᠪᠳᠡᠯᠴᠡᠬᠡᠷ ᠤᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/12/5
     ᠪᠥᠬᠦ ᠰᠢᠶᠠᠨ ᠤ ᠠᠵᠤ ᠠᠬᠤᠶ ᠶᠢᠨ ᠬᠥᠭᠵᠢᠯᠲᠡ ᠶᠢ ᠪᠦᠲᠦᠮᠵᠢᠲᠡᠶ ᠳᠥᠯᠭᠢᠨ ᠠᠬᠢᠭᠤᠯᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠢ ᠴᠢᠩᠭ᠎ᠠ ᠠᠳᠬᠤᠨ ᠪᠣᠳᠠᠲᠠᠶ ᠪᠠᠷ ᠠᠳᠬᠤᠬᠤ ᠶᠢᠨ ᠲᠥᠯᠥᠭᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠱᠠᠭᠠᠷᠳᠠᠯᠭ᠎ᠠ ᠲᠠᠢ ᠤᠶᠠᠯᠳᠤᠭᠤᠯᠤᠨ᠂ 11 ᠰᠠᠷ᠎ᠠ ᠶᠢᠨ 25 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠰᠦᠯᠵᠢᠶᠡᠨ ᠳᠡᠭᠡᠷ᠎ᠡ ᠲᠥᠷᠦᠯ ᠵᠦᠢᠯ ᠢ ᠵᠣᠯᠭᠠᠭᠤᠯᠬᠤ ᠵᠥᠪᠳᠡᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠰᠢᠶᠠᠨ ᠤ ᠤᠳᠤᠷᠢᠳᠤᠯᠭ᠎ᠠ ᠬᠠᠳᠠ᠂ ᠷᠧᠨ ᠶᠠᠨ ᠰᠢᠶᠠᠩ᠂ ᠼᠦᠢ ᠵᠧᠨ ᠬᠤᠸᠠ ᠵᠥᠪᠳᠡᠨ ᠶᠠᠷᠢᠯᠴᠠᠬᠤ ᠬᠤᠷᠠᠯ ᠳᠤ ᠣᠷᠣᠯᠴᠠᠪᠠ᠃      ᠵᠥᠪᠳᠡᠨ ᠶᠠᠷᠢᠯᠴᠠᠬᠤ ᠬᠤᠷᠠᠯ ᠳᠡᠭᠡᠷ᠎ᠡ᠂ ᠶᠠᠩ ᠰᠢᠩ ᠱᠧᠩ ᠭᠠᠨᠰᠦ ᠶᠢᠨ ᠰᠢᠶᠠᠩ ᠶᠤᠸᠠᠨ ᠷᠦᠨ ᠹᠧᠩ ᠪᠦᠯᠦᠭᠯᠡᠯ᠂ ᠪᠡᠭᠡᠵᠢᠩ ᠤᠨ ᠸᠠᠨ ᠾᠧ ᠴᠤᠸᠠᠩ ᠵᠢᠩ ᠤᠯᠠᠨ ᠤᠯᠤᠰ ᠤᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠰᠤᠳᠤᠯᠭᠠᠨ ᠤ ᠬᠦᠷᠢᠶᠡᠯᠡᠩ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠸᠢᠳᠢᠣ᠋ ᠪᠠᠷ ᠬᠠᠷᠢᠯᠴᠠᠵᠤ᠂ ᠮᠠᠨ ᠤ ᠰᠢᠶᠠᠨ ᠤ ᠬᠥᠳᠡᠭᠡ ᠲᠣᠰᠬᠤᠨ + ᠬᠥᠳᠡᠭᠡ ᠠᠵᠤ ᠠᠬᠤᠢ + ᠰᠣᠶᠣᠯ ᠵᠤᠭᠠᠴᠠᠯ ᠢ ᠴᠢᠨᠠᠭᠰᠢᠳᠠ ᠠᠭᠤᠰᠤᠯᠴᠠᠭᠤᠯᠤᠨ ᠬᠥᠭᠵᠢᠭᠦᠯᠬᠦ ᠲᠥᠯᠥᠪᠵᠢᠭᠦᠯᠭᠡ ᠶᠢᠨ ᠲᠤᠬᠠᠢ ᠨᠠᠷᠢᠨ ᠨᠢᠭᠲᠠ ᠰᠣᠯᠢᠯᠴᠠᠭ᠎ᠠ ᠬᠢᠵᠡᠢ᠃      ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠰᠣᠨᠣᠰᠤᠭᠰᠠᠨ ᠤ ᠳᠠᠷᠠᠭ᠎ᠠ᠂ ᠶᠠᠩ ᠰᠢᠩ ᠱᠧᠩ ᠲᠣᠰ ᠤᠳᠠᠭᠠᠨ ᠤ ᠰᠦᠯᠵᠢᠶᠡᠨ ᠳᠡᠭᠡᠷᠡᠬᠢ ᠵᠣᠯᠭᠠᠯᠴᠠᠭ᠎ᠠ ᠶᠢᠨ ᠵᠥᠪᠳᠡᠨ ᠶᠠᠷᠢᠯᠴᠠᠬᠤ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭᠠᠨ ᠤ ᠬᠦᠷᠢᠶ᠎ᠡ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ ᠥᠷᠭᠡᠳᠬᠡᠵᠦ᠂ ᠬᠠᠮᠲᠤᠷᠠᠯᠴᠠᠭᠠᠨ ᠤ ᠠᠭᠤᠯᠭ᠎ᠠ ᠪᠠᠨ ᠤᠯᠠᠮ ᠨᠢᠭᠡ ᠠᠯᠬᠤᠮ ᠲᠣᠳᠣᠷᠬᠠᠶᠢᠯᠠᠨ᠂ ᠬᠠᠮᠲᠤᠷᠠᠯᠴᠠᠭᠠᠨ ᠤ ᠬᠡᠯᠡᠯᠴᠡᠭᠡᠷ ᠢᠶᠠᠨ ᠨᠠᠷᠢᠯᠢᠬᠵᠢᠭᠤᠯᠵᠤ᠂ ᠬᠠᠮᠲᠤᠷᠠᠯᠴᠠᠭᠠᠨ ᠤ ᠠᠬᠢᠴᠠ ᠶᠢ ᠳᠥᠯᠭᠢᠨ ᠠᠬᠢᠭᠤᠯᠵᠤ᠂ ᠡᠭᠦᠨ ᠤ ᠤᠯᠠᠮ ᠠᠴᠠ ᠲᠥᠷᠥᠯ ᠵᠦᠢᠯ ᠢ ᠡᠷᠲᠡ ᠭᠡᠷ᠎ᠡ ᠲᠣᠭᠲᠠᠵᠤ᠂ ᠡᠷᠲᠡ ᠨᠠᠶᠢᠳᠠᠪᠤᠷᠢᠵᠢᠭᠤᠯᠵᠤ᠂ ᠡᠷᠲᠡ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠬᠤ ᠶᠢ ᠬᠦᠰᠡᠵᠦ ᠪᠠᠶᠢᠨ᠎ᠠ ᠭᠡᠪᠡ᠃      ᠣᠳᠣᠬᠠᠨ ᠤ ᠭᠡᠨᠡᠳᠲᠡ ᠶᠢᠨ ᠬᠤᠪᠢᠷᠠᠯᠲᠠ ᠶᠡᠬᠡᠲᠡᠶ ᠬᠢᠵᠢᠭ ᠤᠨ ᠪᠠᠶᠢᠳᠠᠯ ᠤᠨ ᠡᠮᠦᠨ᠎ᠡ᠂ ᠦᠴᠤᠸᠠᠨ ᠰᠢᠶᠠᠨ ᠤ ᠬᠢᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠤᠨ ᠠᠷᠭ᠎ᠠ ᠪᠣᠳᠣᠯᠭ᠎ᠠ ᠪᠠᠨ ᠲᠠᠰᠤᠷᠠᠯᠲᠠ ᠦᠭᠡᠶ ᠲᠣᠬᠢᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ︽ᠰᠦᠯᠵᠢᠶᠡᠨ ᠳᠡᠭᠡᠷ᠎ᠡ ᠬᠤᠳᠠᠯᠳᠤᠭᠠᠴᠢᠨ ᠤᠷᠢᠬᠤ︾ ᠵᠠᠭᠪᠤᠷ ᠲᠤ ᠰᠢᠯᠵᠢᠨ ᠣᠷᠣᠵᠤ᠂ ᠳ᠋ᠢᠶᠠᠩᠬᠤᠸᠠ᠂ ᠸᠢᠴᠠᠲ᠂ ᠸᠢᠳᠢᠤ᠋ ᠬᠤᠷᠠᠯ ᠵᠡᠷᠭᠡ ᠠᠷᠭ᠎ᠠ ᠮᠠᠶ᠋ᠢᠭ ᠢ ᠭᠦᠢᠴᠡᠳ ᠠᠰᠢᠭᠯᠠᠨ᠂ ᠲᠥᠷᠥᠯ ᠵᠦᠢᠯ ᠤᠨ ᠵᠥᠪᠳᠡᠯᠴᠡᠭᠡᠨ ᠤ ︽ᠨᠢᠭᠤᠷᠲᠠᠨ ᠶᠠᠷᠢᠯᠴᠠᠬᠤ︾ ᠶᠢ ︽ᠤᠲᠠᠰᠤ ᠪᠠᠷ ᠬᠤᠯᠪᠣᠬᠤ︾᠂ ︽ᠭᠠᠷ ᠠᠳᠬᠤᠬᠤ︾ ᠶᠢ ︽ᠳᠡᠯᠭᠡᠴᠡ ᠪᠠᠷ ᠬᠤᠯᠪᠣᠬᠤ︾ ᠪᠣᠯᠭᠠᠨ ᠬᠤᠪᠢᠷᠠᠭᠤᠯᠵᠤ᠂ ︽ᠰᠦᠯᠵᠢᠶᠡᠨ ᠳᠡᠭᠡᠷ᠎ᠡ ᠡᠭᠦᠯᠡᠨ ᠬᠡᠯᠡᠯᠴᠡᠭᠡᠷ ᠬᠢᠬᠦ᠂ ᠰᠦᠯᠵᠢᠶᠡᠨ ᠠᠴᠠ ᠭᠠᠳᠠᠭᠤᠷᠬᠢ ᠦᠢᠯᠡᠴᠢᠯᠡᠭᠡ ᠶᠢ ᠰᠢᠯᠢᠳᠡᠭᠵᠢᠭᠦᠯᠬᠦ︾ ᠬᠤᠳᠠᠯᠳᠤᠭᠠᠴᠢᠨ ᠤᠷᠢᠬᠤ ᠵᠠᠭᠪᠤᠷ ᠢᠶᠠᠷ ᠳᠠᠮᠵᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠲᠠᠰᠤᠯᠳᠠᠭᠤᠯᠬᠤ ᠥᠬᠡᠶ ᠪᠠᠶᠢᠬᠤ ᠶᠢ ᠦᠨᠡᠨ ᠬᠦ ᠪᠠᠲᠤᠯᠠᠵᠤ᠂ ᠬᠥᠳᠡᠯᠭᠡᠬᠦ ᠬᠦᠴᠦᠨ ᠢ ᠲᠠᠰᠤᠷᠠᠯᠲᠠ ᠥᠬᠡᠶ ᠬᠡᠯᠬᠢᠶᠡᠵᠢᠭᠦᠯᠦᠨ᠎ᠡ᠃
 
ᠢᠷᠡᠯᠲᠡ᠄ ᠦᠴᠦᠸᠠᠨ ᠰᠢᠶᠠᠨ ᠤ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号