ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2022 ᠣᠨ ᠤ 12 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/12/5
     11ᠳ᠋ᠦ᠋ᠭᠡᠷ ᠰᠠᠷ᠎ᠠ ᠶᠢᠨ 22 ᠤᠨ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠠᠩ ᠰᠢᠩ ᠱᠧᠩ ᠰᠢᠶᠠᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2022 ᠣᠨ ᠤ 12 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠢ ᠶᠢᠰᠦᠳᠦᠭᠡᠷ᠂ ᠬᠤᠷᠢᠨ ᠲᠤᠯᠤᠭ᠎ᠠ ᠪᠣᠯᠤᠨ ᠭᠤᠴᠢᠨ ᠵᠢᠷᠭᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠲᠦᠷᠦ ᠶᠢᠨ ᠶᠠᠪᠤᠳᠠᠯ ᠤᠨ ᠬᠤᠷᠢᠶᠠᠨ ᠤ ᠳᠠᠷᠤᠮᠠᠯᠯᠠᠨ ᠲᠠᠷᠬᠠᠭᠠᠭᠰᠠᠨ ︽ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠡᠷᠬᠢᠯᠳᠡᠳᠦ ᠬᠥᠭᠵᠢᠯᠲᠡ ᠶᠢᠨ ᠠᠵᠤ ᠠᠬᠤᠢ ᠶᠢᠨ  ᠰᠢᠰᠲ᠋ᠧᠮ ᠢ ᠲᠦᠷᠭᠡᠳᠬᠡᠨ ᠪᠠᠶᠢᠭᠤᠯᠬᠤ ᠲᠤᠬᠠᠢ ᠵᠢᠯᠣᠭᠤᠳᠬᠤ ᠰᠠᠨᠠᠯ︾᠂ ︽ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢᠨ ᠲᠥᠯᠥᠪᠵᠢᠭᠦᠯᠭᠡ ᠶᠢᠨ ᠬᠥᠲᠥᠯᠪᠦᠷᠢ︾᠂ ︽2030 ᠣᠨ ᠠᠴᠠ ᠡᠮᠦᠨᠡᠬᠢ ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ ᠠᠵᠢᠯᠯᠠᠭ᠎ᠠ ᠶᠢᠨ ᠲᠥᠰᠦᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃      ᠳᠠᠷᠠᠭ᠎ᠠ ᠳᠤᠨᠢ᠂ ᠬᠡᠰᠡᠭ ᠭᠤᠣᠯ ᠳᠤᠭᠤᠶᠢᠯᠠᠩ ᠤᠨ ᠪᠦᠷᠢᠯᠳᠦᠬᠦᠨ ᠲᠤᠰ ᠲᠤᠰ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠪᠣᠯᠤᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠤᠱᠯᠠᠭᠤᠯᠬᠤ ᠶᠢᠨ ᠲᠣᠭᠤᠷᠢᠨ ᠳᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠣᠯᠤᠨ ᠬᠥᠭᠵᠢᠯᠲᠡ ᠶᠢᠨ ᠬᠠᠷᠢᠴᠠᠭ᠎ᠠ ᠶᠢ ᠭᠦᠨᠵᠡᠭᠡᠢ ᠤᠢᠢᠯᠠᠭᠠᠨ ᠡᠵᠡᠮᠳᠡᠬᠦ ᠶᠢᠨ ᠬᠠᠮᠲᠤ ᠲᠤᠰ ᠪᠡᠶ᠎ᠡ ᠶᠢᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠣᠯᠤᠯᠲᠠ ᠲᠦᠷᠦᠭᠳᠡᠯ ᠢᠶᠠᠨ ᠰᠣᠯᠢᠯᠴᠠᠵᠠᠢ᠃      ᠬᠤᠷᠠᠯ ᠠᠴᠠ᠂ ᠪᠦᠬᠦ ᠰᠢᠶᠠᠨ ᠢᠶᠠᠷ ᠢᠶᠠᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭᠠᠨ ᠤ ᠵᠢᠯᠣᠭᠤᠳᠬᠤ ᠪᠠᠶᠢᠷᠢ ᠰᠠᠭᠤᠷᠢ ᠪᠣᠯᠤᠨ ᠪᠠᠶᠢᠯᠳᠤᠬᠤ ᠪᠤᠳᠤᠯᠭ᠎ᠠ ᠶᠢᠨ ᠠᠴᠢ ᠬᠤᠯᠪᠣᠭᠳᠠᠯ ᠢ ᠭᠦᠨᠵᠡᠭᠡᠢ ᠡᠵᠡᠮᠳᠡᠬᠦ ᠬᠡᠷᠡᠭᠲᠡᠢ᠃ ᠪᠦᠬᠦ ᠣᠷᠣᠨ ᠪᠦᠰᠡ ᠶᠢᠨ ᠵᠠᠰᠠᠯᠲᠠ ᠶᠢ ᠪᠠᠷᠢᠮᠲᠠᠯᠠᠵᠤ᠂ ᠠᠮᠢ ᠠᠬᠤᠢ ᠶᠢᠨ ᠬᠠᠮᠠᠭᠠᠯᠠᠯᠲᠠ ᠪᠠ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠰᠢᠶᠠᠨ ᠤ ᠬᠡᠪᠴᠢᠶᠡᠨ ᠤ ᠪᠣᠳᠠᠲᠠᠢ ᠳᠤ ᠰᠠᠭᠤᠷᠢᠯᠠᠵᠤ᠂ ᠬᠥᠭᠵᠢᠯᠲᠡ ᠶᠢᠨ ᠪᠠᠶᠢᠷᠢ ᠲᠣᠭᠲᠠᠭᠠᠯᠲᠠ ᠪᠠᠨ ᠣᠨᠣᠪᠴᠢᠲᠠᠢ ᠣᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠢᠷᠠᠭᠤ ᠠᠯᠳᠠᠷᠲᠤ ᠡᠭᠦᠷᠭᠡ ᠶᠢ ᠦᠨᠡᠨᠬᠦ ᠡᠭᠦᠷᠭᠡᠯᠡᠬᠦ ᠬᠡᠷᠡᠭᠲᠡᠢ ᠭᠡᠪᠡ᠃      ᠬᠤᠷᠠᠯ ᠠᠴᠠ ᠱᠠᠭᠠᠷᠳᠠᠭᠰᠠᠨ ᠨᠢ᠂ ᠪᠦᠬᠦ ᠰᠢᠶᠠᠨ ᠢᠶᠠᠷ ᠢᠶᠠᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠡᠩ ᠭᠦᠨᠵᠡᠭᠡᠢ ᠲᠠᠨᠢᠨ ᠡᠵᠡᠮᠰᠢᠵᠦ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠲᠠᠢ ᠨᠢᠭᠲᠠ ᠤᠶᠠᠯᠳᠤᠭᠤᠯᠤᠨ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠢᠮᠠᠭᠲᠠ ᠬᠡᠬᠦᠳᠡᠭ ᠴᠡᠭᠡᠵᠢᠨ ᠳᠡᠭᠡᠨ ︽ᠬᠤᠶᠠᠷ ᠶᠡᠭᠡ ᠲᠠᠯ᠎ᠠ︾ ᠶᠢ ᠪᠠᠭᠲᠠᠭᠠᠵᠤ᠂ ︽ᠤᠯᠤᠰ ᠤᠨ ᠶᠡᠭᠡ ᠶᠠᠪᠤᠳᠠᠯ︾ ᠲᠠᠢ ᠰᠡᠳᠬᠢᠯ ᠵᠢᠷᠦᠬᠡ ᠪᠠᠨ ᠬᠤᠯᠪᠣᠵᠤ᠂ ︽ᠠᠮᠢ ᠠᠬᠤᠶ︾ ᠶᠢᠨ ᠰᠢᠨ᠎ᠡ ᠦᠴᠤᠸᠠᠨ ᠢ ᠪᠥᠲᠥᠭᠡᠨ ᠪᠠᠶᠢᠭᠤᠯᠬᠤ᠂ ᠣᠷᠣᠨ ᠤ ᠲᠥᠪ ︽ᠠᠷᠤ ᠶᠢᠨ ᠴᠡᠴᠡᠷᠯᠢᠭ︾ ᠢ ᠪᠠᠶᠢᠭᠤᠯᠬᠤ ᠶᠢ ︽ᠬᠤᠶᠠᠷ ᠢ ᠲᠣᠭᠲᠠᠭᠠᠭᠰᠠᠨ︾  ᠢ ᠡᠷᠡᠰ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠬᠤ ᠬᠡᠷᠡᠭᠲᠡᠶ ᠭᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号