ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠤᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 74 ᠳ᠋ᠦ᠋ᠭᠡᠷ ᠬᠤᠷᠠᠯ ᠵᠢᠴᠢ ᠰᠢᠶᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ 2022 ᠣᠨ ᠤ 10 ᠳ᠋ᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/12/5
     11 ᠰᠠᠷ᠎ᠠ ᠶᠢᠨ 22 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠤᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 74 ᠳ᠋ᠦ᠋ᠭᠡᠷ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠦᠨ ᠱᠤᠤ ᠴᠧᠩ ᠱᠦᠵᠢ ᠶᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠲᠤᠰᠬᠠᠢ ᠰᠡᠳᠦᠪᠲᠦ ᠨᠣᠮ ᠤᠩᠰᠢᠬᠤ ᠠᠩᠬᠢ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2022 ᠣᠨ ᠤ 10 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠳᠡᠭᠡᠷᠡᠬᠢ ᠶᠠᠷᠢᠶ᠎ᠠ ᠶᠢ ᠤᠯᠠᠮᠵᠢᠯᠠᠨ ᠰᠤᠷᠤᠯᠴᠠᠵᠤ᠂ ᠤᠢᠢᠷ᠎ᠠ ᠶᠢᠨ ᠬᠤᠭᠤᠴᠠᠭᠠᠨ ᠤ ᠮᠠᠨ ᠤ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠶᠡᠷᠦᠩᠬᠡᠶ ᠱᠦᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠡᠷᠡᠰ ᠭᠤᠶᠢᠪᠢᠰᠢ ᠦᠭᠡᠶ ᠪᠠᠷᠢᠮᠲᠠᠯᠠᠵᠤ᠂ ︽ᠭᠠᠳᠠᠨ᠎ᠠ ᠠᠴᠠ ᠬᠠᠯᠳᠠᠪᠤᠷᠢᠯᠠᠨ ᠣᠷᠤᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠤ ᠪᠠᠨ ᠳᠠᠬᠢᠨ ᠢᠯᠡᠷᠡᠬᠦ ᠶᠢ ᠰᠡᠷᠭᠡᠶᠢᠯᠡᠬᠦ︾ ᠶᠡᠷᠦᠩᠬᠡᠶ ᠠᠷᠭ᠎ᠠ ᠪᠣᠳᠣᠯᠭ᠎ᠠ ᠶᠢ ᠡᠷᠡᠰ ᠭᠤᠶᠢᠪᠢᠰᠢ ᠦᠭᠡᠶ ᠨᠠᠶᠢᠳᠠᠪᠤᠷᠢᠵᠢᠭᠤᠯᠵᠤ᠂ ︽ᠨᠠᠷᠢᠯᠢᠭ ᠣᠨᠤᠴᠠᠲᠠᠢ ᠪᠠᠷ ᠡᠪᠡᠳᠴᠢᠨ ᠤ ᠵᠢᠱᠢᠶ᠎ᠡ ᠶᠢ ᠳᠠᠷᠤᠢ ᠲᠥᠷᠭᠡᠨ ᠦᠭᠡᠢ ᠪᠤᠯᠭᠠᠬᠤ︾ ᠶᠡᠷᠦᠩᠬᠡᠶ ᠴᠢᠭᠯᠡᠯᠲᠡ ᠶᠢ ᠡᠷᠡᠰ ᠭᠤᠶᠢᠪᠢᠰᠢ ᠦᠭᠡᠶ ᠲᠤᠤᠱᠯᠠᠭᠤᠯᠵᠤ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠡᠷᠡᠰ ᠪᠠᠲᠤ ᠵᠣᠷᠢᠭ ᠰᠥᠰᠥ ᠪᠠ ᠪᠣᠳᠠᠲᠠᠢ ᠶᠢ ᠡᠷᠬᠢᠮᠯᠡᠭᠰᠡᠨ ᠠᠵᠢᠯᠯᠠᠭ᠎ᠠ ᠶᠢᠨ ᠠᠷᠭ᠎ᠠ ᠬᠡᠮᠵᠢᠶ᠎ᠡ ᠪᠠᠷ ᠨᠡᠶᠢᠭᠡᠮ ᠤᠨ ᠬᠠᠮᠢᠶᠠᠷᠤᠯᠲᠠ ᠡᠵᠡᠮᠳᠡᠯ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ᠂ ᠵᠠᠮ ᠬᠠᠷᠢᠯᠴᠠᠭᠠᠨ ᠤ ᠪᠣᠭᠤᠮᠲᠠ ᠬᠤᠷᠢᠭ᠎ᠠ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠥᠨᠳᠥᠷ ᠪᠠᠷᠢᠮᠵᠢᠶ᠎ᠠ᠂ ᠥᠨᠳᠥᠷ ᠶᠠᠰᠤ ᠴᠢᠨᠠᠷ᠂ ᠥᠨᠳᠥᠷ ᠦᠷ᠎ᠡ ᠪᠦᠲᠦᠮᠵᠢᠲᠡᠢ ᠪᠠᠷ ᠰᠠᠶᠢᠲᠤᠷ ᠬᠢᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ︽ᠬᠢᠵᠢᠭ ᠤᠨ ᠪᠠᠶᠢᠳᠠᠯ ᠢ ᠰᠡᠷᠭᠡᠶᠢᠯᠡᠬᠦ᠂ ᠠᠵᠤ ᠠᠬᠤᠢ ᠶᠢ ᠲᠣᠭᠲᠠᠪᠤᠷᠢᠵᠢᠭᠤᠯᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠴᠢᠬᠤᠯᠠ ᠶᠡᠭᠡ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号