ᠵᠡᠭᠡᠯᠢ ᠭᠤᠳᠤᠮᠵᠢ ᠶᠢᠨ ᠴᠢᠰᠤ ᠠᠪᠬᠤ ᠴᠡᠭ ᠢ ᠵᠠᠯᠭᠠᠭ᠎ᠠ ᠪᠠᠷ ᠨᠡᠭᠡᠭᠡᠵᠦ ᠪᠠᠶᠢᠨ᠎ᠠ
ᠨᠡᠶᠢᠲᠡᠯᠡᠭᠰᠡᠨ ᠴᠠᠭ᠄
2022/12/7
     ᠬᠥᠬᠡᠬᠤᠲᠠ ᠶᠢᠨ ᠣᠷᠣᠢ ᠶᠢᠨ ᠰᠣᠨᠢᠨ ᠤ ᠰᠤᠷᠪᠤᠯᠵᠢᠯᠠᠭᠴᠢ ᠥᠪᠥᠷ ᠮᠣᠩᠭᠤᠯ ᠤᠨ ᠴᠢᠰᠤᠨ ᠤ ᠲᠥᠪ ᠠᠴᠠ ᠣᠶᠢᠯᠠᠭᠠᠭᠰᠠᠨ ᠢᠶᠠᠷ᠂ 12 ᠳ᠋ᠤᠭᠠᠷ ᠰᠠᠷ᠎ᠠ ᠶᠢᠨ 6 ᠤ ᠡᠳᠦᠷ ᠠᠴᠠ ᠡᠬᠢᠯᠡᠨ᠂ ᠥᠪᠥᠷ ᠮᠣᠩᠭᠤᠯ ᠤᠨ ᠴᠢᠰᠤᠨ ᠤ ᠲᠥᠪ ᠲᠤ ᠴᠠᠭᠳᠠᠭ᠎ᠠ ᠠᠷᠠᠳ ᠬᠠᠮᠲᠤ ᠪᠠᠷ ᠪᠠᠶᠢᠭᠤᠯᠤᠭᠰᠠᠨ ᠴᠢᠰᠤ ᠬᠠᠨᠳᠢᠪᠯᠡᠬᠤ ᠥᠷᠥᠭᠡ᠂  ᠮᠦᠸᠧ ᠡᠯ ᠴᠧᠩ ᠤᠨ ᠴᠢᠰᠤ ᠬᠠᠨᠳᠢᠪᠯᠡᠬᠤ ᠭᠡᠷ ᠲᠡᠷᠭᠡ ᠪᠠ ᠬᠤᠸᠠᠱᠧᠩ ᠪᠠᠯᠭᠠᠰᠤᠨ ᠤ ᠴᠢᠰᠤ ᠬᠠᠨᠳᠢᠪᠯᠡᠬᠤ ᠭᠡᠷ ᠲᠡᠷᠭᠡ ᠶᠢ ᠨᠡᠭᠡᠭᠡᠪᠡ᠃      ᠲᠠᠨᠢᠯᠴᠠᠭᠤᠯᠤᠭᠰᠠᠨ ᠢᠶᠠᠷ᠂ ᠴᠠᠭᠳᠠᠭ᠎ᠠ ᠠᠷᠠᠳ ᠬᠠᠮᠲᠤ ᠪᠠᠷ ᠪᠠᠶᠢᠭᠤᠯᠤᠭᠰᠠᠨ ᠴᠢᠰᠤ ᠬᠠᠨᠳᠢᠪᠯᠡᠬᠤ ᠭᠡᠷ ᠨᠢ ᠵᠦᠩᠱᠠᠨ ᠪᠠᠷᠠᠭᠤᠨ ᠵᠠᠮ ‍ᠤᠨ‌‍ᠸᠧᠢ ᠳ᠋ᠦᠸᠧ ᠯᠢ ᠶᠠᠪᠠᠭᠠᠨ ᠬᠥᠮᠥᠨ ᠤ ᠬᠥᠭᠦᠷᠭᠡ ᠶᠢᠨ ᠪᠠᠷᠠᠭᠤᠨ ᠬᠤᠶᠢᠲᠤ ᠥᠨᠴᠥᠭ ᠲᠤ ᠪᠠᠶᠢᠷᠢᠯᠠᠵᠤ᠂ ᠭᠠᠷᠠᠭ ᠤᠨ ᠨᠢᠭᠡᠨ ᠠᠴᠠ ᠭᠠᠷᠠᠭ ᠤᠨ ᠡᠳᠦᠷ ᠤᠨ 9᠄ 00 ᠠᠴᠠ 17᠄ 00 ᠪᠣᠯᠲᠠᠯ᠎ᠠ ᠨᠡᠭᠡᠭᠡᠨ᠎ᠡ᠃ ᠮᠦᠸᠧ ᠡᠯ ᠴᠧᠩ ᠤᠨ ᠴᠢᠰᠤ ᠬᠠᠨᠳᠢᠪᠯᠡᠬᠤ ᠭᠡᠷ ᠲᠡᠷᠭᠡ ᠨᠢ ᠰᠢᠨᠬᠤᠸᠠ ᠶᠡᠭᠡ ᠵᠡᠭᠡᠯᠢ ᠶᠢᠨ ᠮᠦᠸᠧ ᠡᠯ ᠴᠧᠩ ᠤᠨ A ᠰᠠᠭᠤᠳᠠᠯ ᠤᠨ ᠪᠠᠷᠠᠭᠤᠨ ᠲᠠᠯ᠎ᠠ ᠳᠤ ᠪᠠᠶᠢᠷᠢᠯᠠᠵᠤ᠂ ᠭᠠᠷᠠᠭ ᠤᠨ ᠨᠢᠭᠡᠨ ᠠᠴᠠ ᠭᠠᠷᠠᠭ ᠤᠨ ᠡᠳᠦᠷ ᠤᠨ 9᠄ 00 ᠠᠴᠠ 17᠄ 00 ᠪᠣᠯᠲᠠᠯ᠎ᠠ ᠨᠡᠭᠡᠭᠡᠨ᠎ᠡ᠃ ᠬᠤᠸᠠᠱᠧᠩ ᠵᠢᠵᠢᠭ ᠪᠠᠯᠭᠠᠰᠤᠨ ᠤ ᠴᠢᠰᠤ ᠬᠠᠨᠳᠢᠪᠯᠡᠬᠤ ᠭᠡᠷ ᠲᠡᠷᠭᠡ ᠨᠢ ᠰᠢᠯᠢ ᠶᠢᠨ ᠡᠮᠦᠨ᠎ᠡ ᠵᠠᠮ ‍ᠤᠨ‌ᠬᠤᠸᠠᠱᠧᠩ ᠵᠢᠵᠢᠭ ᠪᠠᠯᠭᠠᠰᠤᠨ ᠤ ᠵᠡᠭᠦᠨ ᠡᠭᠦᠳᠡᠨ ᠤ ᠡᠮᠦᠨ᠎ᠡ ᠲᠠᠯ᠎ᠠ ᠳᠤ ᠪᠠᠶᠢᠷᠢᠯᠠᠵᠤ᠂ ᠭᠠᠷᠠᠭ ᠪᠦᠷᠢ ᠶᠢᠨ ᠨᠢᠭᠡᠨ᠂ ᠭᠤᠷᠪᠠᠨ᠂  ᠳᠦᠷᠪᠡᠨ᠂ ᠵᠢᠷᠭᠤᠭᠠᠨ ᠤ 9᠄ 00  ᠠᠴᠠ 17᠄ 00 ᠪᠣᠯᠲᠠᠯ᠎ᠠ ᠨᠡᠭᠡᠭᠡᠨ᠎ᠡ᠃      ᠡᠭᠦᠨ ᠠᠴᠠ ᠭᠠᠳᠠᠨ᠎ᠠ᠂ ᠴᠢᠰᠤᠨ ᠤ ᠢᠯᠲᠠᠰᠤ ᠪᠠᠨ ᠮᠠᠰᠢᠨ ᠢᠶᠠᠷ ᠭᠠᠷᠭᠠᠨ ᠠᠪᠴᠤ ᠦᠭᠬᠦ ᠬᠦᠮᠦᠰ ᠵᠢᠨᠴᠢᠶᠣᠣ ᠱᠢ ᠵᠢᠢ ᠳᠥᠷᠪᠡᠳᠦᠭᠡᠷ ᠵᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠰᠤᠨ ᠤ ᠲᠥᠪ ᠲᠤ ᠣᠴᠢᠭᠠᠷᠠᠢ᠂ ᠭᠠᠷᠠᠭ ᠤᠨ ᠨᠢᠭᠡᠨ ᠠᠴᠠ ᠭᠠᠷᠠᠭ ᠤᠨ ᠡᠳᠦᠷ ᠤᠨ 9᠄ 00 ᠠᠴᠠ 17᠄ 00 ᠪᠣᠯᠲᠠᠯ᠎ᠠ ᠨᠡᠭᠡᠭᠡᠨ᠎ᠡ᠂ ᠬᠠᠷᠢᠯᠴᠠᠬᠤ ᠤᠲᠠᠰᠤ᠄ 4212245/15598019770᠃
 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号