ᠶᠠᠩ ᠰᠢᠩ ᠱᠧᠩ ᠮᠠᠨ ᠤ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠠᠵᠢᠯ ᠢ ᠪᠠᠬᠢᠵᠢᠭᠦᠯᠦᠨ ᠥᠷᠭᠡᠳᠬᠡᠬᠦ ᠲᠤᠬᠠᠢ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/12/8
     12 ᠰᠠᠷ᠎ᠠ ᠶᠢᠨ 5 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠠᠩ ᠰᠢᠩ ᠱᠧᠩ ᠤᠷᠢᠳ ᠬᠤᠵᠢᠳ ᠬᠥᠬᠡ ᠡᠷᠭᠢ ᠪᠠᠯᠭᠠᠰᠤ ᠶᠢᠨ ᠹᠦ᠋ ᠷᠦ᠋ ᠳ᠋ᠦᠩ ᠲᠣᠰᠬᠤᠨ᠂ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠳᠤ ᠬᠦᠷᠴᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠤᠨ ᠲᠤᠬᠠᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠵᠧᠦ ᠵᠧᠨ ᠭᠤᠸᠠᠩ ᠪᠠᠷ᠎ᠠ ᠪᠤᠯᠵᠤ ᠪᠠᠶᠢᠴᠠᠭᠠᠨ ᠰᠤᠳᠤᠯᠤᠯᠲᠠ ᠬᠢᠵᠡᠢ᠃      ᠶᠠᠩ ᠰᠢᠩ ᠱᠧᠩ ᠬᠠᠷᠢᠭᠤ ᠮᠡᠳᠡᠭᠦᠯᠦᠯᠲᠡ ᠶᠢ ᠰᠣᠨᠣᠰᠬᠤ᠂ ᠮᠠᠲ᠋ᠧᠷᠢᠶᠠᠯ ᠢ ᠪᠠᠶᠢᠴᠠᠭᠠᠨ ᠦᠵᠡᠬᠦ ᠵᠡᠷᠭᠡ ᠠᠷᠭ᠎ᠠ ᠬᠡᠯᠪᠡᠷᠢ ᠪᠠᠷ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠪᠠᠶᠢᠳᠠᠯ ᠢ ᠬᠢᠨᠠᠨ ᠬᠡᠮᠵᠢᠬᠦ ᠪᠠ ᠡᠯ᠎ᠡ ᠵᠦᠢᠯ ᠤᠨ ᠬᠠᠪᠰᠤᠷᠤᠨ ᠲᠡᠳᠬᠦᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠵᠡᠷᠭᠡ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠢ ᠲᠤᠬᠠᠢ ᠶᠢᠨ ᠲᠠᠯᠠᠪᠠᠢ ᠳᠤ ᠵᠢᠯᠣᠭᠤᠳᠬᠤ ᠰᠠᠨᠠᠯ ᠪᠠ ᠪᠣᠳᠠᠲᠠᠢ ᠱᠠᠭᠠᠷᠳᠠᠯᠭ᠎ᠠ ᠳᠤᠷᠠᠳᠴᠠᠢ᠃      ᠶᠠᠩ ᠰᠢᠩ ᠱᠧᠩ ᠵᠢᠭᠠᠵᠤ ᠭᠠᠷᠭᠠᠭᠰᠠᠨ ᠨᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠤᠨ ᠬᠠᠷᠢᠭᠤᠴᠠᠯᠭᠠᠲᠤ ᠰᠡᠳᠬᠢᠯᠭᠡ ᠡᠭᠦᠷᠭᠡᠲᠦ ᠰᠡᠳᠬᠢᠯᠭᠡ ᠪᠠᠨ ᠴᠢᠨᠠᠭᠰᠢᠳᠠ ᠴᠢᠩᠭᠠᠳᠬᠠᠵᠤ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠤᠷᠢᠭ᠎ᠠ ᠱᠤᠭᠤᠮ ᠢ ᠪᠠᠲᠤ ᠰᠠᠬᠢᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠲᠠᠰᠤᠷᠠᠯᠲᠠ ᠥᠬᠡᠶ ᠪᠦᠷᠢᠨᠰᠢᠬᠦᠯᠵᠦ᠂ ᠬᠠᠮᠢᠶ᠎ᠠ ᠪᠥᠬᠦᠶ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠪᠠ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠤᠨ᠂ ᠠᠷᠠᠳ ᠲᠤ ᠠᠰᠢᠭ ᠬᠦᠷᠲᠡᠭᠡᠬᠦ ᠪᠣᠳᠠᠲᠤ ᠶᠠᠪᠤᠳᠠᠯ ᠢ ᠰᠡᠳᠬᠢᠯ ᠲᠠᠯᠪᠢᠨ ᠦᠨᠡᠨ ᠰᠡᠳᠬᠢᠯ ᠠᠴᠠ ᠪᠠᠨ ᠰᠠᠶᠢᠲᠤᠷ ᠬᠢᠵᠦ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠨᠠᠷᠢᠯᠢᠭ ᠨᠠᠶᠢᠳᠠᠪᠤᠷᠢᠵᠢᠭᠤᠯᠵᠤ᠂ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠪᠡ᠃      ᠳᠠᠷᠠᠭ᠎ᠠ ᠨᠢ᠂ ᠬᠥᠬᠡ ᠡᠷᠭᠢ ᠪᠠᠯᠭᠠᠰᠤ ᠶᠢᠨ ᠹᠦ᠋ ᠷᠦ᠋ ᠳ᠋ᠦᠩ ᠲᠣᠰᠬᠤᠨ ᠳᠤ᠂ ᠶᠠᠩ ᠰᠢᠩ ᠱᠧᠩ ᠬᠢᠨᠠᠨ ᠰᠢᠯᠭᠠᠬᠤ ᠡᠷᠦᠬᠡ ᠪᠠᠷ ᠲᠤᠬᠠᠢ ᠶᠢᠨ ᠭᠠᠵᠠᠷ ᠲᠤᠨᠢ ᠬᠦᠷᠴᠦ᠂ ᠭᠡᠷ ᠪᠦᠯᠢ ᠶᠢᠨ ᠣᠷᠣᠯᠭ᠎ᠠ᠂ ᠡᠮ ᠡᠮᠨᠡᠯᠭᠡ ᠶᠢᠨ ᠪᠠᠲᠤᠯᠠᠪᠤᠷᠢ᠂ ᠦᠢᠯᠡᠳᠪᠦᠷᠢᠯᠡᠯ ᠠᠮᠢᠳᠤᠷᠠᠯ ᠵᠡᠷᠭᠡ ᠪᠠᠶᠢᠳᠠᠯ ᠢ ᠨᠠᠷᠢᠨ ᠤᠢᠢᠯᠠᠭᠠᠭᠰᠠᠨ ᠪᠥᠭᠡᠳ ᠬᠤᠯᠪᠣᠭᠳᠠᠯ ᠪᠦᠬᠦᠢ ᠺᠠᠳ᠋ᠷᠴᠤᠳ ᠲᠤ ᠲᠡᠳᠡᠨ ᠤ ᠡᠳᠦᠷ ᠲᠤᠳᠤᠮ ᠤᠨ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠴᠠᠭ ᠢᠮᠠᠭᠲᠠ ᠠᠩᠬᠠᠷᠴᠤ᠂ ᠬᠦᠴᠢᠷᠳᠡᠯᠲᠡᠢ ᠤᠯᠠᠨ ᠲᠦᠮᠡᠨ ᠤ ᠠᠮᠤᠷ ᠲᠦᠪᠰᠢᠨ ᠠᠶᠤᠯ ᠲᠦᠭᠰᠢᠭᠦᠷᠢ ᠠᠵᠤ ᠠᠮᠢᠳᠤᠷᠠᠯ ᠢ ᠰᠡᠳᠬᠢᠯ ᠳᠡᠭᠡᠨ ᠪᠤᠳᠤᠵᠤ᠂ ᠲᠦᠷᠦ ᠶᠢᠨ ᠪᠤᠳᠤᠯᠭ᠎ᠠ ᠶᠢ ᠭᠦᠢᠴᠡᠳ ᠤᠢᠢᠯᠠᠭᠠᠨ ᠭᠦᠢᠴᠡᠳ ᠬᠡᠷᠡᠭᠯᠡᠵᠦ᠂ ᠬᠠᠮᠤᠭ ᠤᠨ ᠶᠡᠭᠡ ᠴᠢᠷᠮᠠᠶᠢᠯᠭ᠎ᠠ ᠪᠠᠷ ᠢᠶᠠᠨ ᠲᠡᠳᠡᠨ ᠢ ᠬᠠᠪᠰᠤᠷᠤᠨ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠵᠦ ᠥᠭᠬᠦ ᠬᠡᠷᠡᠭᠲᠡᠢ ᠭᠡᠵᠦ ᠵᠠᠬᠢᠪᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号