12 ᠰᠠᠷ᠎ᠠ ᠶᠢᠨ 7 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ ᠭᠠᠵᠠᠷ ᠤᠨ ᠲᠤᠳᠤᠯᠠᠭᠰᠠᠨ ᠡᠪᠡᠳᠴᠢᠨ ᠤ ᠵᠢᠱᠢᠶ᠎ᠡ 51 ᠰᠢᠨ᠎ᠡ ᠪᠠᠷ | ᠨᠡᠮᠡᠭᠳᠡᠪᠡ᠂ ᠡᠭᠦᠨ ᠳᠤ ᠬᠥᠬᠡᠬᠤᠲᠠ ᠳᠤ 41᠂ ᠤᠯᠠᠭᠠᠨᠬᠠᠳᠠ ᠬᠤᠲᠠ ᠳᠤ 4᠂ ᠣᠷᠳᠣᠰ ᠬᠤᠲᠠ ᠳᠤ 6 ︵ | ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ ᠳᠤᠲᠤᠯᠠᠭᠰᠠᠨ ᠡᠪᠡᠳᠴᠢᠨ ᠤ ᠵᠢᠱᠢᠶ᠎ᠡ ᠪᠤᠯᠤᠭᠰᠠᠨ 2 | ᠪᠠᠭᠲᠠᠨ᠎ᠠ︶ ᠪᠤᠢ᠃ ᠲᠤᠬᠠᠢ ᠶᠢᠨ ᠭᠠᠵᠠᠷ ᠤᠨ ᠲᠣᠳᠣᠯᠠᠭᠰᠠᠨ 62 ᠡᠪᠡᠳᠴᠢᠨ ᠤ ᠵᠢᠱᠢᠶ᠎ᠡ ᠢᠯᠡᠷᠢᠰᠢᠵᠦ | ᠡᠮᠨᠡᠯᠭᠡ ᠠᠴᠠ ᠭᠠᠷᠪᠠ᠂ ᠡᠭᠦᠨ ᠳᠤ ᠬᠦᠬᠡᠬᠤᠲᠠ ᠳᠤ 47᠂ ᠬᠦᠯᠦᠨ ᠪᠤᠶᠢᠷ ᠬᠤᠲᠠ ᠳᠤ 5᠂ ᠬᠢᠩᠭᠠᠨ | ᠠᠶᠢᠮᠠᠭ ᠲᠤ 2᠂ ᠤᠯᠠᠭᠠᠨᠬᠠᠳᠠ ᠬᠤᠲᠠ ᠳᠤ 4᠂ ᠣᠷᠳᠣᠰ ᠬᠤᠲᠠ ᠳᠤ 4 ᠪᠤᠢ᠃ | 12 ᠰᠠᠷ᠎ᠠ ᠶᠢᠨ 7 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠳᠤ ᠲᠤᠬᠠᠢ ᠶᠢᠨ ᠭᠠᠵᠠᠷ ᠤᠨ ᠲᠤᠳᠤᠯᠠᠭᠰᠠᠨ ᠡᠪᠡᠳᠴᠢᠨ ᠤ ᠵᠢᠱᠢᠶ᠎ᠡ 641 ᠪᠠᠶᠢᠵᠤ᠂ ᠡᠭᠦᠨ ᠳᠤ | ᠬᠥᠬᠡᠬᠤᠲᠠ ᠳᠤ 394᠂ ᠬᠦᠯᠦᠨ ᠪᠤᠶᠢᠷ ᠬᠤᠲᠠ ᠳᠤ 79᠂ ᠬᠢᠩᠭᠠᠨ ᠠᠶᠢᠮᠠᠭ ᠲᠤ 1᠂ ᠤᠯᠠᠭᠠᠨᠬᠠᠳᠠ | ᠬᠤᠲᠠ ᠳᠤ 72᠂ ᠰᠢᠯᠢ ᠶᠢᠨ ᠭᠤᠤᠯ ᠠᠶᠢᠮᠠᠭ ᠲᠤ 1᠂ ᠤᠯᠠᠭᠠᠨᠴᠠᠪ ᠬᠤᠲᠠ ᠳᠤ 1᠂ ᠣᠷᠳᠣᠰ ᠬᠤᠲᠠ ᠳᠤ | 93 ᠪᠤᠢ᠃ | ᠲᠤᠬᠠᠢ ᠶᠢᠨ ᠡᠳᠦᠷ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠤᠳᠤᠯᠠᠭᠰᠠᠨ ᠡᠪᠡᠳᠴᠢᠨ ᠤ ᠵᠢᠱᠢᠶ᠎ᠡ | 1᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 1 ᠰᠢᠨ᠎ᠡ ᠪᠠᠷ ᠨᠡᠮᠡᠭᠳᠡᠵᠦ᠂ ᠲᠣᠳᠣᠯᠠᠭᠰᠠᠨ 6 | ᠡᠪᠡᠳᠴᠢᠨ ᠤ ᠵᠢᠱᠢᠶ᠎ᠡ ᠢᠯᠡᠷᠢᠰᠢᠵᠦ ᠡᠮᠨᠡᠯᠭᠡ ᠠᠴᠠ ᠭᠠᠷᠪᠠ᠂ ᠡᠪᠡᠳᠴᠢᠨ ᠤ ᠢᠯᠡᠷᠡᠯ ᠦᠭᠡᠢ 3 | ᠬᠠᠯᠳᠠᠪᠤᠷᠢᠯᠠᠭᠳᠠᠭᠴᠢ ᠶᠢ ᠠᠨᠠᠭᠠᠬᠤ ᠤᠬᠠᠭᠠᠨ ᠤ ᠠᠵᠢᠭᠯᠠᠯᠲᠠ ᠠᠴᠠ ︵ᠴᠦᠮ ᠨᠡᠶᠢᠰᠯᠡᠯ ᠤᠨ ᠤᠯᠠᠨ ᠤᠯᠤᠰ ᠤᠨ | ᠨᠢᠰᠭᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠦᠬᠡᠬᠤᠲᠠ ᠶᠢᠨ ᠴᠠᠭᠠᠨ ᠰᠤᠪᠤᠷᠭ᠎ᠠ ᠤᠯᠠᠨ ᠤᠯᠤᠰ ᠤᠨ | ᠨᠢᠰᠭᠡᠯ ᠤᠨ ᠪᠠᠭᠤᠳᠠᠯ ᠳᠤ ᠪᠠᠭᠤᠭᠰᠠᠳ︶ ᠭᠠᠷᠭᠠᠪᠠ᠃ | ᠲᠤᠬᠠᠢ ᠶᠢᠨ ᠡᠳᠦᠷ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 149 | ᠰᠢᠨ᠎ᠡ ᠪᠠᠷ ᠨᠡᠮᠡᠭᠳᠡᠵᠦ᠂ ᠡᠭᠦᠨ ᠳᠤ ᠬᠥᠬᠡᠬᠤᠲᠠ ᠳᠤ 32᠂ ᠪᠤᠭᠤᠲᠤ ᠬᠤᠲᠠ ᠳᠤ 15᠂ ᠬᠦᠯᠦᠨ ᠪᠤᠶᠢᠷ | ᠬᠤᠲᠠ ᠳᠤ 9᠂ ᠬᠢᠩᠭᠠᠨ ᠠᠶᠢᠮᠠᠭ ᠲᠤ 14᠂ ᠲᠦᠩᠯᠢᠶᠣᠤ ᠬᠤᠲᠠ ᠳᠤ 7᠂ ᠤᠯᠠᠭᠠᠨᠬᠠᠳᠠ ᠬᠤᠲᠠ ᠳᠤ 11᠂ | ᠰᠢᠯᠢ ᠶᠢᠨ ᠭᠤᠤᠯ ᠠᠶᠢᠮᠠᠭ ᠲᠤ 9᠂ ᠤᠯᠠᠭᠠᠨᠴᠠᠪ ᠬᠤᠲᠠ ᠳᠤ 10᠂ ᠣᠷᠳᠣᠰ ᠬᠤᠲᠠ ᠳᠤ 17᠂ ᠪᠠᠶᠠᠨᠨᠠᠭᠤᠷ | ᠬᠤᠲᠠ ᠳᠤ 19᠂ ᠦᠬᠠᠢ ᠬᠤᠲᠠ ᠳᠤ 6 ᠪᠣᠶ᠃ ᠲᠤᠬᠠᠢ ᠶᠢᠨ ᠡᠳᠦᠷ ᠲᠤᠬᠠᠢ ᠶᠢᠨ ᠭᠠᠵᠠᠷ ᠤᠨ ᠡᠪᠡᠳᠴᠢᠨ ᠤ | ᠢᠯᠡᠷᠡᠯ ᠦᠭᠡᠢ 373 ᠬᠠᠯᠳᠠᠪᠤᠷᠢᠯᠠᠭᠳᠠᠭᠴᠢ ᠶᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠂ ᠡᠭᠦᠨ ᠳᠤ | ᠬᠦᠬᠡᠬᠤᠲᠠ ᠳᠤ 76᠂ ᠪᠤᠭᠤᠲᠤ ᠬᠤᠲᠠ ᠳᠤ 17᠂ ᠬᠦᠯᠦᠨ ᠪᠤᠶᠢᠷ ᠬᠤᠲᠠ ᠳᠤ 5᠂ ᠬᠢᠩᠭᠠᠨ ᠠᠶᠢᠮᠠᠭ ᠲᠤ | 81᠂ ᠲᠦᠩᠯᠢᠶᠣᠤ ᠬᠤᠲᠠ ᠳᠤ 54᠂ ᠤᠯᠠᠭᠠᠨᠬᠠᠳᠠ ᠬᠤᠲᠠ ᠳᠤ 31᠂ ᠰᠢᠯᠢ ᠶᠢᠨ ᠭᠤᠤᠯ ᠠᠶᠢᠮᠠᠭ ᠲᠤ 18᠂ | ᠤᠯᠠᠭᠠᠨᠴᠠᠪ ᠬᠤᠲᠠ ᠳᠤ 30᠂ ᠣᠷᠳᠣᠰ ᠬᠤᠲᠠ ᠳᠤ 23᠂ ᠪᠠᠶᠠᠨᠨᠠᠭᠤᠷ ᠬᠤᠲᠠ ᠳᠤ 22᠂ ᠦᠬᠠᠢ ᠬᠤᠲᠠ ᠳᠤ | 10᠂ ᠠᠯᠠᠱᠠ ᠠᠶᠢᠮᠠᠭ ᠲᠤ 6 ᠪᠤᠢ᠃ ᠳᠡᠭᠡᠷ᠎ᠡ ᠳᠤᠷᠠᠳᠤᠭᠰᠠᠨ ᠬᠥᠮᠥᠰ ᠢ ᠪᠦᠭᠦᠨ ᠢ ᠲᠣᠭᠲᠠᠭᠰᠠᠨ ᠡᠮᠨᠡᠯᠭᠡ ᠶᠢᠨ | ᠬᠤᠷᠢᠶ᠎ᠠ ᠳᠤ ᠲᠤᠰᠠᠭᠠᠷᠯᠠᠨ ᠡᠮᠴᠢᠯᠡᠬᠦ ᠪᠤᠶᠤ ᠴᠢᠩᠭᠡᠯᠢᠭ ᠡᠮᠨᠡᠯᠭᠡ ᠶᠢᠨ ᠬᠤᠷᠢᠶ᠎ᠠ ᠳᠤ ᠠᠨᠠᠭᠠᠬᠤ ᠤᠬᠠᠭᠠᠨ ᠤ | ᠠᠵᠢᠭᠯᠠᠯᠲᠠ ᠬᠢᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠭᠠᠵᠠᠷ ᠲᠥᠪᠯᠡᠷᠡᠭᠦᠯᠦᠨ ᠠᠨᠠᠭᠠᠬᠤ | ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠤᠶ᠃ |