ᠮᠠᠨ ᠤ ᠰᠢᠶᠠᠨ ᠤᠯᠤᠰ ᠤᠨ ᠥᠮᠴᠢᠯᠡᠯ ᠤᠨ ᠡᠳ᠋ ᠬᠦᠷᠦᠩᠭᠡ ᠪᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠠᠵᠢᠯᠯᠠᠭᠠᠨ ᠤ ᠲᠤᠰᠬᠠᠢ ᠰᠡᠳᠦᠪᠲᠦ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/12/9
    12 ᠰᠠᠷ᠎ᠠ ᠶᠢᠨ 2 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠤᠯᠤᠰ ᠤᠨ ᠥᠮᠴᠢᠯᠡᠯ ᠤᠨ ᠡᠳ᠋ ᠬᠥᠷᠥᠩᠭᠡ ᠪᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠠᠵᠢᠯᠯᠠᠭᠠᠨ ᠤ ᠲᠤᠰᠬᠠᠶ ᠰᠡᠳᠦᠪᠲᠦ ᠬᠤᠷᠠᠯ ᠬᠤᠷᠠᠯᠳᠤᠪᠠ᠃      ᠬᠤᠷᠠᠯ ᠳᠡᠭᠡᠷ᠎ᠡ᠂ ᠡᠳ᠋ ᠤᠨ ᠵᠠᠰᠠᠭ ᠤᠨ ᠲᠣᠪᠴᠢᠶ᠎ᠠ ᠶᠢᠨ ᠬᠠᠷᠢᠭᠤᠴᠠᠯᠭᠠᠲᠠᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢ ᠢᠯᠭᠠᠷᠠᠭᠤᠯᠤᠨ ᠡᠮᠬᠢᠯᠡᠨ ᠨᠡᠶᠢᠯᠡᠭᠦᠯᠦᠭᠰᠡᠨ ᠠᠵᠢᠯ ᠤᠨ ᠪᠠᠶᠢᠳᠠᠯ ᠢᠶᠠᠨ ᠬᠠᠷᠢᠭᠤ ᠮᠡᠳᠡᠭᠦᠯᠪᠡ᠂ ᠲᠠᠷᠢᠶᠠᠯᠠᠩ ᠣᠶ ᠰᠢᠭᠤᠶ ᠶᠢᠨ ᠪᠠᠯᠠ ᠣᠷᠣᠭᠤᠯᠤᠯᠲᠠ ᠶᠢᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠯᠦᠩ ᠶᠤᠸᠠᠨ ᠰᠣᠶᠣᠯ ᠵᠢᠭᠤᠯᠴᠢᠯᠠᠯ ᠤᠨ ᠪᠠᠯᠠ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠹᠦ᠋ ᠴᠤᠸᠠᠨ ᠤᠰᠤᠨ ᠤ ᠶᠠᠪᠤᠳᠠᠯ ᠤᠨ ᠪᠠᠯᠠ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ᠂ ᠦᠴᠤᠸᠠᠨ ᠰᠢᠶᠠᠨ ᠤ ᠴᠧᠩ ᠹᠠ ᠪᠦᠯᠦᠭᠯᠡᠯ ᠤᠨ ᠬᠠᠷᠢᠭᠤᠴᠠᠯᠭᠠᠲᠠᠨ ᠲᠣᠰ ᠺᠣᠮᠫᠠᠨᠢ ᠶᠢᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠪᠠ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢ ᠡᠮᠬᠢᠯᠡᠨ ᠨᠡᠶᠢᠯᠡᠭᠦᠯᠬᠦ ᠠᠵᠢᠯ ᠤᠨ ᠬᠤᠯᠪᠣᠭᠳᠠᠯ ᠪᠥᠬᠦᠶ ᠪᠠᠶᠢᠳᠠᠯ ᠢᠶᠠᠨ ᠲᠣᠰ ᠲᠣᠰ ᠬᠠᠷᠢᠭᠤ ᠮᠡᠳᠡᠭᠦᠯᠪᠡ᠃      ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠵᠣᠭᠰᠣᠴᠠ ᠪᠠᠨ ᠳᠡᠭᠡᠭᠰᠢᠯᠡᠭᠦᠯᠵᠦ᠂ ᠪᠦᠬᠦ ᠰᠢᠶᠠᠨ ᠤ ︽ᠨᠢᠭᠡ ᠬᠥᠯᠭᠡ ᠰᠢᠳᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠪᠦᠬᠦ ᠰᠢᠶᠠᠨ ᠤ ᠠᠵᠤ ᠠᠬᠤᠢ ᠶᠢᠨ ᠬᠥᠭᠵᠢᠯᠲᠡ ᠶᠢᠨ ᠶᠡᠭᠡ ᠲᠠᠯ᠎ᠠ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠥᠭᠵᠢᠯᠲᠡ ᠶᠢᠨ ᠠᠯᠤᠰ ᠬᠡᠳᠤ ᠶᠢᠨ ᠠᠰᠢᠭ ᠲᠤᠰᠠ ᠶᠢᠨ ᠲᠠᠯ᠎ᠠ ᠳᠤ ᠦᠨᠡᠨᠬᠦ ᠵᠣᠭᠰᠣᠵᠤ᠂ ᠢᠯᠠᠭᠳᠠᠰᠢ ᠦᠭᠡᠢ ᠡᠷᠡᠰ ᠵᠣᠷᠢᠭ ᠢᠶᠠᠷ ᠠᠯᠢᠪᠠ ᠬᠠᠷᠰᠢ ᠰᠠᠭᠠᠳ ᠢ ᠠᠷᠢᠯᠭᠠᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠶᠡᠭᠡ ᠠᠯᠬᠤᠮ ᠢᠶᠠᠷ ᠤᠷᠤᠭᠰᠢᠯᠠᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠡᠬᠢ ᠪᠠᠶᠠᠯᠢᠭ ᠤᠨ ᠳᠠᠪᠠᠭᠤᠯᠢᠭ ᠲᠠᠭᠠᠨ ᠲᠦᠰᠢᠭᠯᠡᠨ᠂ ᠬᠦᠴᠦᠨ ᠢᠶᠠᠨ ᠲᠥᠪᠯᠡᠷᠡᠭᠦᠯᠦᠨ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠪᠠᠶᠢᠷᠢᠯᠠᠭᠤᠯᠬᠤ ᠶᠢ ᠲᠡᠮᠵᠢᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠪᠤᠳᠠᠲᠤ ᠠᠵᠤ ᠠᠬᠤᠢ ᠶᠢ ᠪᠤᠲᠠᠲᠠᠶᠢᠵᠢᠭᠤᠯᠤᠨ᠎ᠠ᠃ ᠬᠠᠤᠯᠢ ᠪᠠᠷ ᠵᠠᠰᠠᠬᠤ ᠠᠷᠭ᠎ᠠ ᠬᠡᠯᠪᠡᠷᠢ ᠪᠠᠷ ᠤᠯᠤᠰ ᠤᠨ ᠥᠮᠴᠢᠯᠡᠯ ᠤᠨ ᠡᠳ᠋ ᠬᠦᠷᠦᠩᠭᠡ᠂ ᠡᠬᠢ ᠪᠠᠶᠠᠯᠢᠭ ᠢ ᠴᠡᠪᠡᠷᠯᠡᠨ ᠨᠡᠶᠢᠳᠬᠡᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠪᠠᠭᠲᠠᠭᠠᠮᠵᠢ ᠶᠢ ᠶᠡᠬᠡᠰᠬᠡᠬᠦ ᠬᠡᠷᠡᠭᠲᠡᠢ᠃ ᠰᠢᠶᠠᠨ ᠤ ᠬᠠᠷᠢᠶᠠᠨ ᠳᠠᠬᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠲᠤᠰᠬᠠᠶᠢᠵᠢᠭᠰᠠᠨ ᠲᠠᠬᠢᠨ ᠵᠣᠬᠢᠶᠠᠨ ᠪᠠᠶᠢᠭᠤᠯᠬᠤ ᠲᠦᠷᠢᠮ ᠤᠨ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠥᠮᠦᠨ᠂ ᠵᠣᠭᠤᠰ ᠮᠥᠩᠭᠦ᠂ ᠪᠣᠳᠠᠰ ᠤᠨ ᠦᠷ᠎ᠡ ᠠᠰᠢᠭ ᠢ ᠬᠠᠮᠤᠭ ᠤᠨ ᠶᠡᠭᠡ ᠪᠠᠷ ᠪᠠᠳᠠᠷᠠᠭᠤᠯᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠦᠢᠯᠡᠳᠦᠯ ᠴᠢᠳᠠᠪᠤᠷᠢ ᠶᠢ ᠬᠦᠴᠦᠷᠬᠡᠭᠵᠢᠭᠦᠯᠬᠦ ᠬᠡᠷᠡᠭᠲᠡᠢ᠃      ᠬᠤᠷᠠᠯ ᠠᠴᠠ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠪᠠᠶᠢᠳᠠᠯ ᠪᠠᠴᠢᠮ ᠲᠤᠯᠭᠠᠮ᠎ᠠ ᠪᠠᠶᠢᠨ᠎ᠠ᠂ ᠪᠦᠬᠦ ᠰᠢᠶᠠᠨ ᠤ ᠳᠡᠭᠡᠳᠦ ᠲᠤᠤᠷᠠᠳᠤ ᠱᠠᠳᠤ ᠪᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠤᠬᠠᠭᠤᠯᠤᠨ ᠳᠠᠶᠢᠴᠢᠯᠠᠬᠤ ᠶᠢ ᠴᠢᠩᠭᠠᠳᠬᠠᠵᠤ᠂ ᠠᠷᠭ᠎ᠠ ᠪᠤᠳᠤᠯᠭ᠎ᠠ ᠲᠣᠭᠲᠠᠭᠠᠵᠤ ᠲᠦᠷᠭᠡᠨ ᠬᠥᠳᠡᠯᠦᠯᠴᠡᠬᠦ᠂ ᠤᠯᠠᠨ ᠲᠠᠯ᠎ᠠ ᠪᠠᠷ ᠬᠤᠯᠪᠣᠭᠠᠯᠠᠨ ᠬᠥᠳᠡᠯᠦᠯᠴᠡᠬᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠢ᠃ ᠮᠥᠷᠳᠡᠨ ᠱᠠᠯᠠᠪᠳᠠᠭᠤᠯᠤᠨ ᠭᠦᠢᠴᠡᠳᠬᠡᠬᠦ ᠶᠢ ᠴᠢᠩᠭᠠᠳᠬᠠᠵᠤ᠂ ᠱᠠᠯᠠᠪᠳᠠᠭᠤᠯᠤᠨ ᠪᠠᠶᠢᠴᠠᠭᠠᠵᠤ ᠬᠢᠨᠠᠨ ᠰᠢᠯᠭᠠᠬᠤ ᠳᠣᠬᠢᠭᠤᠷ ᠤᠨ ᠦᠢᠯᠡᠳᠦᠯ ᠢ ᠦᠨᠡᠨᠬᠦ ᠪᠠᠳᠠᠷᠠᠭᠤᠯᠵᠤ᠂ ᠴᠠᠭ ᠤᠨ ᠨᠠᠷᠢᠨ ᠳᠠᠩᠰᠠ᠂ ᠡᠭᠦᠷᠭᠡ ᠶᠢᠨ ᠨᠠᠷᠢᠨ ᠳᠠᠩᠰᠠ᠂ ᠠᠰᠠᠭᠤᠳᠠᠯ ᠤᠨ ᠨᠠᠷᠢᠨ ᠳᠠᠩᠰᠠ᠂ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠪᠠᠶᠢᠭᠤᠯᠵᠤ᠂ ᠨᠢᠭᠡ ᠡᠳᠦᠷ ᠲᠤ ᠨᠢᠭᠡ ᠳᠠᠭᠠᠬᠤ᠂ ᠨᠢᠭᠡ ᠭᠠᠷᠠᠭ ᠲᠤ ᠨᠢᠭᠡ ᠳᠤᠬᠢᠷᠠᠭᠤᠯᠬᠤ᠂ ᠨᠢᠭᠡ ᠰᠠᠷ᠎ᠠ ᠳᠤ ᠨᠢᠭᠡ ᠵᠠᠷᠯᠠᠨ ᠮᠡᠳᠡᠭᠳᠡᠬᠦ ᠶᠢ ᠬᠡᠷᠡᠭᠵᠢᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠲᠦᠷᠭᠡᠨ ᠠᠬᠢᠭᠤᠯᠵᠤ᠂ ᠰᠢᠶᠠᠨ ᠤ ᠬᠡᠪᠴᠢᠶᠡᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号