ᠬᠦᠬᠡᠬᠤᠲᠠ ᠶᠢᠨ ᠡᠩ ᠤᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠶᠢ ᠲᠦᠷᠭᠡᠳᠬᠡᠨ ᠠᠬᠢᠭᠤᠯᠬᠤ ᠲᠤᠬᠠᠶ ᠭᠤᠷᠪᠠᠨ ᠵᠢᠯ ︵2022 — 2024 ᠣᠨ︶ ᠤᠨ ᠬᠡᠷᠡᠭᠵᠢᠭᠦᠯᠬᠦ ᠲᠥᠰᠦᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/2/10
     ᠨᠢᠭᠡ᠂ ᠲᠣᠭᠲᠠᠭᠠᠭᠰᠠᠨ ᠠᠬᠤᠶ ᠪᠠᠶᠢᠳᠠᠯ      ᠡᠬᠢ ᠪᠠᠶᠠᠯᠢᠭ ᠢ ᠠᠷᠪᠢᠯᠠᠬᠤ ᠪᠠ ᠣᠷᠴᠢᠨ ᠲᠣᠭᠤᠷᠢᠨ ᠢ ᠬᠠᠮᠠᠭᠠᠯᠠᠬᠤ ᠪᠣᠯ ᠮᠠᠨ ᠤ ᠤᠯᠤᠰ ᠤᠨ ᠦᠨᠳᠦᠰᠦᠨ ᠪᠤᠳᠤᠯᠭ᠎ᠠ ᠮᠥᠨ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠵᠢᠴᠢ ᠲᠡᠭᠦᠨ ᠤ ᠠᠵᠤ ᠦᠢᠯᠡᠰ ᠤᠨ ᠬᠥᠭᠵᠢᠯᠲᠡ ᠨᠢ ᠬᠥᠬᠡᠬᠤᠲᠠ ᠶᠢᠨ ᠪᠣᠬᠢᠷᠲᠤᠯ ᠦᠭᠡᠢ ᠣᠷᠴᠢᠯ ᠠᠵᠤ ᠠᠬᠤᠢ ᠶᠢ ᠬᠦᠭᠵᠢᠬᠦᠯᠵᠦ᠂ ᠡᠬᠢ ᠪᠠᠶᠠᠯᠢᠭ ᠢ ᠠᠷᠪᠢᠯᠠᠬᠤ ᠬᠡᠯᠪᠡᠷᠢ ᠶᠢᠨ᠂ ᠣᠷᠴᠢᠨ ᠲᠣᠭᠤᠷᠢᠨ ᠲᠠᠢ ᠨᠥᠬᠦᠷᠰᠡᠭ ᠬᠡᠯᠪᠡᠷᠢ ᠶᠢᠨ ᠨᠡᠶᠢᠭᠡᠮ ᠢ ᠡᠭᠦᠳᠦᠨ ᠪᠠᠶᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠬᠥᠬᠡᠬᠤᠲᠠ ᠶᠢᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠠᠵᠤ ᠦᠢᠯᠡᠰ ᠤᠨ ᠴᠢᠨᠠᠷ ᠰᠠᠶᠢᠲᠠᠶ᠂ ᠳᠡᠭᠡᠳᠦ ᠬᠤᠷᠳᠤᠴᠠ ᠲᠠᠢ᠂ ᠦᠷᠭᠦᠯᠵᠢᠯᠡᠬᠦ ᠬᠥᠭᠵᠢᠯᠲᠡ ᠶᠢᠨ ᠰᠠᠶᠢᠨ ᠣᠷᠴᠢᠯ ᠳᠤ ᠣᠷᠣᠬᠤ ᠶᠢ ᠠᠬᠢᠭᠤᠯᠵᠤ᠂ ᠬᠥᠬᠡᠬᠤᠲᠠ ᠶᠢᠨ 2024 ᠣᠨ ᠪᠣᠯᠲᠠᠯ᠎ᠠ ᠭᠤᠤᠯ ᠪᠣᠯᠬᠤ ᠠᠵᠤ  ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢᠨ ᠬᠠᠷᠠᠯᠲᠠ ᠶᠢᠨ ᠡᠭᠦᠷᠭᠡ ᠶᠢ ᠤᠷᠤᠭᠰᠢᠲᠠᠶ ᠪᠡᠶᠡᠯᠡᠭᠦᠯᠵᠦ ᠶᠢ ᠪᠠᠲᠤᠯᠠᠵᠤ᠂ ᠣᠷᠣᠨ ᠤ ᠲᠥᠪ ᠬᠤᠲᠠ ᠶᠢ ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠪᠣᠯᠭᠠᠨ ᠪᠥᠲᠥᠭᠡᠨ ᠪᠠᠶᠢᠭᠤᠯᠬᠤ ᠳᠤ ᠬᠦᠴᠦᠨ ᠨᠡᠮᠡᠷᠢᠯᠡᠬᠦ ᠶᠢᠨ ᠲᠦᠯᠦᠭᠡ᠂ ᠮᠠᠨ ᠤ ᠬᠤᠲᠠ ︽ᠬᠥᠬᠡᠬᠤᠲᠠ ᠶᠢᠨ ᠡᠩ ᠤᠨ ᠠᠵᠤ  ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠶᠢ ᠲᠦᠷᠭᠡᠳᠬᠡᠨ ᠠᠬᠢᠭᠤᠯᠬᠤ ᠲᠤᠬᠠᠶ ᠭᠤᠷᠪᠠᠨ ᠵᠢᠯ ︵2022 — 2024 ᠣᠨ︶ ᠤᠨ ᠬᠡᠷᠡᠭᠵᠢᠭᠦᠯᠬᠦ ᠲᠥᠰᠦᠯ ︾ ᠵᠢᠴᠢ ᠢᠵᠢ ᠪᠥᠷᠢᠳᠦᠭᠦᠯᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠪᠠ᠃      ᠬᠤᠶᠠᠷ᠂ ᠲᠣᠭᠲᠠᠭᠠᠭᠰᠠᠨ ᠶᠠᠪᠤᠴᠠ      ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ ᠲᠦᠷᠦᠭᠦᠯᠡᠨ ᠬᠤᠲᠠ ᠶᠢᠨ ᠬᠠᠮᠢᠶ᠎ᠠ ᠪᠦᠬᠦᠢ ᠰᠢᠭᠤᠳ ᠬᠠᠷᠢᠶ᠎ᠠ ᠰᠠᠯᠠᠭ᠎ᠠ ᠮᠥᠴᠢᠷ᠂ ᠬᠠᠮᠢᠶ᠎ᠠ ᠪᠦᠬᠦᠢ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ᠂ ᠭᠤᠣᠯᠳᠠᠯᠭ᠎ᠠ ᠲᠠᠢ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠱᠠᠨ ᠰᠢ ᠮᠤᠵᠢ ᠶᠢᠨ ᠱᠦᠸᠧᠵᠸᠦ ᠬᠤᠲᠠ ᠳᠤ ᠬᠦᠷᠴᠦ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠶᠢ ᠠᠬᠢᠭᠤᠯᠬᠤ ᠠᠵᠢᠯ ᠢ ᠰᠢᠨᠵᠢᠯᠡᠨ ᠪᠠᠶᠢᠴᠠᠭᠠᠭᠰᠠᠨ ᠰᠠᠭᠤᠷᠢᠨ ᠳᠡᠭᠡᠷ᠎ᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠴᠢᠯ ᠠᠵᠤ ᠠᠬᠤᠶ ᠶᠢ ᠠᠬᠢᠭᠤᠯᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠴᠢᠨ ᠲᠣᠭᠤᠷᠢᠨ ᠢ ᠬᠠᠮᠠᠭᠠᠯᠠᠬᠤ ᠬᠠᠤᠯᠢ︾ ︽ᠨᠤᠨᠲᠠᠭ ᠨᠡᠭᠦᠷᠡᠰᠦᠨ ᠤ ᠦᠨᠡᠰᠦ ᠶᠢ ᠶᠡᠷᠦᠩᠬᠡᠶᠢᠯᠡᠨ ᠠᠰᠢᠭᠯᠠᠬᠤ ᠬᠠᠮᠢᠶᠠᠷᠤᠯᠲᠠ ᠶᠢᠨ ᠠᠷᠭ᠎ᠠ︾ ᠶᠣᠰᠣᠭᠠᠷ᠂ ᠱᠠᠨ ᠰᠢ ᠶᠢᠨ ᠱᠦᠸᠧᠵᠸᠦ ᠶᠢᠨ ᠬᠠᠮᠢᠶ᠎ᠠ ᠪᠥᠬᠦᠶ ᠲᠥᠰᠦᠯ ᠲᠥᠷᠥ ᠶᠢᠨ ᠪᠣᠳᠣᠯᠭ᠎ᠠ ᠪᠠᠷ ᠯᠠᠪᠯᠠᠯᠲᠠ ᠪᠣᠯᠭᠠᠵᠤ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ᠬᠤᠲᠠ ᠶᠢᠨ ᠡᠯ᠎ᠡ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠬᠤᠰᠢᠭᠤ ᠰᠢᠶᠠᠨ ᠲᠣᠭᠤᠷᠢᠭ ᠪᠠ ᠭᠤᠤᠯᠳᠠᠯᠭ᠎ᠠ ᠲᠠᠢ ᠬᠠᠲᠠᠭᠤ ᠪᠡᠶᠡᠲᠦ ᠬᠠᠶᠠᠭᠳᠠᠮᠠᠯ ᠪᠣᠳᠠᠰ ᠭᠠᠷᠭᠠᠬᠤ ᠠᠵᠤ ᠠᠬᠤᠶᠢᠯᠠᠯ ᠤᠨ ᠰᠠᠨᠠᠯ ᠰᠠᠨᠠᠭᠤᠯᠭ᠎ᠠ ᠶᠢ ᠬᠤᠷᠢᠶᠠᠵᠤ᠂ ᠳᠠᠬᠢᠨ ᠳᠠᠪᠲᠠᠨ ᠶᠠᠷᠢᠯᠴᠠᠨ ᠵᠠᠰᠠᠪᠤᠷᠢ ᠣᠷᠣᠭᠤᠯᠤᠭᠠᠳ᠂ ᠵᠠᠰᠠᠭ ᠤᠨ ᠣᠷᠳᠣᠨ ᠳᠤ ᠳᠡᠪᠰᠢᠭᠦᠯᠵᠦ ᠬᠢᠨᠠᠨ ᠶᠠᠷᠢᠯᠴᠠᠭᠤᠯᠤᠭᠰᠠᠨ ᠤ ᠳᠠᠷᠠᠭ᠎ᠠ ︽ᠬᠥᠬᠡᠬᠤᠲᠠ ᠶᠢᠨ ᠡᠩ ᠤᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠶᠢ ᠲᠦᠷᠭᠡᠳᠬᠡᠨ ᠠᠬᠢᠭᠤᠯᠬᠤ ᠲᠤᠬᠠᠶ ᠭᠤᠷᠪᠠᠨ ᠵᠢᠯ ︵2022 — 2024 ᠣᠨ︶ ᠤᠨ ᠬᠡᠷᠡᠭᠵᠢᠭᠦᠯᠬᠦ ᠲᠥᠰᠦᠯ︾ ᠵᠢᠴᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠣᠶ ᠪᠣᠯᠭᠠᠪᠠ᠃      ᠭᠤᠷᠪᠠ᠂ ᠭᠤᠣᠯ ᠠᠭᠤᠯᠭ᠎ᠠ      ︽ᠲᠥᠰᠦᠯ︾ ᠳᠤ ᠳᠥᠷᠪᠡᠨ ᠭᠤᠤᠯ ᠬᠠᠷᠠᠯᠲᠠ᠂ ᠲᠤᠯᠤᠭᠠᠨ ᠭᠤᠤᠯᠳᠠᠯᠭ᠎ᠠ ᠲᠠᠢ ᠡᠭᠦᠷᠭᠡ ᠶᠢ ᠳᠤᠷᠠᠳᠤᠨ ᠭᠠᠷᠭᠠᠵᠤ᠂ ᠴᠠᠭ ᠬᠤᠭᠤᠴᠠᠭ᠎ᠠ ᠪᠠᠷ ᠭᠠᠵᠠᠷ ᠣᠷᠣᠨ ᠬᠤᠪᠢᠶᠠᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠯ᠎ᠡ ᠰᠠᠯᠠᠭ᠎ᠠ ᠮᠥᠴᠢᠷ ᠤᠳ ᠠᠵᠢᠯ ᠬᠤᠪᠢᠶᠠᠷᠢᠯᠠᠨ ᠬᠠᠷᠠᠯᠲᠠ ᠡᠭᠦᠷᠭᠡ ᠪᠠᠨ ᠤᠷᠤᠭᠰᠢᠲᠠᠶ ᠪᠡᠶᠡᠯᠡᠭᠦᠯᠬᠦ ᠶᠢ ᠪᠠᠲᠤᠯᠠᠨ᠎ᠠ᠃      ︵ᠨᠢᠭᠡ︶ ᠭᠤᠣᠯ ᠬᠠᠷᠠᠯᠲᠠ      ᠨᠢᠭᠡ ᠳᠤ 2024 ᠣᠨ ᠪᠣᠯᠬᠤ ᠳᠤ᠂ ᠭᠤᠣᠯ ᠪᠣᠯᠬᠤ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠨᠤᠷᠮ᠎ᠠ ᠶᠢ 2020 ᠣᠨ ᠳᠤ 22.1% ᠪᠠᠶᠢᠭᠰᠠᠨ ᠠᠴᠠ 60% ᠪᠣᠯᠲᠠᠯ᠎ᠠ ᠳᠡᠭᠡᠭᠰᠢᠯᠡᠭᠦᠯᠦᠨ᠎ᠡ᠃ ᠬᠤᠶᠠᠷ ᠲᠤ ︽ᠬᠤᠶᠠᠷ ᠬᠦᠷᠢᠶᠡᠯᠡᠩ ᠣᠯᠠᠨ ᠴᠡᠭ︾ ᠤᠨ ᠶᠡᠷᠦᠩᠬᠡᠶᠢᠯᠡᠨ ᠠᠰᠢᠭᠯᠠᠬᠤ ᠠᠵᠤ  ᠦᠢᠯᠡᠰ ᠤᠨ ᠰᠢᠰᠲ᠋ᠧᠮᠵᠢ ᠶᠢ ᠦᠨᠳᠦᠰᠦᠨ ᠳᠡᠭᠡᠨ ᠬᠡᠯᠪᠡᠷᠢᠵᠢᠭᠦᠯᠵᠦ᠂ ᠲᠣᠭᠲᠠᠬᠤ ᠰᠢᠶᠠᠨ᠂ ᠬᠤᠷᠢᠨᠭᠡᠷ ᠰᠢᠶᠠᠨ ᠳᠤ ᠲᠣᠰ ᠲᠣᠰ ᠶᠡᠷᠦᠩᠬᠡᠶᠢᠯᠡᠨ ᠠᠰᠢᠭᠯᠠᠬᠤ ᠠᠵᠤ ᠦᠢᠯᠡᠰ ᠲᠥᠪᠯᠡᠷᠡᠭᠰᠡᠨ ᠣᠷᠣᠨ ᠪᠤᠶᠤ ᠬᠦᠷᠢᠶᠡᠯᠡᠩ ᠤᠨ ᠳᠤᠮᠳᠠᠬᠢ ᠬᠦᠷᠢᠶᠡᠯᠡᠩ ᠢ ᠪᠤᠶᠢᠵᠢᠭᠤᠯᠤᠨ᠎ᠠ᠃ ᠭᠤᠷᠪᠠ ᠳᠤ᠂ 2024 ᠣᠨ ᠪᠣᠯᠬᠤ ᠳᠤ ᠪᠦᠬᠦ ᠬᠤᠳᠠ ᠳᠤ 2 — 3 ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠮᠡᠷᠭᠡᠵᠢᠯ ᠤᠨ ᠬᠤᠯᠪᠣᠭ᠎ᠠ ᠪᠤᠶᠤ ᠠᠵᠤ ᠦᠢᠯᠡᠰ ᠰᠤᠷᠭᠠᠨ ᠬᠦᠮᠦᠵᠢᠯ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠪᠠᠶᠢᠭᠤᠯᠤᠨ᠎ᠠ᠃ ᠲᠦᠷᠪᠡ ᠳᠤ 2024 ᠣᠨ ᠪᠣᠯᠬᠤ ᠳᠤ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠵᠢᠯ ᠤᠨ ᠭᠠᠳᠠᠭᠰᠢ ᠲᠡᠭᠡᠭᠡᠪᠦᠷᠢᠯᠡᠬᠦ ᠬᠡᠮᠵᠢᠶ᠎ᠡ ᠶᠢ 200 ᠲᠦᠮᠡᠨ ᠲᠣᠨ ᠳᠤ ᠬᠦᠷᠭᠡᠵᠦ᠂ ᠬᠥᠬᠡᠬᠤᠲᠠ ᠵᠢᠴᠢ ᠡᠷᠬᠢᠨ ᠲᠣᠭᠤᠷᠢᠨ ᠤ ᠬᠤᠳᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠬᠢᠮᠢ ᠶᠢᠨ ᠠᠵᠤ ᠦᠢᠯᠡᠳᠪᠦᠷᠢ ᠶᠢᠨ ᠥᠩᠭᠡᠲᠦ ᠲᠡᠮᠦᠷᠯᠢᠭ ᠤᠨ ᠠᠵᠢᠯ ᠲᠦᠷᠦᠯ᠂ ᠬᠥᠷᠥᠰᠥ ᠰᠢᠷᠣᠢ ᠶᠢ ᠰᠠᠶᠢᠵᠢᠷᠠᠭᠤᠯᠬᠤ᠂ ᠠᠮᠢ ᠠᠬᠤᠢ ᠶᠢᠨ ᠰᠠᠪᠠ ᠭᠠᠵᠠᠷ ᠢ ᠵᠠᠰᠠᠬᠤ ᠵᠡᠷᠭᠡ ᠡᠯ᠎ᠡ ᠲᠦᠷᠦᠯ ᠤᠨ ᠢᠨᠵᠧᠨᠧᠷᠢᠩ ᠤᠨ ᠬᠡᠷᠡᠭᠯᠡᠭᠡᠨ ᠤ ᠲᠤᠰ ᠭᠠᠵᠠᠷ ᠤᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ 400 ᠲᠦᠮᠡᠨ ᠲᠣᠨ ᠣᠷᠴᠢᠮ ᠶᠡᠷᠦᠩᠬᠡᠶᠢᠯᠡᠨ ᠠᠰᠢᠭᠯᠠᠵᠤ᠂ ᠤᠯᠠᠨ ᠠᠷᠭ᠎ᠠ ᠵᠠᠮ᠂ ᠤᠯᠠᠨ ᠬᠦᠷᠢᠶᠡᠨ ᠳᠤ ᠠᠰᠢᠭᠯᠠᠬᠤ ᠵᠠᠬ᠎ᠠ ᠳᠡᠯᠭᠡᠭᠦᠷ ᠢ ᠲᠣᠭᠲᠠᠭᠤᠨ ᠪᠣᠯᠭᠠᠨ᠎ᠠ᠃      ︵ᠬᠤᠶᠠᠷ︶ ᠭᠤᠣᠯᠳᠠᠯᠭ᠎ᠠ ᠲᠠᠢ ᠡᠭᠦᠷᠭᠡ      ᠨᠢᠭᠡ ᠳᠤ ᠢᠯᠴᠢ ᠶᠢᠨ ᠴᠠᠬᠢᠯᠭᠠᠨ ᠤ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠡᠯ᠎ᠡ ᠢᠯᠴᠢ ᠶᠢᠨ ᠴᠠᠬᠢᠯᠭᠠᠨ ᠤ ᠠᠵᠤ ᠠᠬᠤᠶᠢᠯᠠᠯ ᠤᠨ ᠣᠳᠣᠬᠠᠨ ᠤ ᠠᠵᠤ ᠦᠢᠯᠡᠳᠪᠦᠷᠢ  ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠠᠰᠢᠭᠯᠠᠯᠲᠠ ᠶᠢᠨ ᠨᠣᠷᠮ᠎ᠠ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠠᠰᠢᠭᠯᠠᠯᠲᠠ ᠶᠢᠨ ᠭᠠᠳᠠᠭᠰᠢ ᠲᠡᠭᠡᠭᠡᠪᠦᠷᠢᠯᠡᠬᠦ ᠬᠡᠪᠴᠢᠶ᠎ᠡ ᠪᠠ ᠭᠠᠵᠠᠷ ᠣᠷᠣᠨ ᠵᠢᠴᠢ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠠᠰᠢᠭᠯᠠᠯᠲᠠ ᠶᠢᠨ ᠨᠣᠷᠮ᠎ᠠ ᠶᠢᠨ ᠳᠠᠯᠳᠠ ᠬᠦᠴᠦᠨ ᠢ ᠳᠡᠭᠡᠭᠰᠢᠯᠡᠭᠦᠯᠬᠦ ᠪᠠᠷ ᠳᠠᠮᠵᠢᠭᠤᠯᠤᠨ᠂ 2021 ᠣᠨ ᠤ ᠳᠡᠭᠡᠷ᠎ᠡ ᠬᠠᠭᠠᠰ ᠵᠢᠯ ᠤᠨ ᠡᠯ᠎ᠡ ᠢᠯᠴᠢ ᠶᠢᠨ ᠴᠠᠬᠢᠯᠭᠠᠨ ᠤ ᠠᠵᠤ ᠠᠬᠤᠶᠢᠯᠠᠯ ᠤᠨ ᠪᠣᠶ ᠪᠣᠯᠬᠤ ᠬᠡᠮᠵᠢᠶ᠎ᠡ ᠶᠢᠨ ᠬᠠᠷᠢᠴᠠᠯ ᠢᠶᠠᠷ ︽ᠬᠥᠬᠡᠬᠤᠲᠠ ᠶᠢᠨ ᠭᠤᠤᠯ ᠪᠣᠯᠬᠤ ᠦᠢᠯᠡᠳᠪᠦᠷᠢᠯᠡᠯ ᠤᠨ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠢᠯᠡᠨ ᠠᠰᠢᠭᠯᠠᠬᠤ ᠨᠣᠷᠮ᠎ᠠ ᠶᠢ ᠪᠡᠶᠡᠯᠡᠭᠦᠯᠬᠦ ᠬᠠᠷᠠᠯᠲᠠ ᠶᠢᠨ ᠬᠦᠰᠦᠨᠦᠭᠲᠦ︾ ᠶᠢ ᠲᠣᠭᠲᠠᠭᠠᠨ᠎ᠠ᠃      ᠬᠤᠶᠠᠷ ᠲᠤ ᠲᠤᠭᠲᠠᠬᠤ ᠴᠢᠩ ᠱᠦᠢ ᠡᠾᠧ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠬᠤᠷᠢᠨᠭᠡᠷ ᠤᠨ ᠠᠵᠤ ᠠᠬᠤᠶ ᠶᠢᠨ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠲᠥᠪᠯᠡᠷᠡᠯ ᠤᠨ ᠲᠣᠭᠤᠷᠢᠭ ᠪᠤᠶᠤ ᠬᠦᠷᠢᠶᠡᠯᠡᠩ ᠤᠨ ᠲᠤᠮᠳᠠᠬᠢ ᠬᠦᠷᠢᠶᠡᠯᠡᠩ ᠢ ᠲᠣᠰ ᠲᠣᠰ ᠪᠠᠶᠢᠭᠤᠯᠵᠤ᠂ ᠲᠣᠰ ᠲᠣᠰ ᠤᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠲᠥᠷᠥᠯ ᠬᠡᠯᠪᠡᠷᠢ᠂ ᠶᠠᠰᠤ ᠴᠢᠨᠠᠷ᠂ ᠪᠣᠯᠵᠣᠯᠲᠤ ᠲᠤᠭ᠎ᠠ ᠳᠤ ᠴᠢᠭᠯᠡᠭᠦᠯᠦᠨ᠂ ᠥᠨᠳᠥᠷ ᠲᠤᠮᠳᠠ ᠵᠡᠷᠭᠡ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠠᠵᠤ ᠦᠢᠯᠡᠰ ᠢ ᠣᠷᠣᠭᠤᠯᠤᠨ ᠠᠪᠴᠢᠷᠠᠬᠤ ᠪᠠ ᠪᠤᠶᠢᠵᠢᠭᠤᠯᠵᠤ᠂ 3 — 5 ᠵᠢᠯ ᠳᠤ ᠠᠵᠤ ᠦᠢᠯᠡᠰ ᠤᠨ ᠬᠡᠪᠴᠢᠶ᠎ᠡ ᠶᠢ ᠪᠦᠷᠢᠯᠳᠦᠭᠦᠯᠬᠦ ᠪᠠᠷ ᠴᠢᠷᠮᠠᠶᠢᠵᠤ᠂ ᠠᠵᠤ  ᠦᠢᠯᠡᠰ ᠢ ᠲᠥᠪᠯᠡᠷᠡᠭᠦᠯᠬᠦ᠂ ᠰᠢᠰᠲ᠋ᠧᠮ ᠲᠠᠢ ᠰᠢᠢᠳᠪᠦᠷᠢᠯᠡᠬᠦ ᠶᠢ ᠪᠡᠶᠡᠯᠡᠭᠦᠯᠦᠨ᠎ᠡ᠃      ᠭᠤᠷᠪᠠ ᠳᠤ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ᠂ ᠡᠯ᠎ᠡ ᠭᠤᠤᠯᠳᠠᠯᠭ᠎ᠠ ᠲᠠᠢ ᠬᠤᠰᠢᠭᠤ ᠰᠢᠶᠠᠨ ᠲᠣᠭᠤᠷᠢᠭ ᠤᠨ ᠠᠵᠤ ᠦᠢᠯᠡᠰ ᠤᠨ ᠳᠠᠪᠠᠭᠤᠯᠢᠭ ᠢᠶᠠᠷ ᠳᠠᠮᠵᠢᠭᠤᠯᠤᠨ ᠡᠳᠦᠶ ᠲᠡᠳᠦᠶ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠲᠦᠪᠯᠡᠷᠡᠯ ᠤᠨ ᠴᠡᠭ ᠢ ᠪᠣᠶ ᠪᠣᠯᠭᠠᠨ᠎ᠠ᠃      ᠳᠥᠷᠪᠡ ᠳᠤ ᠵᠠᠰᠠᠮᠠᠯ ᠵᠠᠮ ᠲᠡᠮᠦᠷ ᠵᠠᠮ ᠳᠠᠯᠠᠢ ᠲᠠᠩᠭᠢᠰ ᠤᠨ ᠬᠠᠮᠲᠤᠷᠠᠭᠰᠠᠨ ᠲᠡᠭᠡᠭᠡᠪᠦᠷᠢ ᠶᠢᠨ ᠰᠠᠶᠢᠨ ᠰᠠᠶᠢᠬᠠᠨ ᠭᠠᠳᠠᠭᠰᠢ ᠲᠡᠭᠡᠭᠡᠪᠦᠷᠢᠯᠡᠬᠦ ᠲᠣᠭᠲᠠᠴᠠ ᠶᠢ ᠰᠦᠪᠡᠭᠴᠢᠯᠡᠨ ᠭᠠᠷᠭᠠᠵᠤ᠂ ᠢᠷᠡᠬᠦ ᠬᠡᠳᠦᠨ ᠵᠢᠯ ᠳᠤ ᠪᠡᠭᠡᠵᠢᠩ ᠲᠢᠶᠠᠨᠵᠢᠨ ᠾᠧᠪᠧᠶ᠂ ᠱᠠᠨᠳᠦ᠋ᠩ ᠵᠢᠴᠢ ᠡᠮᠦᠨᠡᠲᠦ ᠣᠷᠣᠨ ᠤ ᠨᠤᠨᠲᠠᠭ ᠨᠡᠭᠦᠷᠡᠰᠦᠨ ᠤ ᠦᠨᠡᠰᠦᠨ ᠤ ᠵᠠᠬ᠎ᠠ ᠳᠡᠯᠭᠡᠭᠦᠷ ᠤᠨ ᠬᠡᠷᠡᠭᠴᠡᠭᠡ ᠶᠡᠭᠡ ᠪᠠᠷ ᠨᠡᠮᠡᠭᠳᠡᠬᠦ ᠠᠵᠠ ᠲᠣᠬᠢᠶᠠᠯ ᠢ ᠠᠮᠵᠢᠨ ᠮᠠᠨ ᠤ ᠬᠤᠲᠠ ᠶᠢᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠵᠠᠰᠠᠬᠤ ᠠᠷᠭ᠎ᠠ ᠵᠠᠮ ᠢ ᠥᠷᠭᠡᠳᠬᠡᠨ᠎ᠡ᠃ᠲᠠᠪᠤ ᠳᠤ᠂ ᠠᠵᠤ ᠠᠬᠤᠶᠢᠯᠠᠯ᠂ ᠰᠤᠷᠭᠠᠭᠤᠯᠢ᠂ ᠬᠦᠷᠢᠶᠡᠯᠡᠩ᠂ ᠭᠠᠵᠠᠷ ᠤᠨ ᠬᠠᠮᠲᠤᠷᠠᠯᠴᠠᠭ᠎ᠠ ᠶᠢ ᠠᠬᠢᠭᠤᠯᠵᠤ᠂ ᠣᠷᠣᠨ ᠨᠤᠲᠤᠭ ᠤᠨ ᠵᠠᠰᠠᠭ ᠤᠨ ᠣᠷᠳᠣᠨ᠂ ᠠᠵᠢᠯ ᠲᠥᠷᠥᠯ ᠤᠨ ᠨᠡᠶᠢᠭᠡᠮᠯᠢᠭ᠂ ᠦᠨᠡᠰᠦ ᠬᠡᠷᠡᠭᠯᠡᠬᠦ ᠠᠵᠤ ᠠᠬᠤᠶᠢᠯᠠᠯ ᠲᠠᠢ ᠬᠤᠯᠪᠣᠭᠠᠯᠠᠨ ᠨᠤᠨᠲᠠᠭ ᠨᠡᠭᠦᠷᠡᠰᠦᠨ ᠤ ᠦᠨᠡᠰᠦ ᠶᠢ ᠶᠡᠷᠦᠩᠬᠡᠶᠢᠯᠡᠨ ᠠᠰᠢᠭᠯᠠᠬᠤ ᠬᠤᠯᠪᠣᠭ᠎ᠠ ᠪᠠᠶᠢᠭᠤᠯᠵᠤ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠮᠡᠷᠭᠡᠵᠢᠯ ᠤᠨ ᠲᠤᠯᠭᠠᠭᠤᠷᠢᠯᠠᠯ ᠤᠨ ᠰᠢᠰᠲ᠋ᠧᠮᠵᠢ ᠶᠢ ᠪᠠᠶᠢᠭᠤᠯᠤᠨ᠎ᠠ᠃      ᠵᠢᠷᠭᠤᠭ᠎ᠠ ᠳᠤ᠂ ᠠᠵᠤ ᠦᠢᠯᠡᠳᠪᠦᠷᠢ ᠶᠢᠨ ᠬᠠᠲᠠᠭᠤ ᠬᠠᠶᠠᠭᠳᠠᠮᠠᠯ ᠪᠣᠳᠠᠰ ᠢᠶᠠᠷ ᠪᠠᠶᠢᠭᠠᠯᠢ ᠶᠢᠨ ᠬᠠᠶᠠᠭᠳᠠᠮᠠᠯ ᠭᠤᠤ ᠭᠠᠩᠭ᠎ᠠ ᠶᠢ ᠲᠦᠭᠦᠷᠭᠡᠵᠦ ᠵᠠᠰᠠᠬᠤ᠂ ᠭᠠᠵᠠᠷ ᠰᠢᠷᠣᠢ ᠶᠢ ᠲᠡᠭᠰᠢᠯᠡᠨ ᠰᠠᠶᠢᠵᠢᠷᠠᠭᠤᠯᠬᠤ᠂ ᠭᠡᠷᠡᠯ ᠴᠡᠨᠡᠭ ᠤᠨ ᠴᠠᠬᠢᠯᠭᠠᠨ ᠦᠷᠳᠡᠭᠡ᠂ ᠠᠮᠢ ᠠᠬᠤᠢ ᠶᠢᠨ ᠴᠡᠴᠡᠷᠯᠢᠭ ᠪᠠᠶᠢᠭᠤᠯᠬᠤ ᠵᠡᠷᠭᠡ ᠲᠦᠷᠦᠯ ᠵᠦᠢᠯ ᠢ ᠬᠡᠷᠡᠭᠵᠢᠭᠦᠯᠵᠦ ᠶᠡᠷᠦᠩᠬᠡᠶᠢᠯᠡᠨ ᠵᠠᠰᠠᠬᠤ ᠠᠷᠭ᠎ᠠ ᠵᠠᠮ ᠢ ᠤᠯᠠᠮ ᠴᠢᠨᠠᠭᠰᠢᠳᠠ ᠥᠷᠭᠡᠳᠬᠡᠨ᠎ᠡ᠃      ᠲᠤᠯᠤᠭ᠎ᠠ ᠳᠤ᠂ ︽ᠬᠡᠷᠡᠭᠯᠡᠵᠦ ᠪᠣᠯᠬᠤ ᠳᠤ ᠨᠢ ᠴᠦᠮ ᠬᠡᠷᠡᠭᠯᠡᠬᠦ︾ ᠵᠠᠷᠴᠢᠮ ᠶᠣᠰᠣᠭᠠᠷ᠂ ᠪᠦᠬᠦ ᠬᠤᠳᠠ ᠶᠢᠨ ᠵᠠᠰᠠᠭ ᠤᠨ ᠣᠷᠳᠣᠨ ᠠᠴᠠ ᠪᠡᠯᠡ  ᠣᠷᠤᠭᠤᠯᠤᠭᠰᠠᠨ ᠬᠤᠲᠠ  ᠬᠥᠳᠡᠭᠡ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠳᠤ ᠪᠠᠷᠢᠯᠭ᠎ᠠ ᠶᠢᠨ ᠰᠠᠭᠤᠷᠢ ᠬᠡᠪ ᠲᠣᠭᠤᠰᠬᠠᠨ ᠬᠡᠷᠡᠮ᠂ ᠳᠠᠭᠠᠭᠠᠴᠠ  ᠶᠢᠨ ᠪᠤᠰᠤ ᠬᠡᠷᠡᠮ᠂ ᠬᠦᠷᠢᠶ᠎ᠡ ᠬᠡᠷᠡᠮ᠂ ᠶᠠᠪᠠᠭᠠᠨ ᠬᠥᠮᠦᠨ ᠤ ᠵᠠᠮ᠂ ᠠᠭᠤᠳᠠᠮ ᠲᠠᠯᠠᠪᠠᠢ᠂ ᠴᠡᠴᠡᠷᠯᠢᠭ᠂ ᠨᠣᠭᠤᠭᠠᠨ ᠵᠠᠮ᠂ ᠭᠡᠷ ᠤᠨ ᠭᠠᠳᠠᠨᠠᠬᠢ ᠬᠠᠲᠠᠭᠤ ᠭᠠᠵᠠᠷ᠂ ᠲᠡᠷᠭᠡᠨ ᠵᠣᠭᠰᠣᠭᠠᠯ ᠪᠣᠯᠤᠨ ᠵᠠᠮ ᠤᠨ ᠰᠠᠭᠤᠷᠢ ᠶᠢᠨ ᠳᠡᠪᠢᠰᠬᠡᠷ ᠳᠠᠪᠬᠤᠷᠭ᠎ᠠ ᠵᠡᠷᠭᠡ ᠬᠡᠰᠡᠭ ᠲᠤ ᠡᠩ ᠤᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ︵ᠪᠦᠲᠦᠭᠡᠭᠳᠡᠬᠦᠨ ᠪᠠᠭᠲᠠᠨ᠎ᠠ︶ ᠢ ᠬᠡᠷᠡᠭᠯᠡᠨ᠎ᠡ᠃      ︵ᠬᠠᠷᠢᠯᠴᠠᠬᠤ ᠬᠥᠮᠦᠨ᠄ ᠶᠠᠩ ᠰᠢᠶᠤᠤ ᠫᠧᠩ ᠬᠠᠷᠢᠯᠴᠠᠬᠤ ᠤᠲᠠᠰᠤ᠄ 4607150︶            ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠢᠷᠡᠯᠲᠡ᠄ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ            ᠢᠷᠡᠯᠲᠡ᠄ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ
 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号