ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ︽ᠥᠯᠥ ᠬᠦᠷᠦᠯᠴᠡᠬᠦ ᠬᠡᠯᠪᠡᠷᠢ︾ ᠶᠢᠨ ᠦᠢᠯᠡᠴᠢᠯᠡᠭᠡ
ᠨᠡᠶᠢᠲᠡᠯᠡᠭᠰᠡᠨ ᠴᠠᠭ᠄
2022/2/23
     ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠰᠢ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠬᠥᠬᠡᠬᠤᠲᠠ ᠶᠢᠨ ᠰᠢᠨ᠎ᠡ  ᠬᠤᠲᠠ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ︽ᠥᠯᠥ ᠬᠦᠷᠦᠯᠴᠡᠬᠦ ᠬᠡᠯᠪᠡᠷᠢ︾ ᠶᠢᠨ ᠭᠠᠶᠢᠯᠢ ᠲᠤᠰᠢᠶᠠᠬᠤ ᠦᠢᠯᠡᠴᠢᠯᠡᠭᠡ ᠶᠢ ᠶᠡᠭᠡ ᠪᠠᠷ  ᠲᠦᠯᠬᠢᠨ ᠠᠬᠢᠭᠤᠯᠵᠤ᠂ ︽ᠥᠯᠥ ᠬᠦᠷᠦᠯᠴᠡᠬᠦ ᠬᠡᠯᠪᠡᠷᠢ︾ ᠶᠢᠨ ᠭᠠᠶᠢᠯᠢ ᠲᠤᠰᠢᠶᠠᠬᠤ ᠠᠷᠭ᠎ᠠ ᠵᠠᠮ ᠢ ᠥᠷᠭᠡᠳᠬᠡᠨ᠂ ᠰᠦᠯᠵᠢᠶᠡᠨ ᠳᠡᠭᠡᠷᠡᠬᠢ  ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠭᠠᠶᠢᠯᠢ ᠤᠨ ᠶᠠᠪᠤᠳᠠᠯ ᠤᠨ ᠲᠣᠪᠴᠢᠶ᠎ᠠ ᠪᠠ ᠠᠵᠤ ᠠᠬᠤᠶᠢᠯᠠᠯ ᠤᠨ ᠠᠯᠤᠰ ᠠᠴᠠ ᠦᠢᠯᠡᠳᠦᠯᠴᠡᠬᠦ  ᠰᠢᠰᠲ᠋ᠧᠮ ᠵᠢᠴᠢ ᠳ᠋ᠢᠩ ᠳ᠋ᠢᠩ ᠢᠶᠠᠷ ᠰᠢᠭᠤᠳ ᠨᠡᠪᠲᠡᠷᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠡᠶᠢᠭᠡᠮ ᠤᠨ ᠳᠠᠭᠠᠳᠬᠠᠯ ᠤᠨ ᠰᠦᠢᠳᠬᠡᠯ  ᠲᠤᠰᠢᠶᠠᠬᠤ ᠰᠦᠯᠵᠢᠶᠡᠨ ᠳᠡᠭᠡᠷᠡᠬᠢ ᠪᠣᠯᠪᠠᠰᠤᠷᠠᠭᠤᠯᠤᠯ ᠢ ᠴᠠᠭ ᠲᠤᠬᠠᠢ ᠳᠤᠨᠢ ᠥᠷᠨᠢᠭᠦᠯᠵᠦ᠂ ᠭᠠᠶᠢᠯᠢ ᠲᠤᠰᠢᠶᠠᠭᠴᠢ ᠶᠢ ᠢᠳᠡᠪᠬᠢᠲᠡᠢ ᠪᠠᠷ ᠬᠠᠪᠰᠤᠷᠤᠨ  ᠭᠠᠶᠢᠯᠢ ᠳᠤ ᠬᠤᠯᠪᠣᠭᠳᠠᠬᠤ ᠬᠦᠴᠢᠷ ᠠᠰᠠᠭᠤᠳᠠᠯ ᠢ ᠨᠢ ᠰᠢᠢᠳᠪᠦᠷᠢᠯᠡᠵᠦ ᠥᠭᠭᠦᠭᠰᠡᠨ ᠪᠠᠶᠢᠨ᠎ᠠ᠃ ᠡᠭᠦᠨ ᠤ ᠬᠠᠮᠲᠤ ᠵᠠᠪᠠᠯ ᠲᠢᠩᠬᠢᠮ ᠳᠤ ᠢᠷᠡᠵᠦ  ᠭᠦᠢᠴᠡᠳᠬᠡᠬᠦ ᠴᠢᠬᠤᠯᠠᠲᠠᠢ ᠲᠤᠬᠠᠶᠢᠯᠠᠭᠰᠠᠨ ᠠᠵᠢᠯ ᠤᠨ ᠲᠠᠯ᠎ᠠ ᠪᠠᠷ᠂ ᠰᠢᠨ᠎ᠡ ᠬᠤᠲᠠ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠭᠦᠢᠴᠡᠳᠬᠡᠬᠦ  ᠶᠠᠪᠤᠴᠠ ᠪᠠᠨ ᠰᠢᠯᠢᠳᠡᠭᠵᠢᠭᠦᠯᠵᠦ᠂ ᠬᠢᠨᠠᠨ ᠵᠥᠪᠰᠢᠶᠡᠷᠡᠬᠦ ᠭᠤᠭᠴᠤᠭ᠎ᠠ ᠪᠠᠨ ᠪᠠᠭᠠᠰᠬᠠᠨ᠂ ᠶᠡᠭᠡ ᠬᠡᠮᠵᠢᠶᠡᠨ ᠤ ᠪᠤᠳᠤᠯᠢᠶᠠᠨᠲᠠᠢ ᠲᠤᠬᠠᠶᠢᠯᠠᠭᠰᠠᠨ ᠠᠵᠢᠯ ᠢ ︽ ᠭᠥᠯᠢᠶᠡᠨ ᠠᠪᠤᠪᠠᠯ ᠰᠢᠢᠳᠪᠦᠷᠢᠯᠡᠵᠦ ᠳᠠᠭᠤᠰᠬᠠᠬᠤ︾ ᠪᠣᠯᠭᠠᠨ ᠰᠢᠯᠢᠳᠡᠭᠵᠢᠭᠦᠯᠪᠡ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号