ᠲᠠᠷᠢᠮᠠᠯ ᠤᠨ ᠲᠥᠷᠥᠯ ᠤᠨ ᠪᠡᠯᠡᠳᠭᠡᠮᠵᠢᠳᠤ ᠲᠠᠷᠢᠶᠠᠯᠠᠩ ᠤᠨ ᠬᠥᠭᠵᠢᠯᠲᠡ ᠶᠢ ᠠᠬᠢᠭᠤᠯᠬᠤ ︵2021 — 2025 ᠣᠨ︶ ᠲᠤᠬᠠᠶ  ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ
ᠨᠡᠶᠢᠲᠡᠯᠡᠭᠰᠡᠨ ᠴᠠᠭ᠄
2022/2/24
                ᠬᠥᠬᠡᠬᠤᠲᠠ ᠵᠠᠰᠠᠭ ᠲᠠᠷᠬᠠᠭᠠᠭᠰᠠᠨ ﹇2021﹈ 22 ᠳ᠋ᠤᠭᠠᠷ ᠲᠣᠭᠠᠲᠤ                  2021ᠣᠨ ᠤ 11ᠳ᠋ᠦ᠋ᠭᠡᠷ ᠰᠠᠷ᠎ᠠ ᠶᠢᠨ 3 ᠤ ᠡᠳᠦᠷ  ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ  ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ᠂ ᠡᠯ᠎ᠡ ᠬᠤᠯᠪᠣᠭᠳᠠᠯ ᠪᠥᠬᠦᠶ ᠠᠵᠤ ᠠᠬᠤᠶᠢᠯᠠᠯ᠂ ᠠᠵᠢᠯ  ᠦᠢᠯᠡᠰ ᠤᠨ ᠨᠢᠭᠡᠴᠡ ᠳᠤ᠄              ᠬᠤᠲᠠ ᠶᠢᠨ ᠣᠳᠣ ᠦᠶ᠎ᠡ ᠶᠢᠨ ᠲᠠᠷᠢᠶᠠᠯᠠᠩ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠮᠠᠨ ᠤ ᠬᠤᠲᠠ ᠶᠢᠨ ᠣᠳᠣ ᠦᠶ᠎ᠡ ᠶᠢᠨ ᠲᠠᠷᠢᠶᠠᠯᠠᠩ ᠤᠨ  ᠡᠷᠡᠭᠦᠯ ᠢᠶᠠᠷ ᠬᠥᠭᠵᠢᠬᠦ ᠶᠢ ᠲᠦᠷᠭᠡᠳᠬᠡᠵᠦ᠂ ᠣᠷᠣᠨ ᠤ ᠲᠥᠪ ᠬᠤᠲᠠ ᠶᠢᠨ ᠬᠤᠲᠠ ᠬᠥᠳᠡᠭᠡ ᠶᠢ ᠨᠢᠭᠡ ᠴᠤᠭᠴᠠᠵᠢᠭᠤᠯᠬᠤ ᠶᠢ ᠠᠬᠢᠭᠤᠯᠵᠤ᠂  ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠪᠠ ᠨᠡᠶᠢᠭᠡᠮ ᠤᠨ ᠲᠣᠭᠲᠠᠭᠤᠨ ᠢ ᠪᠡᠶᠡᠯᠡᠭᠦᠯᠬᠦ ᠶᠢᠨ ᠲᠤᠰᠠᠳᠠ᠂ ᠡᠳᠦᠭᠡ ᠮᠠᠨ ᠤ ᠬᠤᠲᠠ ᠶᠢᠨ ᠲᠠᠷᠢᠮᠠᠯ ᠤᠨ ᠲᠥᠷᠥᠯ ᠤᠨ ᠪᠡᠯᠡᠳᠭᠡᠮᠵᠢᠳᠤ ᠲᠠᠷᠢᠶᠠᠯᠠᠩ ᠤᠨ ᠬᠥᠭᠵᠢᠯᠲᠡ ᠶᠢ ᠲᠦᠷᠭᠡᠳᠬᠡᠬᠦ ᠲᠤᠬᠠᠶ ᠳᠣᠣᠷᠠᠬᠢ ᠮᠡᠲᠦ ᠰᠠᠨᠠᠯ ᠢ  ᠳᠤᠷᠠᠳᠤᠶ᠎ᠠ᠃              ᠨᠢᠭᠡ᠂ ᠵᠢᠯᠣᠭᠤᠳᠬᠤ ᠦᠵᠡᠯ ᠰᠠᠨᠠᠭ᠎ᠠ            ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂  ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠠ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠨᠠᠷᠢᠨ  ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠶ ᠶᠢ ᠤᠷᠢᠳᠠᠪᠠᠷ ᠪᠣᠳᠣᠯᠬᠢᠯᠠᠭᠰᠠᠨ ᠪᠣᠬᠢᠷᠲᠤᠯ ᠥᠬᠡᠶ ᠴᠢᠨᠠᠷ ᠰᠠᠶᠢᠲᠠᠶ ᠬᠥᠭᠵᠢᠯᠲᠡ ᠶᠢᠨ  ᠶᠡᠷᠦᠩᠬᠡᠶ ᠱᠠᠭᠠᠷᠳᠠᠯᠭ᠎ᠠ ᠶᠣᠰᠣᠭᠠᠷ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠬᠤ ᠪᠠ ᠲᠠᠷᠢᠶᠠᠯᠠᠩ ᠤᠨ ᠦᠨᠳᠦᠰᠦᠨ  ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠬᠤ ᠪᠠᠷ ᠳᠠᠮᠵᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ᠂ ᠴᠢᠳᠠᠪᠤᠷᠢᠲᠠᠨ᠂ ᠶᠠᠰᠤ ᠴᠢᠨᠠᠷ᠂  ᠲᠥᠷᠥᠯ ᠲᠡᠮᠳᠡᠭᠲᠦ ᠶᠢᠨ ᠲᠤᠯᠭᠠᠭᠤᠷᠢᠯᠠᠬᠤ ᠰᠢᠰᠲ᠋ᠧᠮᠵᠢ ᠶᠢ ᠴᠢᠩᠭᠠᠳᠬᠠᠵᠤ᠂ ᠣᠷᠣᠨ ᠤ ᠲᠥᠪ ᠬᠤᠲᠠ ᠶᠢᠨ ᠢᠳᠡᠰᠢᠨ ᠨᠣᠭᠤᠭ᠎ᠠ ᠪᠠᠷ ᠭᠤᠤᠯ ᠪᠣᠯᠭᠠᠭᠰᠠᠨ  ︽ᠬᠤᠯᠢᠰᠢᠨ ᠢᠳᠡᠰᠢ︾ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠬᠠᠩᠭᠠᠯᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠪᠥᠬᠦ ᠣᠷᠣᠨ ᠤ  ᠪᠡᠯᠡᠳᠬᠡᠮᠵᠢᠲᠦ ᠲᠠᠷᠢᠶᠠᠯᠠᠩ ᠤᠨ ᠪᠣᠬᠢᠷᠲᠤᠯ ᠥᠬᠡᠶ ᠬᠥᠭᠵᠢᠯᠲᠡ ᠶᠢᠨ ᠥᠯᠢᠭᠡᠷ ᠳᠠᠭᠤᠷᠢᠶᠠᠯ ᠢ ᠡᠭᠦᠳᠴᠦ᠂ ᠣᠷᠣᠨ ᠤ ᠲᠥᠪ ᠬᠤᠲᠠ ᠶᠢᠨ ᠬᠥᠳᠡᠭᠡ  ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃       ᠬᠤᠶᠠᠷ᠂ ᠦᠨᠳᠦᠰᠦᠨ ᠵᠠᠷᠴᠢᠮ            ︵ᠨᠢᠭᠡ︶ ᠠᠮᠢ ᠠᠬᠤᠶ ᠶᠢ ᠤᠷᠢᠳᠠᠪᠠᠷ ᠪᠣᠳᠣᠯᠬᠢᠯᠠᠭᠰᠠᠨ ᠪᠣᠬᠢᠷᠲᠤᠯ ᠥᠬᠡᠶ ᠬᠥᠭᠵᠢᠯᠲᠡ ᠶᠢ ᠪᠠᠷᠢᠮᠲᠠᠯᠠᠨ᠎ᠠ᠃ ᠶᠡᠷᠦᠩᠬᠡᠢ ᠱᠦᠵᠢ ᠰᠢ ᠶᠢᠨ ᠫᠢᠩ ᠤᠨ  ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠵᠢᠷᠤᠮᠯᠠᠨ᠂ ᠠᠮᠢ ᠠᠬᠤᠢ ᠶᠢ ᠤᠷᠢᠳᠠᠪᠠᠷ ᠪᠣᠳᠣᠯᠬᠢᠯᠠᠭᠰᠠᠨ ᠪᠣᠬᠢᠷᠲᠤᠯ ᠦᠭᠡᠢ ᠴᠢᠨᠠᠷ ᠰᠠᠶᠢᠲᠠᠢ  ᠬᠥᠭᠵᠢᠯᠲᠡ ᠪᠠᠷ ᠶᠡᠷᠦᠩᠬᠡᠢ ᠱᠠᠭᠠᠷᠳᠠᠯᠭ᠎ᠠ ᠪᠣᠯᠭᠠᠵᠤ᠂ ᠪᠡᠯᠡᠳᠬᠡᠮᠵᠢᠲᠦ ᠲᠠᠷᠢᠶᠠᠯᠠᠩ ᠤᠨ ︽ᠲᠦᠷᠪᠡ ᠶᠢ  ᠬᠢᠵᠠᠭᠠᠷᠯᠠᠬᠤ︾ ᠠᠵᠢᠯᠯᠠᠭ᠎ᠠ ᠶᠢ ᠶᠡᠬᠡᠪᠡᠷ  ᠠᠬᠢᠭᠤᠯᠵᠤ᠂ ᠭᠠᠵᠠᠷ ᠰᠢᠷᠣᠢ᠂ ᠤᠰᠤᠨ ᠤ ᠡᠬᠢ ᠪᠠᠶᠠᠯᠢᠭ ᠵᠡᠷᠭᠡ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠪᠣᠯᠤᠨ ᠬᠢᠮᠢ ᠶᠢᠨ ᠪᠤᠷᠳᠤᠭᠤᠷ᠂ ᠲᠠᠷᠢᠶᠠᠨ ᠡᠮ  ᠵᠡᠷᠭᠡ ᠶᠢᠨ ᠠᠰᠢᠭᠯᠠᠯᠲᠠ ᠶᠢᠨ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠵᠦ᠂ ᠪᠦᠬᠦ ᠬᠤᠳᠠ ᠶᠢᠨ ᠪᠡᠯᠡᠳᠬᠡᠮᠵᠢᠲᠦ ᠲᠠᠷᠢᠶᠠᠯᠠᠩ ᠤᠨ ᠪᠣᠬᠢᠷᠲᠤᠯ ᠦᠭᠡᠢ  ᠬᠥᠭᠵᠢᠯᠲᠡ ᠶᠢ ᠪᠡᠶᠡᠯᠡᠭᠦᠯᠦᠨ᠎ᠡ᠃            ︵ᠬᠤᠶᠠᠷ︶ ᠵᠠᠬ᠎ᠠ ᠳᠡᠯᠭᠡᠭᠦᠷ ᠢᠶᠠᠷ ᠭᠤᠤᠯᠯᠠᠭᠤᠯᠵᠤ᠂ ᠵᠠᠰᠠᠭ ᠤᠨ ᠣᠷᠳᠣᠨ ᠠᠴᠠ ᠬᠥᠲᠥᠯᠦᠨ ᠵᠢᠯᠣᠭᠤᠳᠬᠤ ᠶᠢ ᠪᠠᠷᠢᠮᠲᠠᠯᠠᠨ᠎ᠠ᠃ ᠵᠠᠬ᠎ᠠ  ᠳᠡᠯᠭᠡᠭᠦᠷ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠡᠬᠢ ᠪᠠᠶᠠᠯᠢᠭ ᠢ ᠲᠣᠬᠢᠷᠠᠭᠤᠯᠬᠤ ᠶᠠᠪᠤᠴᠠ ᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠭᠴᠢ ᠴᠢᠨᠠᠷᠲᠠᠶ  ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠪᠡᠯᠡᠳᠭᠡᠮᠵᠢᠳᠤ ᠲᠠᠷᠢᠶᠠᠯᠠᠩ ᠤᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ ᠬᠢ  ᠵᠠᠰᠠᠭ ᠤᠨ ᠣᠷᠳᠣᠨ ᠤ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠪᠡᠯᠡᠳᠭᠡᠮᠵᠢᠳᠤ ᠲᠠᠷᠢᠶᠠᠯᠠᠩ ᠤᠨ ᠦᠢᠯᠡᠳᠪᠦᠷᠢᠯᠡᠯ ᠡᠵᠡᠩᠨᠡᠯᠲᠡ ᠶᠢᠨ ᠭᠤᠤᠯ  ᠴᠣᠭᠴᠠ ᠶᠢᠨ ᠢᠳᠡᠪᠬᠢᠵᠢᠯ ᠪᠠ ᠪᠦᠲᠦᠭᠡᠯᠴᠢ ᠴᠢᠨᠠᠷ ᠢ ᠳᠠᠶᠢᠴᠢᠯᠠᠨ᠂ ᠪᠡᠯᠡᠳᠭᠡᠮᠵᠢᠳᠤ ᠲᠠᠷᠢᠶᠠᠯᠠᠩ ᠤᠨ ᠲᠠᠷᠢᠶᠠᠯᠠᠩ ᠤᠨ ᠪᠦᠲᠦᠭᠡᠭᠳᠡᠬᠦᠨ ᠤ ᠦᠨ᠎ᠡ ᠬᠠᠩᠰᠢ  ᠶᠡᠷᠦᠩᠬᠡᠶ ᠳᠡᠭᠡᠨ ᠵᠦᠶ ᠵᠣᠬᠢᠰᠲᠠᠶ ᠬᠢᠷᠢ ᠲᠥᠪᠰᠢᠨ ᠳᠤ ᠪᠠᠶᠢᠬᠤ ᠶᠢ ᠪᠠᠲᠤᠯᠠᠨ᠎ᠠ᠃              ︵ᠭᠤᠷᠪᠠ︶ ᠨᠢᠭᠡᠳᠦᠯᠲᠡᠶ ᠲᠥᠯᠥᠪᠯᠡᠨ ᠨᠡᠶᠢᠲᠡ ᠳᠤᠨᠢ ᠬᠠᠷᠠᠭᠠᠯᠵᠠᠵᠤ᠂ ᠵᠣᠬᠢᠴᠠᠩᠭᠤᠶ ᠪᠠᠷ ᠬᠥᠭᠵᠢᠭᠦᠯᠬᠦ ᠶᠢ ᠪᠠᠷᠢᠮᠲᠠᠯᠠᠨ᠎ᠠ᠃ ᠡᠯ᠎ᠡ ᠭᠠᠵᠠᠷ ᠣᠷᠣᠨ ᠤ  ᠡᠬᠢ ᠪᠠᠶᠠᠯᠢᠭ ᠤᠨ ᠨᠥᠬᠦᠴᠡᠯ ᠪᠠ ᠦᠢᠯᠡᠳᠪᠦᠷᠢᠯᠡᠯ ᠤᠨ ᠰᠠᠭᠤᠷᠢ ᠶᠢ ᠦᠨᠳᠦᠰᠦᠯᠡᠨ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂  ᠪᠡᠯᠡᠳᠭᠡᠮᠵᠢᠳᠤ ᠲᠠᠷᠢᠶᠠᠯᠠᠩ ᠢ ᠰᠢᠨᠵᠢᠯᠡᠬᠦ ᠤᠬᠠᠭᠠᠨᠴᠢ ᠵᠦᠢ ᠵᠣᠬᠢᠰᠲᠠᠶ ᠪᠠᠷ ᠪᠠᠶᠢᠷᠢᠯᠠᠭᠤᠯᠤᠨ᠎ᠠ᠃ ᠵᠣᠬᠢᠰᠲᠠᠶ ᠬᠡᠪᠴᠢᠶᠡᠲᠦ ᠡᠵᠡᠩᠨᠡᠯᠲᠡ ᠶᠢ ᠯᠠᠪᠳᠠᠭᠤᠨ ᠢᠶᠠᠷ  ᠲᠦᠯᠬᠢᠨ ᠠᠬᠢᠭᠤᠯᠵᠤ᠂ ᠬᠡᠪᠴᠢᠶᠡᠲᠦ ᠦᠷ᠎ᠡ ᠠᠰᠢᠭ ᠢ ᠪᠡᠶᠡᠯᠡᠭᠦᠯᠦᠨ᠎ᠡ᠃ ᠠᠵᠤ ᠦᠢᠯᠡᠰ ᠤᠨ ᠪᠦᠲᠦᠴᠡ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂  ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠶᠢᠨ ᠬᠤᠭᠤᠷᠣᠨᠳᠣᠬᠢ ᠠᠰᠢᠭ ᠲᠤᠰᠠ ᠶᠢᠨ ᠬᠤᠯᠪᠣᠯᠳᠤᠭᠰᠠᠨ ᠲᠣᠭᠲᠠᠴᠠ ᠶᠢ ᠢᠳᠡᠪᠬᠢᠲᠡᠶ ᠪᠠᠶᠢᠭᠤᠯᠵᠤ᠂  ᠲᠠᠷᠢᠶᠠᠴᠢᠳ ᠢ ᠲᠠᠶᠢᠴᠢᠯᠠᠨ ᠣᠷᠣᠯᠭ᠎ᠠ ᠶᠢ ᠨᠢ ᠲᠣᠭᠲᠠᠭᠤᠨ ᠢᠶᠠᠷ ᠨᠡᠮᠡᠭᠳᠡᠭᠦᠯᠦᠨ᠎ᠡ᠃            ︵ᠳᠥᠷᠪᠡ︶ ᠰᠢᠨ᠎ᠡ ᠶᠢ ᠡᠭᠦᠳᠬᠦ ᠪᠠᠷ ᠬᠥᠲᠥᠯᠦᠨ ᠳᠠᠭᠠᠭᠤᠯᠬᠤ᠂ ᠠᠭᠤᠰᠤᠯᠴᠠᠭᠤᠯᠤᠨ ᠬᠥᠭᠵᠢᠭᠦᠯᠬᠦ ᠶᠢ ᠪᠠᠷᠢᠮᠲᠠᠯᠠᠨ᠎ᠠ᠃ ᠣᠷᠣᠨ ᠤ  ᠲᠥᠪ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠠᠭᠤᠯᠢᠭ ᠲᠤ ᠲᠦᠰᠢᠭᠯᠡᠨ ᠂ ᠪᠡᠯᠡᠳᠭᠡᠮᠵᠢᠳᠤ ᠲᠠᠷᠢᠶᠠᠯᠠᠩ ᠤᠨ ᠰᠢᠨ᠎ᠡ ᠲᠥᠷᠥᠯ ᠵᠦᠢᠯ᠂ ᠰᠢᠨ᠎ᠡ  ᠮᠡᠷᠭᠡᠵᠢᠯ᠂ ᠰᠢᠨ᠎ᠡ ᠲᠣᠨᠤᠭ ᠲᠥᠬᠦᠭᠡᠷᠦᠮᠵᠢ ᠶᠢ ᠣᠷᠣᠭᠤᠯᠤᠨ ᠵᠢᠱᠢᠶ᠎ᠡ ᠦᠵᠡᠭᠦᠯᠦᠨ ᠳᠡᠯᠭᠡᠷᠡᠭᠦᠯᠵᠦ᠂ ᠪᠡᠯᠡᠳᠭᠡᠮᠵᠢᠳᠤ ᠲᠠᠷᠢᠶᠠᠯᠠᠩ ᠤᠨ ᠪᠠᠷᠢᠮᠵᠢᠶᠠᠵᠢᠭᠰᠠᠨ᠂  ᠠᠵᠤ ᠦᠢᠯᠡᠰᠵᠢᠭᠰᠡᠨ ᠬᠥᠭᠵᠢᠯᠲᠡ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠬᠦᠢᠲᠡᠨ ᠬᠡᠯᠬᠢᠶᠡᠨ ᠤ ᠪᠠᠷᠠᠭᠠᠨ ᠤ ᠭᠦᠢᠯᠭᠡᠭᠡ᠂ ᠲᠠᠷᠢᠶᠠᠯᠠᠩ ᠤᠨ  ᠪᠦᠲᠦᠭᠡᠭᠳᠡᠬᠦᠨ ᠢ ᠡᠳ᠋ᠰᠢᠭᠦᠯᠬᠦ ᠵᠡᠷᠭᠡ ᠠᠵᠤ ᠦᠢᠯᠡᠰ ᠤᠨ ᠬᠥᠭᠵᠢᠯᠲᠡ ᠶᠢ ᠴᠢᠩᠭᠠᠳᠬᠠᠨ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ  ᠠᠭᠤᠰᠤᠯᠴᠠᠯ ᠢ ᠠᠬᠢᠭᠤᠯᠤᠨ᠎ᠠ᠃ ᠶᠠᠰᠤ ᠴᠢᠨᠠᠷ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠪᠠ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠴᠢᠩᠭᠠᠳᠬᠠᠵᠤ  ᠂ ᠪᠥᠬᠦ ᠬᠤᠲᠠ ᠶᠢᠨ ᠪᠡᠯᠡᠳᠭᠡᠮᠵᠢᠳᠤ ᠲᠠᠷᠢᠶᠠᠯᠠᠩ ᠤᠨ ᠶᠠᠰᠤ ᠴᠢᠨᠠᠷ ᠦᠷ᠎ᠡ ᠠᠰᠢᠭ ᠪᠠ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠰᠠᠭᠤᠷᠢᠨ ᠭᠠᠵᠠᠷ ᠤᠨ  ᠦᠢᠯᠡᠳᠪᠦᠷᠢᠯᠡᠯ ᠢ ᠬᠡᠪᠴᠢᠶᠡᠵᠢᠭᠦᠯᠬᠦ᠂ ᠲᠣᠨᠤᠭ ᠲᠥᠬᠦᠭᠡᠷᠦᠮᠵᠢ ᠶᠢᠨ ᠮᠡᠷᠭᠡᠵᠢᠯ ᠢ ᠲᠥᠪᠯᠡᠷᠡᠭᠦᠯᠬᠦ᠂ ᠪᠡᠯᠡᠳᠬᠡᠮᠵᠢ ᠶᠢᠨ ᠲᠥᠷᠥᠯ ᠵᠦᠢᠯ ᠢ ᠲᠤᠰᠬᠠᠶ ᠬᠡᠷᠡᠭᠯᠡᠬᠦ᠂  ᠪᠦᠷᠬᠦᠪᠴᠢ ᠮᠠᠲ᠋ᠧᠷᠢᠶᠠᠯ ᠢ ᠣᠯᠠᠨ ᠶᠠᠩᠵᠤ ᠶᠢᠨ ᠪᠣᠯᠭᠠᠬᠤ ᠵᠢᠴᠢ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠡᠵᠡᠮᠳᠡᠵᠦ ᠪᠣᠬᠢᠷᠲᠤᠯ ᠥᠬᠡᠶ ᠪᠣᠯᠭᠠᠬᠤ  ᠪᠠᠶᠢᠳᠠᠯ ᠢ ᠪᠣᠶ ᠪᠣᠯᠭᠠᠨ᠎ᠠ᠃             ᠭᠤᠷᠪᠠ᠂ ᠬᠥᠭᠵᠢᠯᠲᠡ ᠶᠢᠨ ᠬᠠᠷᠠᠯᠲᠠ            ︵ᠨᠢᠭᠡ︶ ᠪᠡᠯᠡᠳᠭᠡᠮᠵᠢᠳᠤ ᠲᠠᠷᠢᠶᠠᠯᠠᠩ ᠤᠨ ᠬᠡᠪᠴᠢᠶ᠎ᠡ ᠢᠯᠡᠳᠲᠡ ᠥᠷᠭᠡᠵᠢᠨ᠎ᠡ᠃ ᠣᠳᠣᠬᠠᠨ ᠤ ᠪᠡᠯᠡᠳᠭᠡᠮᠵᠢᠳᠤ ᠢᠳᠡᠰᠢᠨ ᠨᠣᠭᠤᠭ᠎ᠠ ᠶᠢᠨ  ᠦᠢᠯᠡᠳᠪᠦᠷᠢᠯᠡᠯ ᠤᠨ ᠴᠡᠪᠡᠷ ᠲᠠᠯᠠᠪᠠᠶ 1.6 ᠲᠦᠮᠡᠨ ᠮᠥ ᠶᠢᠨ ᠰᠠᠭᠤᠷᠢᠨ ᠳᠡᠭᠡᠷ᠎ᠡ᠂ 2022 — 2025 ᠣᠨ ᠳᠤ ᠪᠡᠯᠡᠳᠭᠡᠮᠵᠢᠳᠤ ᠢᠳᠡᠰᠢᠨ  ᠨᠣᠭᠤᠭ᠎ᠠ ᠶᠢᠨ ᠦᠢᠯᠡᠳᠪᠦᠷᠢᠯᠡᠯ ᠤᠨ ᠴᠡᠪᠡᠷ ᠲᠠᠯᠠᠪᠠᠶ ᠶᠢ ᠵᠢᠯ ᠪᠦᠷᠢ 1000 ᠮᠥ ᠰᠢᠨ᠎ᠡ ᠪᠠᠷ ᠨᠡᠮᠡᠭᠳᠡᠭᠦᠯᠦᠨ᠎ᠡ᠃ ᠠᠷᠪᠠᠨ ᠳᠥᠷᠪᠡᠳᠦᠭᠡᠷ ᠲᠠᠪᠤᠨ ᠵᠢᠯ ᠤᠨ  ᠲᠥᠯᠥᠪᠵᠢᠭᠦᠯᠭᠡ ᠶᠢᠨ ᠬᠤᠭᠤᠴᠠᠭᠠᠨ ᠤ ᠰᠡᠭᠦᠯᠴᠢ ᠪᠣᠯᠬᠤ ᠳᠤ ᠪᠥᠬᠦ ᠬᠤᠲᠠ ᠶᠢᠨ ᠪᠡᠯᠡᠳᠭᠡᠮᠵᠢᠳᠤ ᠢᠳᠡᠰᠢᠨ ᠨᠣᠭᠤᠭ᠎ᠠ ᠶᠢᠨ ᠳᠠᠷᠢᠬᠤ ᠲᠠᠯᠠᠪᠠᠶ ᠶᠢ 5  ᠲᠦᠮᠡᠨ ᠮᠥ ︵ᠦᠢᠯᠡᠳᠪᠦᠷᠢᠯᠡᠯ ᠤᠨ ᠴᠡᠪᠡᠷ ᠲᠠᠯᠠᠪᠠᠶ ᠶᠢ 2 ᠲᠦᠮᠡᠨ ᠮᠥ᠂ ᠣᠯᠠᠨ ᠤᠳᠠᠭ᠎ᠠ ᠳᠠᠷᠢᠬᠤ ᠲᠠᠯᠠᠪᠠᠢ ᠶᠢ 5 ᠲᠦᠮᠡᠨ ᠮᠥ ᠪᠠᠷ ᠪᠣᠳᠣᠯᠬᠢᠯᠠᠨ᠎ᠠ︶ ᠬᠦᠷᠴᠦ᠂ ᠪᠡᠯᠡᠳᠭᠡᠮᠵᠢᠳᠤ ᠢᠳᠡᠰᠢᠨ ᠨᠣᠭᠤᠭ᠎ᠠ ᠶᠢᠨ ᠭᠠᠷᠤᠯᠲᠠ 30 ᠲᠦᠮᠡᠨ ᠲᠣᠨ ᠢ ᠳᠠᠪᠠᠵᠤ᠂ ᠡᠪᠦᠯ ᠬᠠᠪᠤᠷ ᠤᠨ ᠤᠯᠠᠷᠢᠯ ᠤᠨ ᠣᠷᠣᠨ ᠨᠤᠲᠤᠭ ᠤᠨ  ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠤᠨ ᠬᠠᠩᠭᠠᠯᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ 2022 — 2025 ᠣᠨ ᠳᠤ  ᠪᠡᠯᠡᠳᠭᠡᠮᠵᠢᠳᠤ ᠭᠤᠸᠠ ᠵᠢᠮᠢᠰ᠂ ᠬᠤᠸᠠᠷ ᠴᠡᠴᠡᠭ ᠳᠠᠷᠢᠬᠤ ᠲᠠᠯᠠᠪᠠᠶ ᠶᠢ ᠵᠢᠯ ᠪᠦᠷᠢ 500 ᠮᠥ ᠰᠢᠨ᠎ᠡ ᠪᠠᠷ ᠨᠡᠮᠡᠭᠳᠡᠭᠦᠯᠵᠦ᠂ ᠠᠷᠪᠠᠨ ᠳᠥᠷᠪᠡᠳᠦᠭᠡᠷ ᠲᠠᠪᠤᠨ  ᠵᠢᠯ ᠤᠨ ᠲᠥᠯᠥᠪᠵᠢᠭᠦᠯᠭᠡ ᠶᠢᠨ ᠰᠡᠭᠦᠯᠴᠢ ᠪᠣᠯᠬᠤ ᠳᠤ ᠪᠡᠯᠡᠳᠭᠡᠮᠵᠢᠳᠤ ᠭᠤᠸᠠ ᠵᠢᠮᠢᠰ᠂ ᠬᠤᠸᠠᠷ ᠴᠡᠴᠡᠭ ᠵᠡᠷᠭᠡ ᠶᠢᠨ ᠳᠠᠷᠢᠬᠤ ᠲᠠᠯᠠᠪᠠᠶ 8000 ᠮᠥ ᠶᠢ  ᠳᠠᠪᠠᠨ᠎ᠠ᠃ ᠪᠥᠬᠦ ᠬᠤᠲᠠ ᠳᠤ ᠡᠷᠴᠢᠮᠵᠢᠭᠦᠯᠦᠭᠰᠡᠨ ᠴᠢᠬᠢ ᠪᠣᠶᠢᠵᠢᠭᠤᠯᠬᠤ ᠰᠠᠭᠤᠷᠢᠨ ᠭᠠᠵᠠᠷ ᠢ 3 ᠠᠴᠠ ᠳᠡᠭᠡᠭᠰᠢ ᠰᠢᠨ᠎ᠡ ᠪᠠᠷ ᠪᠠᠶᠢᠭᠤᠯᠵᠤ᠂ ᠴᠢᠬᠢ  ᠪᠣᠶᠢᠵᠢᠭᠤᠯᠬᠤ ᠴᠢᠳᠠᠪᠤᠷᠢ 1.5 ᠳ᠋ᠦᠩᠰᠢᠭᠤᠷ ᠰᠠᠭᠤᠷᠢ ᠶᠢ ᠳᠠᠪᠠᠨ᠎ᠠ᠃            ︵ᠬᠤᠶᠠᠷ︶ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠯ ᠢᠯᠡᠳᠲᠡ ᠴᠢᠩᠭᠠᠷᠠᠨ᠎ᠠ᠃ 2025 ᠣᠨ ᠳᠤ᠂ ᠪᠥᠬᠦ  ᠬᠤᠲᠠ ᠶᠢᠨ ᠪᠡᠯᠡᠳᠭᠡᠮᠵᠢᠳᠤ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠴᠢᠳᠠᠪᠤᠷᠢ 1 ᠲᠦᠮᠡᠨ ᠲᠣᠨ ᠳᠤ ᠬᠦᠷᠴᠦ᠂ 2020 ᠣᠨ ᠤ ᠬᠢ ᠠᠴᠠ  50% ᠠᠴᠠ ᠳᠡᠭᠡᠭᠰᠢ ᠨᠡᠮᠡᠭᠳᠡᠨ᠎ᠡ︔ ᠢᠳᠡᠰᠢᠨ ᠨᠣᠭᠤᠭ᠎ᠠ᠂ ᠵᠢᠮᠢᠰ ᠢ ᠰᠢᠨ᠎ᠡ ᠰᠣᠷᠭᠤᠭ ᠢᠶᠠᠷ ᠬᠥᠮᠥᠷᠭᠡᠯᠡᠨ ᠬᠠᠳᠠᠭᠠᠯᠠᠬᠤ ᠴᠢᠳᠠᠪᠤᠷᠢ ᠶᠢ 2.5 ᠲᠦᠮᠡᠨ  ᠲᠣᠨ ᠰᠢᠨ᠎ᠡ ᠪᠠᠷ ᠨᠡᠮᠡᠭᠳᠡᠭᠦᠯᠦᠨ᠎ᠡ︔ ᠪᠡᠯᠡᠳᠭᠡᠮᠵᠢᠳᠤ ᠲᠠᠷᠢᠶᠠᠯᠠᠩ ᠤᠨ ᠬᠥᠲᠥᠴᠢ ᠠᠵᠤ ᠠᠬᠤᠶᠢᠯᠠᠯ ᠢ 5 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ︔  ᠬᠤᠲᠠ ᠶᠢᠨ ᠳᠥᠷᠪᠡᠨ ᠲᠣᠭᠤᠷᠢᠭ ᠴᠥᠮ ᠦᠢᠯᠡᠳᠪᠦᠷᠢᠯᠡᠬᠦ᠂ ᠰᠡᠯᠡᠭᠦᠴᠡᠬᠦ᠂ ᠲᠣᠭᠤᠷᠢᠨ ᠦᠵᠡᠬᠦ ᠶᠢ ᠨᠢᠭᠡ ᠴᠣᠭᠴᠠᠵᠢᠭᠤᠯᠤᠭᠰᠠᠨ ᠪᠡᠯᠡᠳᠭᠡᠮᠵᠢᠳᠤ  ᠲᠠᠷᠢᠶᠠᠯᠠᠩ ᠤᠨ ᠶᠡᠷᠦᠩᠬᠡᠶᠢᠯᠡᠭᠰᠡᠨ ᠴᠣᠭᠴᠠ ᠶᠢ ᠵᠢᠯ ᠪᠦᠷᠢ 2 ᠪᠠᠶᠢᠭᠤᠯᠤᠨ᠎ᠠ︔ 5 ᠲᠠᠷᠢᠶᠠᠯᠠᠩ ᠤᠨ ᠬᠤᠰᠢᠭᠤ ᠰᠢᠶᠠᠨ ᠴᠥᠮ ᠦᠢᠯᠡᠳᠪᠦᠷᠢᠯᠡᠬᠦ᠂  ᠰᠡᠯᠡᠭᠦᠴᠡᠬᠦ᠂ ᠲᠣᠭᠤᠷᠢᠨ ᠦᠵᠡᠬᠦ ᠶᠢ ᠨᠢᠭᠡ ᠴᠣᠠᠠᠴᠠᠵᠢᠭᠤᠯᠥᠠᠠᠰᠠᠨ ᠪᠡᠯᠡᠳᠭᠡᠮᠵᠢᠳᠤ ᠲᠠᠷᠢᠶᠠᠯᠠᠩ ᠤᠨ ᠶᠡᠷᠦᠩᠬᠡᠶᠢᠯᠡᠭᠰᠡᠨ ᠴᠣᠭᠴᠠ ᠶᠢ ᠵᠢᠯ ᠪᠦᠷᠢ 1  ᠪᠠᠶᠢᠭᠤᠯᠤᠨ᠎ᠠ︔ ᠪᠥᠬᠦ ᠬᠤᠲᠠ ᠶᠢᠨ ᠬᠤᠲᠠ ᠶᠢᠨ ᠰᠡᠯᠡᠭᠦᠴᠡᠯ ᠵᠤᠭᠠᠴᠠᠯ ᠤᠨ ᠲᠠᠷᠢᠶᠠᠯᠠᠩ ᠤᠨ ᠵᠢᠯ ᠤᠨ ᠭᠥᠯᠢᠶᠡᠨ ᠠᠪᠬᠤ ᠬᠥᠮᠦᠨ ᠤ ᠲᠤᠭ᠎ᠠ 150 ᠲᠦᠮᠡᠨ  ᠬᠥᠮᠦᠨ ᠤᠳᠠᠭ᠎ᠠ ᠶᠢ ᠳᠠᠪᠠᠵᠤ᠂ ᠡᠵᠡᠩᠨᠡᠯᠲᠡ ᠶᠢᠨ ᠣᠷᠣᠯᠭ᠎ᠠ 5 ᠳ᠋ᠦᠩᠰᠢᠭᠤᠷ ᠲᠥᠭᠦᠷᠢᠭ ᠲᠤ ᠬᠦᠷᠦᠨ᠎ᠡ᠃            ︵ᠭᠤᠷᠪᠠ︶ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠶ ᠶᠢᠨ ᠬᠢᠷᠢ ᠲᠦᠪᠰᠢᠨ ᠢᠯᠡᠳᠲᠡ ᠳᠡᠭᠡᠭᠰᠢᠯᠡᠨ᠎ᠡ᠃ 2025 ᠣᠨ  ᠪᠣᠯᠬᠤ ᠳᠤ ᠪᠥᠬᠦ ᠬᠤᠲᠠ ᠶᠢᠨ ᠬᠡᠪᠴᠢᠶᠡᠵᠢᠭᠰᠡᠨ ᠪᠡᠯᠡᠳᠭᠡᠮᠵᠢᠳᠤ ᠲᠠᠷᠢᠶᠠᠯᠠᠩ ᠤᠨ ᠦᠢᠯᠡᠳᠪᠦᠷᠢᠯᠡᠯ ᠦᠨᠳᠦᠰᠦᠨ ᠳᠡᠭᠡᠨ ᠪᠠᠷᠢᠮᠵᠢᠶᠠᠵᠢᠵᠤ᠂ ᠪᠡᠯᠡᠳᠭᠡᠮᠵᠢᠳᠤ  ᠲᠠᠷᠢᠶᠠᠯᠠᠩ ᠤᠨ ᠬᠥᠲᠥᠴᠢ ᠠᠵᠤ ᠠᠬᠤᠶᠢᠯᠠᠯ ᠨᠡᠶᠢᠳᠡᠮ ᠳᠡᠭᠡᠨ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠶᠢᠨ ᠭᠡᠷᠡᠴᠢᠯᠡᠭᠡ ᠶᠢ ᠣᠯᠵᠤ᠂  ᠪᠡᠯᠡᠳᠭᠡᠮᠵᠢᠳᠤ ᠲᠠᠷᠢᠶᠠᠯᠠᠩ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ ᠬᠢᠷᠢ ᠲᠦᠪᠰᠢᠨ 98% ᠠᠴᠠ ᠳᠡᠭᠡᠭᠰᠢ ᠳᠤ  ᠲᠣᠭᠲᠠᠪᠤᠷᠢᠵᠢᠨ᠎ᠠ᠃            ︵ᠳᠥᠷᠪᠡ︶ ᠪᠣᠬᠢᠷᠲᠤᠯ ᠥᠬᠡᠶ ᠦᠢᠯᠡᠳᠪᠦᠷᠢᠯᠡᠯ ᠤᠨ ᠬᠢᠷᠢ ᠲᠦᠪᠰᠢᠨ ᠢᠯᠡᠳᠲᠡ ᠳᠡᠭᠡᠭᠰᠢᠯᠡᠨ᠎ᠡ᠃ 2025 ᠣᠨ ᠪᠣᠯᠬᠤ ᠳᠤ᠂ ᠪᠥᠬᠦ  ᠬᠤᠲᠠ ᠶᠢᠨ ᠪᠡᠯᠡᠳᠬᠡᠮᠵᠢᠲᠦ ᠲᠠᠷᠢᠶᠠᠯᠠᠩ ᠤᠨ ᠬᠢᠮᠢ ᠶᠢᠨ ᠲᠠᠷᠢᠶᠠᠨ ᠡᠮ ᠢ ᠬᠡᠷᠡᠭᠯᠡᠬᠦ ᠬᠡᠮᠵᠢᠶ᠎ᠡ 2020 ᠣᠨ ᠤ ᠬᠢ ᠠᠴᠠ 18% ᠪᠠᠷ ᠪᠠᠭᠠᠰᠤᠨ᠎ᠠ︔  ᠬᠢᠮᠢ ᠶᠢᠨ ᠪᠤᠷᠳᠤᠭᠤᠷ ᠬᠡᠷᠡᠭᠯᠡᠬᠦ ᠬᠡᠮᠵᠢᠶ᠎ᠡ 2020 ᠣᠨ ᠤ ᠬᠢ ᠠᠴᠠ 18% ᠠᠴᠠ ᠢᠯᠡᠭᠦᠦ ᠪᠠᠭᠠᠰᠤᠨ᠎ᠠ︔ ᠪᠡᠯᠡᠳᠭᠡᠮᠵᠢᠳᠤ ᠲᠠᠷᠢᠶᠠᠯᠠᠩ ᠤᠨ ᠤᠰᠤ  ᠠᠷᠪᠢᠯᠠᠬᠤ ᠤᠰᠤᠯᠠᠯᠲᠠ ᠪᠠ ᠲᠠᠷᠢᠶᠠᠯᠠᠩ ᠤᠨ ᠣᠷᠣᠭᠤᠯᠤᠯᠲᠠ ᠶᠢᠨ ᠡᠳ᠋ ᠤᠨ ᠬᠠᠶᠠᠭᠳᠠᠮᠠᠯ ᠪᠣᠳᠠᠰ ᠢ ᠡᠭᠡᠭᠦᠯᠦᠨ ᠬᠤᠷᠢᠶᠠᠵᠤ ᠠᠰᠢᠭᠯᠠᠬᠤ ᠠᠰᠢᠭᠯᠠᠮᠵᠢ  ᠢᠯᠡᠳᠲᠡ ᠳᠡᠭᠡᠭᠰᠢᠯᠡᠵᠦ᠂ ᠠᠮᠢ ᠠᠬᠤᠶ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠢᠯᠡᠳᠲᠡ ᠪᠣᠯᠣᠨ᠎ᠠ᠃              ᠳᠥᠷᠪᠡ᠂ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ              ︵ᠨᠢᠭᠡ︶ ᠣᠲᠣ ᠦᠶ᠎ᠡ ᠶᠢᠨ ᠬᠤᠲᠠ ᠶᠢᠨ ᠰᠡᠯᠡᠭᠦᠴᠡᠯ ᠵᠤᠭᠠᠴᠠᠯ ᠤᠨ ᠲᠠᠷᠢᠶᠠᠯᠠᠩ ᠤᠨ ᠪᠠᠶᠢᠷᠢᠰᠢᠭᠤᠯᠤᠯᠲᠠ᠃ ︽ᠨᠢᠭᠡ ᠭᠤᠣᠯ᠂ ᠲᠠᠪᠤᠨ ᠴᠠᠭᠠᠷᠢᠭ᠂ ᠳᠥᠷᠪᠡᠨ ᠪᠦᠰᠡ︾ ᠶᠢᠨ ᠣᠲᠣ ᠦᠶ᠎ᠡ ᠶᠢᠨ ᠬᠤᠲᠠ ᠶᠢᠨ ᠰᠡᠯᠡᠭᠦᠴᠡᠯ ᠵᠤᠭᠠᠴᠠᠯ ᠤᠨ ᠲᠠᠷᠢᠶᠠᠯᠠᠩ ᠢ ᠪᠠᠶᠢᠭᠤᠯᠤᠨ᠎ᠠ᠃ ᠣᠶᠢᠷ᠎ᠠ ᠲᠡᠭᠦᠷᠭᠡ ᠶᠢᠨ  ᠭᠤᠤᠯᠳᠠᠯᠭ᠎ᠠ ᠲᠠᠢ ᠪᠡᠯᠡᠳᠭᠡᠮᠵᠢᠳᠤ ᠲᠠᠷᠢᠶᠠᠯᠠᠩ ᠢᠶᠠᠷ ᠲᠦᠰᠢᠭ ᠪᠣᠯᠭᠠᠵᠤ᠂ ᠬᠤᠲᠠ ᠶᠢᠨ ᠭᠤᠣᠯ ᠲᠣᠭᠤᠷᠢᠭ ᠢ ᠲᠣᠭᠤᠷᠢᠭᠰᠠᠨ 20 ᠺᠢᠯᠣᠮᠧᠲᠷ ᠤᠨ  ᠷᠠᠳᠢᠦ᠋ᠰ ᠤᠨ ᠳᠣᠲᠣᠷ᠎ᠠ᠂ ᠬᠤᠲᠠ ᠶᠢᠨ ᠭᠤᠣᠯ ᠲᠣᠭᠤᠷᠢᠭ ᠲᠤ ᠬᠠᠨᠳᠤᠭᠤᠯᠤᠭᠰᠠᠨ ᠶᠡᠷᠦᠩᠬᠡᠶᠢᠯᠡᠭᠰᠡᠨ ᠬᠡᠯᠪᠡᠷᠢ ᠶᠢᠨ ᠬᠤᠲᠠ ᠶᠢᠨ ᠣᠲᠣ ᠦᠶ᠎ᠡ ᠶᠢᠨ  ᠰᠡᠯᠡᠭᠦᠴᠡᠯ ᠵᠤᠭᠠᠴᠠᠯ ᠤᠨ ᠲᠠᠷᠢᠶᠠᠯᠠᠩ ᠤᠨ ᠠᠵᠤ ᠦᠢᠯᠡᠰ ᠤᠨ ᠭᠤᠤᠯ ᠴᠠᠭᠠᠷᠢᠭ ᠢ ᠪᠣᠶ ᠪᠣᠯᠭᠠᠨ᠎ᠠ︔ ᠲᠠᠷᠢᠶᠠᠯᠠᠩ ᠤᠨ ᠬᠤᠰᠢᠭᠤ ᠰᠢᠶᠠᠨ ᠤ ᠪᠠᠶᠢᠷᠢᠯᠠᠭ᠎ᠠ  ᠬᠤᠲᠠ ᠪᠠᠷ ᠲᠥᠪ ᠪᠣᠯᠭᠠᠵᠤ᠂ 10 ᠺᠢᠯᠣᠮᠧᠲᠷ ᠢᠶᠠᠷ ᠷᠠᠳᠢᠦ᠋ᠰ ᠪᠣᠯᠭᠠᠨ᠂ ᠬᠤᠰᠢᠭᠤ ᠰᠢᠶᠠᠨ ᠲᠣᠭᠤᠷᠢᠭ ᠤᠨ ᠰᠠᠭᠤᠭᠠᠯᠢ ᠠᠷᠠᠳ ᠤᠨ ᠠᠮᠢᠳᠤᠷᠠᠯ ᠤᠨ  ᠬᠡᠷᠡᠭᠯᠡᠭᠡ ᠳᠤ ᠦᠢᠯᠡᠴᠢᠯᠡᠬᠦ ᠪᠠᠷ ᠭᠤᠤᠯ ᠪᠣᠯᠭᠠᠵᠤ᠂ ᠲᠠᠪᠤᠨ ᠲᠠᠷᠢᠶᠠᠯᠠᠩ ᠤᠨ ᠬᠤᠰᠢᠭᠤ ᠰᠢᠶᠠᠨ ᠤ ᠪᠠᠶᠢᠷᠢᠯᠠᠭ᠎ᠠ ᠬᠤᠲᠠ ᠶᠢ ᠬᠦᠷᠢᠶᠡᠯᠡᠭᠰᠡᠨ ᠬᠤᠲᠠ ᠶᠢᠨ  ᠣᠲᠣ ᠦᠶ᠎ᠡ ᠶᠢᠨ ᠲᠠᠷᠢᠶᠠᠯᠠᠩ ᠤᠨ ᠲᠠᠪᠤᠨ ᠴᠠᠭᠠᠷᠢᠭ ᠢ ᠪᠣᠶ ᠪᠣᠯᠭᠠᠨ᠎ᠠ︔ ᠣᠷᠣᠨ ᠤ ᠲᠥᠪ ᠬᠤᠲᠠ ᠶᠢᠨ ᠠᠭᠤᠯᠠ ᠤᠰᠤ ᠣᠶ ᠰᠢᠭᠤᠶ ᠲᠠᠷᠢᠶᠠᠨ ᠭᠠᠵᠠᠷ  ᠨᠠᠭᠤᠷ ᠴᠥᠬᠦᠷᠥᠮ ᠨᠤᠲᠤᠭ ᠪᠡᠯᠴᠢᠭᠡᠷ ᠵᠡᠷᠭᠡ ᠡᠬᠢ ᠪᠠᠶᠠᠯᠢᠭ ᠤᠨ ᠨᠥᠬᠦᠴᠡᠯ ᠳᠤ ᠲᠦᠰᠢᠭᠯᠡᠨ᠂ ᠣᠲᠣ ᠶᠢᠨ ᠪᠠᠶᠢᠭ᠎ᠠ ᠪᠡᠯᠡᠳᠭᠡᠮᠵᠢᠳᠤ ᠲᠠᠷᠢᠶᠠᠯᠠᠩ ᠢᠶᠠᠷ  ᠰᠠᠭᠤᠷᠢ ᠪᠣᠯᠭᠠᠵᠤ᠂ ᠳᠠᠯᠠᠨ ᠬᠠᠷ᠎ᠠ ᠠᠭᠤᠯᠠ ᠳᠠᠭᠠᠤ ᠪᠠᠷ ᠭᠤᠤᠯ ᠣᠷᠣᠨ ᠪᠦᠰᠡ ᠪᠣᠯᠭᠠᠨ ᠠᠭᠤᠯᠠ ᠳᠠᠭᠠᠤ ᠶᠢᠨ ᠣᠲᠣ ᠦᠶ᠎ᠡ ᠶᠢᠨ ᠲᠠᠷᠢᠶᠠᠯᠠᠩ ᠤᠨ ᠠᠵᠤ  ᠦᠢᠯᠡᠰ ᠤᠨ ᠪᠦᠰᠡ ᠶᠢ ᠪᠠᠶᠢᠭᠤᠯᠤᠨ᠎ᠠ︔ ᠬᠠᠲᠤᠨ ᠭᠤᠤᠯ ᠳᠠᠭᠠᠤ ᠪᠠᠷ ᠭᠤᠤᠯ ᠣᠷᠣᠨ ᠪᠦᠰᠡ ᠪᠣᠯᠭᠠᠵᠤ ᠭᠤᠤᠯ ᠳᠠᠭᠠᠤ ᠶᠢᠨ ᠣᠲᠣ ᠦᠶ᠎ᠡ ᠶᠢᠨ  ᠲᠠᠷᠢᠶᠠᠯᠠᠩ ᠤᠨ ᠠᠵᠤ ᠦᠢᠯᠡᠰ ᠤᠨ ᠪᠦᠰᠡ ᠶᠢ ᠪᠠᠶᠢᠭᠤᠯᠤᠨ᠎ᠠ︔ ᠲᠦᠮᠡᠳ ᠵᠡᠭᠦᠨ ᠬᠤᠰᠢᠭᠤᠨ ᠤ ᠬᠠᠷ᠎ᠠ ᠤᠰᠤ ᠪᠣᠯᠤᠨ ᠡᠦ ᠢ ᠤᠰᠤᠨ ᠴᠥᠭᠦᠷᠥᠮ᠂  ᠰᠢᠨ᠎ᠡ ᠬᠤᠲᠠ ᠲᠣᠭᠤᠷᠢᠭ ᠤᠨ ᠬᠠᠷᠠᠴᠢᠨ ᠤᠰᠤᠨ ᠴᠥᠭᠦᠷᠥᠮ᠂ ᠬᠤᠷᠢᠨᠭᠡᠷ ᠰᠢᠶᠠᠨ ᠤ ᠴᠢᠯᠠᠭᠤᠨ ᠬᠤᠰᠢᠭᠤ ᠤᠰᠤᠨ ᠴᠥᠭᠦᠷᠥᠮ᠂ ᠴᠢᠩ ᠱᠦᠢ ᠾᠧ  ᠰᠢᠶᠠᠨ ᠤ ᠳ᠋ᠠᠩ ᠶᠠᠩ ᠴᠢᠶᠣᠤ ᠤᠰᠤᠨ ᠴᠥᠭᠦᠷᠥᠮ᠂ ᠲᠣᠭᠲᠠᠬᠤ ᠰᠢᠶᠠᠨ ᠤ ᠡᠮᠦᠨ᠎ᠡ ᠨᠠᠭᠤᠷ ᠵᠡᠷᠭᠡ ᠣᠷᠣᠨ ᠪᠦᠰᠡ ᠪᠠᠷ ᠲᠦᠰᠢᠭ ᠪᠣᠯᠭᠠᠨ ᠴᠥᠬᠦᠷᠦᠮ  ᠳᠠᠭᠠᠤ ᠶᠢᠨ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠪᠦᠰᠡ ᠶᠢ ᠪᠠᠶᠢᠭᠤᠯᠤᠨ᠎ᠠ︔ ᠬᠥᠬᠡᠬᠤᠲᠠ ᠪᠤᠭᠤᠲᠤ᠂ ᠬᠥᠬᠡᠬᠤᠲᠠ ᠵᠡᠭᠦᠨᠭᠠᠷ᠂  ᠬᠥᠬᠡᠬᠤᠲᠠ ᠱᠦᠸᠧᠵᠸᠦ ᠶᠢᠨ ᠲᠦᠷᠭᠡᠨ ᠤ ᠵᠠᠮ᠂ 110᠂ 209 ᠤᠯᠤᠰ ᠤᠨ ᠵᠠᠮ ᠂ 102᠂ 103᠂ 104 ᠮᠤᠵᠢ ᠶᠢᠨ ᠵᠠᠮ᠂ ᠠᠮᠢ ᠠᠬᠤᠶ ᠶᠢᠨ ᠵᠠᠮ  ᠂ ᠲᠦᠮᠡᠳ ᠤᠨ ᠲᠠᠯ᠎ᠠ ᠵᠠᠮ᠂ ᠶᠢᠨ ᠱᠧᠩ ᠵᠠᠮ ᠵᠡᠷᠭᠡ ᠵᠠᠮ ᠳᠠᠭᠠᠤ ᠪᠠᠷ ᠲᠦᠰᠢᠭ ᠪᠣᠯᠭᠠᠨ ᠵᠠᠮ ᠳᠠᠭᠠᠤ ᠶᠢᠨ ᠣᠲᠣ ᠦᠶ᠎ᠡ ᠶᠢᠨ ᠲᠠᠷᠢᠶᠠᠯᠠᠩ ᠤᠨ ᠠᠵᠤ  ᠦᠢᠯᠡᠰ ᠤᠨ ᠪᠦᠰᠡ ᠶᠢ ᠪᠠᠶᠢᠭᠤᠯᠤᠨ᠎ᠠ᠃ ᠲᠥᠪ ᠢ ᠲᠣᠭᠤᠷᠢᠭᠰᠠᠨ᠂ ᠬᠠᠷᠢᠯᠴᠠᠨ ᠬᠤᠯᠪᠣᠯᠳᠤᠭᠰᠠᠨ᠂ ᠪᠦᠰᠡ ᠬᠡᠯᠪᠡᠷᠢ ᠪᠠᠷ ᠳᠡᠯᠭᠡᠭᠳᠡᠭᠰᠡᠨ ᠶᠡᠭᠡ ᠬᠤᠳᠠ ᠶᠢᠨ  ᠤᠳᠤ ᠦᠶ᠎ᠡ ᠶᠢᠨ ᠲᠠᠷᠢᠶᠠᠯᠠᠩ ᠤᠨ ᠶᠡᠷᠦᠩᠬᠡᠢ ᠬᠥᠭᠵᠢᠯᠲᠡ ᠶᠢᠨ ᠪᠠᠶᠢᠷᠢᠰᠢᠯ ᠢ ᠪᠤᠢ ᠪᠣᠯᠭᠠᠨ᠎ᠠ᠃             ︵ᠬᠤᠶᠠᠷ︶ ᠡᠷᠴᠢᠮᠵᠢᠭᠦᠯᠦᠭᠰᠡᠨ ᠴᠢᠬᠢ ᠪᠤᠶᠢᠵᠢᠭᠤᠯᠬᠤ ᠰᠠᠭᠤᠷᠢᠨ ᠭᠠᠵᠠᠷ ᠤᠨ ᠪᠠᠶᠢᠷᠢᠰᠢᠭᠤᠯᠤᠯᠲᠠ᠃ ᠰᠠᠶᠢᠬᠠᠨ ᠲᠣᠭᠤᠷᠢᠭ᠂ ᠲᠦᠮᠡᠳ ᠵᠡᠭᠦᠨ  ᠬᠤᠰᠢᠭᠤ ᠪᠠᠷ ᠭᠤᠣᠯᠳᠠᠯᠭ᠎ᠠ ᠪᠣᠯᠭᠠᠨ᠂ ᠪᠡᠯᠡᠳᠭᠡᠮᠵᠢᠳᠤ ᠲᠠᠷᠢᠶᠠᠯᠠᠩ ᠤᠨ ᠡᠷᠴᠢᠮᠵᠢᠭᠦᠯᠦᠭᠰᠡᠨ ᠴᠢᠬᠢ ᠪᠤᠶᠢᠵᠢᠭᠤᠯᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ  ᠰᠢᠨ᠎ᠡ ᠪᠠᠷ ᠪᠠᠶᠢᠭᠤᠯᠬᠤ ᠪᠠ ᠲᠡᠭᠦᠯᠳᠡᠷᠵᠢᠭᠦᠯᠵᠦ᠂ ᠮᠠᠨ ᠤ ᠬᠤᠳᠠ ᠳᠤ ᠲᠤᠬᠢᠷᠠᠬᠤ ᠰᠢᠯᠢᠳᠡᠭ ᠡᠭᠦᠯᠳᠡᠷ ᠢ ᠰᠣᠩᠭᠤᠨ ᠪᠤᠶᠢᠵᠢᠭᠤᠯᠵᠤ᠂ ᠲᠡᠭᠦᠨ ᠯᠦᠭᠡ ᠢᠵᠢ  ᠪᠦᠷᠢᠳᠦᠭᠦᠯᠦᠭᠰᠡᠨ ᠴᠢᠬᠢ ᠪᠤᠶᠢᠵᠢᠭᠤᠯᠬᠤ ᠮᠡᠷᠭᠡᠵᠢᠯ ᠢ ᠬᠡᠷᠡᠭᠵᠢᠭᠦᠯᠵᠦ᠂ ᠴᠢᠬᠢ ᠪᠤᠶᠢᠵᠢᠭᠤᠯᠬᠤ ᠬᠡᠪᠴᠢᠶ᠎ᠡ ᠶᠢ ᠥᠷᠭᠡᠳᠬᠡᠨ᠂ ᠦᠷ᠎ᠡ ᠴᠢᠬᠢ ᠶᠢᠨ ᠶᠠᠰᠤ  ᠴᠢᠨᠠᠷ ᠢ ᠳᠡᠭᠡᠭᠰᠢᠯᠡᠭᠦᠯᠦᠨ᠎ᠡ᠃             ︵ᠭᠤᠷᠪᠠ︶ ᠪᠡᠯᠡᠳᠭᠡᠮᠵᠢᠳᠤ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠤᠨ ᠪᠠᠶᠢᠷᠢᠰᠢᠭᠤᠯᠤᠯᠲᠠ᠃ ᠰᠠᠶᠢᠬᠠᠨ ᠲᠣᠭᠤᠷᠢᠭ᠂ ᠲᠦᠮᠡᠳ ᠵᠡᠭᠦᠨ  ᠬᠤᠰᠢᠭᠤ᠂ ᠢᠦᠢ ᠴᠢᠦᠸᠠᠨ ᠲᠣᠭᠤᠷᠢᠭ ᠢᠶᠠᠷ ᠭᠤᠣᠯ ᠪᠣᠯᠭᠠᠨ᠂ ᠪᠤᠰᠤᠳ ᠬᠤᠰᠢᠭᠤ ᠰᠢᠶᠠᠨ ᠢᠶᠠᠷ ᠨᠥᠬᠦᠪᠦᠷᠢᠯᠡᠵᠦ᠂ ᠪᠡᠯᠡᠳᠭᠡᠮᠵᠢᠳᠤ ᠢᠳᠡᠰᠢᠨ  ᠨᠣᠭᠤᠭ᠎ᠠ ᠶᠢᠨ ᠦᠢᠯᠡᠳᠪᠦᠷᠢᠯᠡᠯ ᠤᠨ ᠲᠠᠯᠠᠪᠠᠢ ᠶᠢ ᠠᠯᠬᠤᠮ ᠠᠯᠬᠤᠮ ᠢᠶᠠᠷ ᠥᠷᠭᠡᠳᠬᠡᠵᠦ᠂ 2 ᠲᠦᠮᠡᠨ ᠮᠦ ᠪᠡᠯᠡᠳᠭᠡᠮᠵᠢᠳᠤ ᠢᠳᠡᠰᠢᠨ ᠨᠣᠭᠤᠭ᠎ᠠ ᠲᠠᠷᠢᠬᠤ  ᠬᠡᠪᠴᠢᠶ᠎ᠡ ᠳᠤ ᠬᠦᠷᠭᠡᠨ᠂ ᠪᠡᠯᠡᠳᠭᠡᠮᠵᠢᠳᠤ ᠢᠳᠡᠰᠢᠨ ᠨᠣᠭᠤᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠪᠡᠯᠡᠳᠭᠡᠮᠵᠢᠳᠤ ᠢᠳᠡᠰᠢᠨ ᠨᠣᠭᠤᠭ᠎ᠠ ᠶᠢᠨ ᠲᠦᠷᠦᠯ  ᠵᠦᠢᠯ ᠢ ᠪᠠᠶᠠᠯᠢᠭᠵᠢᠭᠤᠯᠵᠤ᠂ ᠪᠦᠬᠦ ᠬᠤᠳᠠ ᠶᠢᠨ ᠪᠡᠯᠡᠳᠭᠡᠮᠵᠢᠳᠤ ᠢᠳᠡᠰᠢᠨ ᠨᠣᠭᠤᠭ᠎ᠠ ᠶᠢᠨ ᠤᠨᠠᠯᠲᠠ ᠶᠢ ᠲᠣᠭᠲᠠᠪᠤᠷᠢᠵᠢᠭᠤᠯᠤᠨ᠎ᠠ᠃ ᠢᠳᠡᠰᠢᠨ ᠤ ᠮᠥᠭᠦ ᠶᠢᠨ  ᠠᠵᠤ ᠦᠢᠯᠡᠰ ᠤᠨ ᠬᠥᠭᠵᠢᠯᠲᠡ ᠶᠢ ᠤᠯᠠᠮ ᠨᠢᠭᠡ ᠠᠯᠬᠤᠮ ᠴᠢᠩᠭᠠᠳᠬᠠᠵᠤ᠂ ᠦᠴᠤᠸᠠᠨ ᠰᠢᠶᠠᠨ᠂ ᠰᠠᠶᠢᠬᠠᠨ ᠲᠣᠭᠤᠷᠢᠭ᠂ ᠰᠢᠨ᠎ᠡ ᠬᠤᠲᠠ ᠲᠣᠭᠤᠷᠢᠭ᠂  ᠢᠦᠶ ᠴᠢᠤᠸᠠᠨ ᠲᠣᠭᠤᠷᠢᠭ ᠪᠣᠯᠤᠨ ᠴᠢᠩ ᠱᠦᠶ ᠾᠧ ᠰᠢᠶᠠᠨ ᠳᠤ ᠦᠨᠦᠷᠲᠦ ᠮᠥᠭᠦ᠂ ᠭᠤᠯᠭᠤᠮᠠᠲᠠᠭᠠᠶ ᠮᠥᠭᠦ᠂ ᠬᠤᠨᠢᠨ ᠤ ᠴᠦᠨᠳᠦᠭᠦᠷ ᠮᠥᠭᠦ ᠵᠡᠷᠭᠡ  ᠢᠳᠡᠰᠢᠨ ᠤ ᠮᠥᠭᠦ ᠶᠢᠨ ᠦᠢᠯᠡᠳᠪᠦᠷᠢᠯᠡᠯ ᠤᠨ ᠬᠡᠪᠴᠢᠶ᠎ᠡ ᠶᠢ ᠨᠡᠮᠡᠭᠳᠡᠭᠦᠯᠵᠦ᠂ ᠦᠢᠯᠡᠳᠪᠦᠷᠢᠯᠡᠯ ᠤᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ᠬᠤᠲᠠ ᠶᠢᠨ  ᠭᠤᠣᠯ ᠲᠣᠭᠤᠷᠢᠭ ᠠᠴᠠ 50 ᠺᠢᠯᠣᠮᠧᠲᠷ ᠤᠨ ᠬᠡᠪᠴᠢᠶᠡᠨ ᠳᠣᠲᠣᠷ᠎ᠠ᠂ ᠨᠢᠭᠡ ᠪᠦᠯᠦᠭ ᠬᠡᠪᠴᠢᠶᠡᠵᠢᠭᠰᠡᠨ ᠵᠠᠳᠠᠭᠠᠶ ᠢᠳᠡᠰᠢᠨ ᠨᠣᠭᠤᠭ᠎ᠠ ᠶᠢᠨ  ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠵᠤ᠂ ᠡᠯ᠎ᠡ ᠭᠠᠵᠠᠷ ᠣᠷᠣᠨ ᠤ ᠤᠨᠴᠠᠯᠢᠬᠳᠤ ᠢᠳᠡᠰᠢᠨ ᠨᠣᠭᠤᠭ᠎ᠠ ᠶᠢᠨ ᠲᠥᠷᠥᠯ  ᠲᠡᠮᠳᠡᠭᠲᠦ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠳᠠᠷᠢᠬᠤ ᠬᠡᠪᠴᠢᠶ᠎ᠡ ᠶᠢ ᠲᠠᠰᠤᠷᠠᠯᠲᠠ ᠥᠬᠡᠶ ᠥᠷᠭᠡᠳᠬᠡᠵᠦ᠂ ︽ᠨᠢᠭᠡ ᠲᠣᠰᠬᠤᠨ ᠨᠢᠭᠡ  ᠪᠦᠲᠦᠭᠡᠭᠳᠡᠬᠦᠨ᠂ ᠨᠢᠭᠡ ᠰᠢᠶᠠᠩ ᠨᠢᠭᠡ ᠠᠵᠤ ᠦᠢᠯᠡᠰ︾ ᠤᠨ ᠬᠥᠭᠵᠢᠯᠲᠡ ᠶᠢᠨ ᠪᠠᠶᠢᠷᠢᠰᠢᠯ ᠢ ᠪᠣᠶ ᠪᠣᠯᠭᠠᠵᠤ᠂ ᠢᠳᠡᠰᠢᠨ ᠨᠣᠭᠤᠭ᠎ᠠ ᠶᠢᠨ  ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠦᠨ᠎ᠡ᠃             ︵ᠳᠥᠷᠪᠡ︶ ᠪᠡᠯᠡᠳᠭᠡᠮᠵᠢᠳᠤ ᠭᠤᠸᠠ ᠵᠢᠮᠢᠰ᠂ ᠬᠤᠸᠠᠷ ᠴᠡᠴᠡᠭ ᠤᠨ ᠠᠵᠤ ᠦᠢᠯᠡᠰ ᠤᠨ ᠪᠠᠶᠢᠷᠢᠰᠢᠭᠤᠯᠤᠯᠲᠠ᠃ ᠰᠡᠯᠡᠭᠦᠴᠡᠨ ᠲᠣᠭᠤᠷᠢᠵᠤ  ᠲᠡᠭᠦᠬᠦ ᠪᠠᠷ ᠰᠠᠭᠤᠷᠢ ᠪᠣᠯᠭᠠᠨ᠂ ᠭᠤᠣᠯᠳᠠᠭᠤ ᠰᠢᠨ᠎ᠡ ᠬᠤᠳᠠ ᠲᠣᠭᠤᠷᠢᠭ᠂ ᠰᠠᠶᠢᠬᠠᠨ ᠲᠣᠭᠤᠷᠢᠭ᠂ ᠲᠦᠮᠡᠳ ᠵᠡᠭᠦᠨ ᠬᠤᠰᠢᠭᠤ᠂ ᠲᠣᠭᠲᠠᠬᠤ ᠰᠢᠶᠠᠨ᠂  ᠬᠤᠷᠢᠨᠭᠡᠷ ᠰᠢᠶᠠᠨ ᠳᠤ ᠭᠦᠵᠡᠯᠵᠡᠭᠡᠨ᠎ᠡ᠂ ᠦᠵᠦᠮ᠂ ᠠᠮᠲᠠᠲᠤ ᠬᠡᠮᠬᠡ ᠪᠠᠷ ᠭᠤᠣᠯ ᠪᠣᠯᠭᠠᠭᠰᠠᠨ ᠪᠡᠯᠡᠳᠭᠡᠮᠵᠢᠳᠤ ᠭᠤᠸᠠ ᠵᠢᠮᠢᠰ ᠲᠠᠷᠢᠬᠤ ᠰᠠᠭᠤᠷᠢᠨ ᠭᠠᠵᠠᠷ ᠢ  ᠪᠥᠳᠥᠭᠡᠨ ᠪᠠᠶᠢᠭᠤᠯᠤᠨ᠎ᠠ᠃ ᠦᠴᠤᠸᠠᠨ ᠰᠢᠶᠠᠨ ᠤ ᠬᠦᠢᠲᠡᠨ ᠰᠡᠷᠢᠭᠦᠨ ᠠᠭᠤᠷ ᠠᠮᠢᠰᠬᠤᠯ ᠤᠨ ᠨᠥᠬᠦᠴᠡᠯ ᠢ ᠠᠰᠢᠭᠯᠠᠨ᠂ ᠬᠦᠢᠲᠡᠨ ᠰᠡᠷᠢᠭᠦᠨ  ᠭᠦᠵᠡᠯᠵᠡᠭᠡᠨ᠎ᠡ ᠶᠢᠨ ᠴᠢᠬᠢ ᠪᠤᠶᠢᠵᠢᠭᠤᠯᠬᠤ᠂ ᠦᠢᠯᠡᠳᠪᠦᠷᠢᠯᠡᠬᠦ᠂ ᠡᠳ᠋ᠰᠢᠭᠦᠯᠬᠦ ᠰᠠᠭᠤᠷᠢᠨ ᠭᠠᠵᠠᠷ ᠢ ᠬᠦᠴᠦᠯᠡᠨ ᠪᠠᠶᠢᠭᠤᠯᠤᠨ᠎ᠠ᠃ ᠥᠷᠭᠡᠨ ᠣᠯᠠᠨ ᠬᠤᠲᠠ ᠶᠢᠨ  ᠠᠷᠠᠳ ᠤᠨ ᠴᠢᠨᠠᠷ ᠰᠠᠶᠢᠲᠠᠶ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠶᠢᠨ ᠲᠤᠰᠠᠳᠠ᠂ ᠣᠲᠣ ᠶᠢᠨ ᠪᠠᠶᠢᠭ᠎ᠠ ᠫᠧᠩᠰᠡᠨ ᠳᠤ ᠵᠠᠶᠢᠯᠠᠬᠤ ᠴᠡᠴᠡᠭ ᠳᠠᠷᠢᠬᠤ  ᠬᠦᠷᠢᠶᠡᠯᠡᠩ ᠲᠣᠭᠤᠷᠢᠭ᠂ ᠰᠣᠷᠭᠤᠭ ᠴᠡᠴᠡᠭ ᠳᠠᠷᠢᠬᠤ ᠰᠠᠭᠤᠷᠢᠨ ᠭᠠᠵᠠᠷ ᠲᠤ ᠲᠦᠰᠢᠭᠯᠡᠨ᠂ ᠰᠢᠨ᠎ᠡ ᠬᠤᠲᠠ ᠲᠣᠭᠤᠷᠢᠭ᠂ ᠰᠠᠶᠢᠬᠠᠨ ᠲᠣᠭᠤᠷᠢᠭ᠂ ᠢᠦᠶ  ᠴᠢᠤᠸᠠᠨ ᠲᠣᠭᠤᠷᠢᠭ᠂ ᠬᠤᠷᠢᠨᠭᠡᠷ ᠰᠢᠶᠠᠨ ᠳᠤ ᠨᠢᠭᠡ ᠪᠦᠯᠦᠭ ᠪᠡᠯᠡᠳᠬᠡᠮᠵᠢᠲᠦ ᠬᠤᠸᠠᠷ ᠴᠡᠴᠡᠭ ᠳᠠᠷᠢᠬᠤ ᠰᠠᠭᠤᠷᠢᠨ ᠭᠠᠵᠠᠷ ᠢ ᠭᠤᠤᠯᠳᠠᠯᠭ᠎ᠠ ᠲᠠᠢ  ᠬᠥᠭᠵᠢᠭᠦᠯᠦᠨ᠎ᠡ᠃            ︵ᠲᠠᠪᠤ︶ ᠠᠵᠤ ᠦᠢᠯᠡᠰ ᠤᠨ ᠠᠭᠤᠰᠤᠯᠴᠠᠭᠰᠠᠨ ᠬᠥᠭᠵᠢᠯᠲᠡ ᠶᠢᠨ ᠪᠠᠶᠢᠷᠢᠰᠢᠭᠤᠯᠤᠯᠲᠠ᠃ ᠰᠠᠶᠢᠬᠠᠨ ᠲᠣᠭᠤᠷᠢᠭ᠂ ᠲᠦᠮᠡᠳ ᠵᠡᠭᠦᠨ ᠬᠤᠰᠢᠭᠤ᠂  ᠢᠦᠢ ᠴᠢᠦᠸᠠᠨ ᠲᠣᠭᠤᠷᠢᠭ ᠵᠡᠷᠭᠡ ᠪᠡᠯᠡᠳᠬᠡᠮᠵᠢᠲᠦ ᠲᠠᠷᠢᠶᠠᠯᠠᠩ ᠤᠨ ᠭᠤᠣᠯ ᠭᠠᠷᠤᠯᠲᠠ ᠶᠢᠨ ᠣᠷᠣᠨ ᠳᠤ᠂ ᠨᠢᠭᠡ ᠪᠦᠯᠦᠭ ᠵᠢᠮᠢᠰ ᠢᠳᠡᠰᠢᠨ ᠨᠣᠭᠤᠭ᠎ᠠ ᠶᠢ  ᠲᠠᠷᠢᠶᠠᠨ ᠭᠠᠵᠠᠷ ᠲᠤ ᠰᠢᠨ᠎ᠡ ᠰᠣᠷᠭᠤᠭ ᠢᠶᠠᠷ ᠬᠠᠳᠠᠭᠠᠯᠠᠬᠤ ᠬᠦᠢᠳᠡᠨ ᠬᠡᠯᠬᠢᠶᠡᠨ ᠤ ᠲᠥᠬᠦᠭᠡᠷᠦᠮᠵᠢ ᠶᠢ ᠲᠥᠪᠯᠡᠷᠡᠭᠦᠯᠦᠨ ᠪᠠᠶᠢᠭᠤᠯᠤᠨ᠎ᠠ︔ ᠪᠡᠯᠡᠳᠭᠡᠮᠵᠢᠳᠤ  ᠲᠠᠷᠢᠶᠠᠯᠠᠩ ᠤᠨ ᠡᠳ᠋ᠰᠢᠭᠦᠯᠬᠦ ᠠᠵᠤ ᠠᠬᠤᠶᠢᠯᠠᠯ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠨᠡᠮᠡᠯᠲᠡ  ᠦᠷᠳᠡᠭ ᠢ ᠳᠡᠭᠡᠭᠰᠢᠯᠡᠭᠦᠯᠦᠨ᠎ᠡ︔ ᠪᠥᠬᠦ ᠬᠤᠲᠠ ᠶᠢᠨ ᠬᠡᠪᠴᠢᠶᠡᠨ ᠳᠤ ᠲᠠᠷᠢᠶᠠᠯᠠᠩ ᠤᠨ ᠪᠦᠲᠦᠭᠡᠭᠳᠡᠬᠦᠨ ᠢ ᠪᠥᠭᠡᠮ ᠢᠶᠠᠷ ᠬᠤᠳᠠᠯᠳᠤᠬᠤ ᠲᠠᠷᠢᠶᠠᠯᠠᠩ ᠤᠨ  ᠠᠷᠠᠯᠵᠢᠶᠠᠨ ᠤ ᠵᠠᠬ᠎ᠠ ᠳᠡᠯᠭᠡᠭᠦᠷ ᠢ ᠵᠣᠬᠢᠰᠲᠠᠶ ᠲᠥᠯᠥᠪᠵᠢᠭᠦᠯᠦᠨ ᠪᠠᠶᠢᠷᠢᠯᠠᠭᠤᠯᠤᠨ᠎ᠠ᠃            ᠲᠠᠪᠤ᠂ ᠭᠤᠣᠯᠳᠠᠯᠭ᠎ᠠ ᠲᠠᠢ ᠪᠦᠲᠦᠭᠡᠨ ᠪᠠᠶᠢᠭᠤᠯᠬᠤ ᠡᠭᠦᠷᠭᠡ            ︵ᠨᠢᠭᠡ︶ ᠪᠡᠯᠡᠳᠬᠡᠮᠵᠢᠲᠦ ᠲᠠᠷᠢᠶᠠᠯᠠᠩ ᠤᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠦᠨ᠎ᠡ              ᠨᠢᠭᠡ ᠳᠤ ᠪᠡᠯᠡᠳᠭᠡᠮᠵᠢᠳᠤ ᠲᠠᠷᠢᠶᠠᠯᠠᠩ ᠤᠨ ᠡᠷᠴᠢᠮᠵᠢᠭᠦᠯᠦᠨ ᠴᠢᠬᠢ ᠪᠤᠶᠢᠵᠢᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠠᠶᠢᠬᠠᠨ ᠲᠣᠭᠤᠷᠢᠭ᠂  ᠲᠦᠮᠡᠳ ᠵᠡᠭᠦᠨ ᠬᠤᠰᠢᠭᠤ ᠪᠡᠯᠡᠳᠬᠡᠮᠵᠢᠲᠦ ᠢᠳᠡᠰᠢᠨ ᠨᠣᠭᠤᠭ᠎ᠠ᠂ ᠬᠤᠸᠠᠷ ᠴᠡᠴᠡᠭ᠂ ᠭᠤᠸᠠ ᠵᠢᠮᠢᠰ ᠤᠨ ᠡᠷᠴᠢᠮᠵᠢᠭᠦᠯᠦᠨ ᠴᠢᠬᠢ ᠪᠤᠶᠢᠵᠢᠭᠤᠯᠬᠤ ᠵᠢᠱᠢᠶ᠎ᠡ  ᠦᠵᠡᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠠᠰᠢ ᠵᠢᠮᠢᠰ ᠤᠨ ᠲᠦᠷᠦᠯ᠂ ᠭᠤᠸᠠ ᠵᠢᠮᠢᠰ ᠤᠨ ᠲᠦᠷᠦᠯ᠂ ᠴᠠᠭᠠᠨ  ᠨᠣᠭᠤᠭ᠎ᠠ ᠶᠢᠨ ᠲᠦᠷᠦᠯ ᠵᠡᠷᠭᠡ ᠶᠢ ᠨᠦᠬᠡᠯᠡᠭᠰᠡᠨ ᠲᠠᠪᠠᠭ ᠲᠤ ᠡᠷᠴᠢᠮᠵᠢᠭᠦᠯᠦᠨ ᠴᠢᠬᠢ ᠪᠤᠶᠢᠵᠢᠭᠤᠯᠬᠤ ᠮᠡᠷᠭᠡᠵᠢᠯ ᠢ ᠭᠤᠣᠯᠳᠠᠯᠭ᠎ᠠ ᠲᠠᠢ ᠳᠡᠯᠭᠡᠷᠡᠭᠦᠯᠵᠦ᠂ ᠴᠢᠬᠢ  ᠪᠤᠶᠢᠵᠢᠭᠤᠯᠬᠤ ᠲᠤᠰᠬᠠᠶ ᠪᠡᠯᠡᠳᠬᠡᠮᠵᠢ ᠶᠢᠨ ᠲᠠᠯᠠᠪᠠᠢ ᠶᠢ ᠥᠷᠭᠡᠳᠬᠡᠨ᠂ ᠴᠢᠬᠢ ᠪᠤᠶᠢᠵᠢᠭᠤᠯᠬᠤ ᠲᠤᠰᠬᠠᠶ ᠮᠠᠰᠢᠨ ᠲᠥᠬᠦᠭᠡᠷᠦᠮᠵᠢ ᠶᠢ ᠢᠵᠢ ᠪᠦᠷᠢᠳᠦᠭᠦᠯᠵᠦ᠂  ᠴᠢᠬᠢ ᠪᠤᠶᠢᠵᠢᠭᠤᠯᠬᠤ ᠪᠡᠯᠡᠳᠬᠡᠮᠵᠢ ᠶᠢᠨ ᠨᠥᠬᠦᠴᠡᠯ ᠢ ᠰᠠᠶᠢᠵᠢᠷᠠᠭᠤᠯᠵᠤ᠂ ᠴᠢᠬᠢ ᠪᠤᠶᠢᠵᠢᠭᠤᠯᠬᠤ ᠦᠢᠯᠡᠳᠪᠦᠷᠢᠯᠡᠯ ᠢ ᠪᠠᠷᠢᠮᠵᠢᠶᠠᠵᠢᠭᠤᠯᠬᠤ ᠠᠵᠢᠯᠯᠠᠭ᠎ᠠ ᠶᠢ  ᠬᠡᠷᠡᠭᠵᠢᠭᠦᠯᠵᠦ᠂ ᠴᠢᠬᠢ ᠪᠤᠶᠢᠵᠢᠭᠤᠯᠬᠤ ᠶᠠᠰᠤ ᠴᠢᠨᠠᠷ ᠪᠠ ᠬᠡᠪᠴᠢᠶ᠎ᠡ ᠶᠢ ᠳᠡᠭᠡᠭᠰᠢᠯᠡᠭᠦᠯᠦᠨ᠎ᠡ᠃ ᠴᠢᠨᠠᠷ ᠰᠠᠶᠢᠨ᠂ ᠤᠨᠠᠯᠲᠠ ᠰᠠᠶᠢᠨ᠂ ᠰᠥᠷᠬᠦ ᠶᠢ ᠡᠰᠡᠷᠭᠦᠴᠡᠬᠦ  ᠴᠢᠨᠠᠷ ᠢᠶᠠᠷ ᠰᠠᠶᠢᠨ ᠡᠭᠦᠯᠳᠡᠷ ᠢ ᠰᠣᠩᠭᠤᠨ ᠪᠤᠶᠢᠵᠢᠭᠤᠯᠬᠤ ᠶᠢ ᠴᠢᠩᠭᠠᠳᠬᠠᠵᠤ᠂ ᠲᠡᠭᠦᠨ ᠯᠦᠭᠡ ᠢᠵᠢ ᠪᠦᠷᠢᠳᠦᠭᠦᠯᠦᠭᠰᠡᠨ ᠪᠣᠬᠢᠷᠲᠤᠯ ᠦᠭᠡᠢ ᠲᠠᠷᠢᠵᠤ  ᠪᠣᠶᠢᠵᠢᠭᠤᠯᠬᠤ ᠪᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠳᠡᠯᠭᠡᠷᠡᠭᠦᠯᠦᠨ᠎ᠡ᠃ 2025 ᠣᠨ ᠪᠣᠯᠬᠤ ᠳᠤ᠂ ᠪᠡᠯᠡᠳᠭᠡᠮᠵᠢᠳᠤ ᠲᠠᠷᠢᠶᠠᠯᠠᠩ ᠤᠨ  ᠦᠷ᠎ᠡ ᠴᠢᠬᠢ ᠦᠨᠳᠦᠰᠦᠨ ᠳᠡᠭᠡᠨ ᠥᠪᠡᠷ ᠢ ᠪᠠᠨ ᠬᠠᠩᠭᠠᠬᠤ ᠶᠢ ᠪᠡᠶᠡᠯᠡᠭᠦᠯᠵᠦ᠂ ᠪᠥᠬᠦ ᠬᠤᠲᠠ ᠶᠢᠨ ᠪᠡᠯᠡᠳᠭᠡᠮᠵᠢᠳᠤ ᠲᠠᠷᠢᠶᠠᠯᠠᠩ ᠤᠨ ᠲᠠᠷᠢᠮᠠᠯ ᠤᠨ ᠬᠡᠷᠡᠭᠴᠡᠭᠡ  ᠱᠠᠭᠠᠷᠳᠠᠯᠭ᠎ᠠ ᠶᠢ ᠬᠠᠩᠭᠠᠨ᠎ᠠ᠃              ᠬᠤᠶᠠᠷ ᠲᠤ ᠰᠠᠭᠤᠷᠢ ᠪᠡᠯᠡᠳᠬᠡᠮᠵᠢ ᠶᠢ ᠰᠠᠶᠢᠵᠢᠷᠠᠭᠤᠯᠵᠤ ᠲᠠᠰ ᠳᠡᠪᠰᠢᠭᠦᠯᠦᠨ᠎ᠡ᠃ ᠤᠤᠯ ᠤᠨ ᠪᠠᠶᠢᠭᠰᠠᠨ ᠪᠡᠯᠡᠳᠬᠡᠮᠵᠢᠲᠦ ᠲᠠᠷᠢᠶᠠᠯᠠᠩ ᠤᠨ  ᠦᠢᠯᠡᠳᠪᠦᠷᠢᠯᠡᠯ ᠤᠨ ᠰᠠᠭᠤᠷᠢᠨ ᠭᠠᠵᠠᠷ ᠢ ᠥᠭᠡᠷᠡᠴᠢᠯᠡᠨ ᠰᠠᠶᠢᠵᠢᠷᠠᠭᠤᠯᠵᠤ᠂ ᠨᠥᠬᠦᠴᠡᠯ ᠪᠦᠷᠢᠯᠳᠦᠭᠦᠯᠦᠭᠰᠡᠨ ᠬᠤᠭᠤᠰᠣᠨ ᠬᠦᠯᠡᠮᠵᠢ ᠳᠤ ᠪᠠᠷᠢᠮᠵᠢᠶᠠᠵᠢᠭᠤᠯᠬᠤ  ᠥᠭᠡᠷᠡᠴᠢᠯᠡᠯᠲᠡ ᠬᠢᠨ᠎ᠡ᠃ ᠬᠡᠷᠡᠭᠯᠡᠭᠡᠨ ᠤ ᠲᠧᠭᠨᠢᠭ ᠮᠡᠷᠭᠡᠵᠢᠯ ᠤᠨ ᠲᠣᠨᠣᠭᠯᠠᠯ ᠢ ᠳᠡᠯᠭᠡᠷᠡᠭᠦᠯᠵᠦ᠂ ᠠᠦ᠋ᠲ᠋ᠣᠴᠢᠯᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂  ᠬᠥᠳᠡᠯᠮᠦᠷᠢ ᠶᠢᠨ ᠡᠷᠴᠢᠮ ᠢ ᠪᠠᠭᠤᠷᠠᠭᠤᠯᠤᠨ᠂ ᠬᠥᠳᠡᠯᠮᠦᠷᠢ ᠦᠢᠯᠡᠳᠪᠦᠷᠢᠯᠡᠯ ᠤᠨ ᠨᠤᠷᠮ᠎ᠠ ᠶᠢ ᠳᠡᠭᠡᠭᠰᠢᠯᠡᠭᠦᠯᠦᠨ᠎ᠡ︔ ᠪᠣᠳᠠᠲᠤ ᠬᠦᠴᠦᠨ ᠲᠠᠢ ᠬᠥᠲᠥᠴᠢ ᠠᠵᠤ  ᠠᠬᠤᠶᠢᠯᠠᠯ ᠢ ᠣᠷᠣᠭᠤᠯᠤᠨ ᠠᠪᠴᠢᠷᠠᠵᠤ ᠥᠨᠳᠥᠷ ᠪᠠᠷᠢᠮᠵᠢᠶᠠᠲᠤ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠰᠢᠨ᠎ᠡ ᠪᠠᠷ  ᠪᠠᠶᠢᠭᠤᠯᠵᠤ᠂ ᠪᠡᠯᠡᠳᠭᠡᠮᠵᠢᠳᠤ ᠲᠠᠷᠢᠶᠠᠯᠠᠩ ᠤᠨ ᠦᠢᠯᠡᠳᠪᠦᠷᠢᠯᠡᠯ ᠤᠨ ᠲᠠᠯᠠᠪᠠᠶ ᠶᠢ ᠥᠷᠭᠡᠳᠬᠡᠨ᠎ᠡ᠃ 2025 ᠣᠨ ᠪᠣᠯᠬᠤ ᠳᠤ᠂ ᠬᠦᠯᠡᠮᠵᠢ ᠲᠣᠮᠣ ᠫᠧᠩ ᠢ  ᠰᠢᠨ᠎ᠡ ᠪᠠᠷ ᠪᠠᠶᠢᠭᠤᠯᠬᠤ᠂ ᠰᠡᠯᠪᠢᠨ ᠵᠠᠰᠠᠬᠤ ᠪᠠᠷ ᠳᠠᠮᠵᠢᠭᠤᠯᠤᠨ᠂ ᠪᠡᠯᠡᠳᠭᠡᠮᠵᠢᠳᠤ ᠲᠠᠷᠢᠶᠠᠯᠠᠩ ᠤᠨ ᠦᠢᠯᠡᠳᠪᠦᠷᠢᠯᠡᠯ ᠤᠨ ᠲᠠᠯᠠᠪᠠᠶ ᠶᠢ 6000 ᠮᠥ  ᠰᠢᠨ᠎ᠡ ᠪᠠᠷ ᠨᠡᠮᠡᠭᠳᠡᠭᠦᠯᠦᠨ᠎ᠡ᠃ ᠡᠭᠦᠨ ᠳᠤ ᠪᠡᠯᠡᠳᠭᠡᠮᠵᠢᠳᠤ ᠢᠳᠡᠰᠢᠨ ᠨᠣᠭᠤᠭ᠎ᠠ ᠳᠠᠷᠢᠬᠤ ᠲᠠᠯᠠᠪᠠᠶ ᠶᠢ 4000 ᠮᠥ ᠰᠢᠨ᠎ᠡ ᠪᠠᠷ ᠨᠡᠮᠡᠭᠳᠡᠭᠦᠯᠵᠦ᠂  ᠪᠡᠯᠡᠳᠭᠡᠮᠵᠢᠳᠤ ᠭᠤᠸᠠ ᠵᠢᠮᠢᠰ ᠬᠤᠸᠠᠷ ᠴᠡᠴᠡᠭ ᠳᠠᠷᠢᠬᠤ ᠲᠠᠯᠠᠪᠠᠶ ᠶᠢ 2000 ᠮᠥ ᠰᠢᠨ᠎ᠡ ᠪᠠᠷ ᠨᠡᠮᠡᠭᠳᠡᠭᠦᠯᠦᠨ᠎ᠡ᠃       ᠭᠤᠷᠪᠠ ᠳᠤ ᠪᠡᠯᠡᠳᠭᠡᠮᠵᠢᠳᠤ ᠲᠠᠷᠢᠶᠠᠯᠠᠩ ᠤᠨ ᠪᠠᠷᠢᠮᠵᠢᠶᠠᠵᠢᠭᠰᠠᠨ ᠦᠢᠯᠡᠳᠪᠦᠷᠢᠯᠡᠯ ᠢ ᠲᠦᠯᠬᠢᠨ ᠠᠬᠢᠭᠤᠯᠤᠨ᠎ᠠ᠃ ᠲᠠᠷᠢᠬᠤ ᠵᠠᠭᠪᠤᠷ ᠢ  ᠰᠢᠯᠢᠳᠡᠭᠵᠢᠭᠦᠯᠵᠦ᠂ ᠪᠣᠬᠢᠷᠲᠤᠯ ᠦᠭᠡᠢ᠂ ᠣᠷᠭᠠᠨᠢᠭ ᠪᠠᠷᠢᠮᠵᠢᠶᠠᠵᠢᠭᠰᠠᠨ ᠲᠠᠷᠢᠬᠤ ᠮᠡᠷᠭᠡᠵᠢᠯ ᠢ ᠳᠡᠯᠭᠡᠷᠡᠭᠦᠯᠦᠨ ᠲᠦᠭᠡᠮᠡᠯᠵᠢᠭᠦᠯᠦᠨ᠎ᠡ᠃ ᠤᠶᠤᠨᠴᠢᠯᠠᠭᠰᠠᠨ᠂  ᠲᠣᠭᠠᠴᠢᠯᠠᠭᠰᠠᠨ ᠵᠡᠷᠭᠡ ᠮᠡᠳᠡᠭᠡ ᠵᠠᠩᠭᠢ ᠶᠢᠨ ᠮᠡᠷᠭᠡᠵᠢᠯ ᠤᠨ ᠲᠤᠨᠤᠭ ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠵᠦ᠂ ᠤᠶᠤᠨᠴᠢᠯᠠᠭᠰᠠᠨ᠂ ᠬᠦᠡᠭᠭᠡᠨ  ᠬᠢᠯᠪᠠᠷᠴᠢᠯᠠᠭᠰᠠᠨ᠂ ᠠᠦ᠋ᠲ᠋ᠣᠴᠢᠯᠠᠭᠰᠠᠨ ᠲᠤᠨᠤᠭ ᠲᠥᠬᠦᠭᠡᠷᠦᠮᠵᠢ ᠶᠢ ᠣᠷᠣᠭᠤᠯᠤᠨ ᠬᠡᠷᠡᠭᠯᠡᠭᠰᠡᠨ ᠰᠠᠭᠤᠷᠢᠨ ᠭᠠᠵᠠᠷ ᠲᠤ ᠨᠥᠬᠦᠪᠥᠷᠢ ᠣᠯᠭᠤᠵᠤ᠂  ᠪᠡᠯᠡᠳᠬᠡᠮᠵᠢᠲᠦ ᠲᠠᠷᠢᠶᠠᠯᠠᠩ ᠤᠨ ᠠᠵᠢᠯᠴᠢᠨ ᠬᠡᠷᠡᠭᠯᠡᠬᠦ ᠥᠪᠡᠷ ᠤᠨ ᠦᠷᠳᠡᠭ ᠢ ᠪᠠᠭᠠᠰᠬᠠᠨ᠎ᠠ᠃ ᠪᠡᠯᠡᠳᠭᠡᠮᠵᠢᠳᠤ ᠲᠠᠷᠢᠶᠠᠯᠠᠩ ᠳᠤ ᠬᠦᠡᠭᠭᠡᠨ ᠲᠦᠬᠦᠮ ᠲᠠᠷᠢᠵᠤ  ᠪᠤᠶᠢᠵᠢᠭᠤᠯᠬᠤ᠂ ᠤᠰᠤ ᠪᠤᠷᠳᠤᠭᠤᠷ ᠢ ᠨᠢᠭᠡ ᠴᠤᠭᠴᠠᠵᠢᠭᠤᠯᠬᠤ᠂ ᠪᠣᠬᠢᠷᠲᠤᠯ ᠦᠭᠡᠢ ᠪᠠᠷ ᠰᠡᠷᠭᠡᠶᠢᠯᠡᠨ ᠡᠵᠡᠮᠳᠡᠬᠦ ᠪᠠᠷ ᠭᠤᠣᠯ ᠪᠣᠯᠭᠠᠭᠰᠠᠨ ᠰᠢᠨ᠎ᠡ ᠮᠡᠷᠭᠡᠵᠢᠯ ᠢ  ᠪᠦᠬᠦ ᠲᠠᠯ᠎ᠠ ᠪᠠᠷ ᠳᠡᠯᠭᠡᠷᠡᠭᠦᠯᠦᠨ᠎ᠡ᠃ ᠬᠡᠲᠦ ᠪᠠᠭ᠎ᠠ ᠡᠨᠧᠷᠭᠢ ᠶᠢᠨ ᠬᠤᠷᠣᠭᠳᠠᠯ ᠲᠠᠢ ᠰᠢᠨ᠎ᠡ ᠬᠡᠯᠪᠡᠷᠢ ᠶᠢᠨ ᠤᠶᠤᠨᠲᠤ ᠬᠦᠯᠡᠮᠵᠢ ᠶᠢ ᠣᠷᠣᠭᠤᠯᠤᠨ ᠠᠪᠴᠢᠷᠠᠵᠤ᠂  ᠰᠠᠷᠠᠪᠴᠢᠨ ᠬᠡᠷ ᠤᠨ ᠵᠢᠶᠠᠰᠠ ᠲᠤᠯᠤᠭᠤᠷ᠂ ᠪᠦᠷᠬᠦᠬᠦ ᠮᠠᠲ᠋ᠧᠷᠢᠶᠠᠯ ᠢ ᠰᠢᠨᠵᠢᠯᠡᠬᠦ ᠤᠬᠠᠭᠠᠨᠴᠢ ᠪᠠᠷ ᠰᠣᠩᠭᠤᠨ ᠬᠡᠷᠡᠭᠯᠡᠵᠦ᠂ ᠬᠡᠷᠡᠯ ᠲᠤᠰᠬᠠᠨ ᠳᠤᠯᠠᠭᠠᠨ ᠢ  ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠂ ᠪᠠᠶᠢᠭᠠᠯᠢ ᠶᠢᠨ ᠭᠠᠮᠰᠢᠭ ᠢ ᠡᠰᠡᠷᠭᠦᠴᠡᠬᠦ ᠴᠢᠳᠠᠪᠤᠷᠢ ᠶᠢ ᠴᠢᠩᠭᠠᠷᠠᠭᠤᠯᠤᠨ᠎ᠠ︔ ᠲᠠᠷᠢᠶᠠᠨ ᠭᠠᠵᠠᠷ ᠢ  ᠠᠷᠪᠢᠯᠠᠭᠰᠠᠨ᠂ ᠴᠢᠨᠠᠷ ᠴᠢᠨᠰᠠᠭ᠎ᠠ ᠪᠠᠷ ᠰᠢᠯᠢᠳᠡᠭ᠂ ᠦᠢᠯᠡᠳᠪᠦᠷᠢᠯᠡᠯ ᠤᠨ ᠴᠢᠳᠠᠪᠤᠷᠢ ᠪᠠᠷ ᠥᠨᠳᠥᠷ᠂ ᠦᠷ᠎ᠡ ᠠᠰᠢᠭ ᠢᠶᠠᠷ ᠰᠠᠶᠢᠨ ᠡᠨᠧᠷᠭᠢ ᠠᠷᠪᠢᠯᠠᠵᠤ  ᠣᠷᠴᠢᠨ ᠠᠬᠤᠶ ᠶᠢ ᠬᠠᠮᠠᠭᠠᠯᠠᠬᠤ ᠬᠡᠯᠪᠡᠷᠢ ᠶᠢᠨ ᠪᠡᠯᠡᠳᠬᠡᠮᠵᠢᠲᠦ ᠲᠠᠷᠢᠶᠠᠯᠠᠩ ᠳᠤ ᠨᠥᠬᠦᠪᠥᠷᠢ ᠣᠯᠭᠤᠨ᠎ᠠ᠃            ︵ᠬᠤᠶᠠᠷ︶ ᠪᠡᠯᠡᠳᠬᠡᠮᠵᠢᠲᠦ ᠲᠠᠷᠢᠶᠠᠯᠠᠩ ᠤᠨ ᠠᠭᠤᠰᠤᠯᠴᠠᠭᠰᠠᠨ ᠬᠥᠭᠵᠢᠯᠲᠡ ᠶᠢ ᠲᠦᠯᠬᠢᠨ ᠠᠬᠢᠭᠤᠯᠤᠨ᠎ᠠ            ᠨᠢᠭᠡ ᠳᠤ ᠢᠳᠡᠰᠢᠨ ᠨᠣᠭᠤᠭ᠎ᠠ ᠡᠳ᠋ᠰᠢᠭᠦᠯᠬᠦ ᠦᠢᠯᠡᠰ ᠢ ᠬᠥᠭᠵᠢᠭᠦᠯᠦᠨ᠎ᠡ᠃ ᠰᠠᠶᠢᠬᠠᠨ ᠲᠣᠭᠤᠷᠢᠭ᠂ ᠲᠦᠮᠡᠳ ᠵᠡᠭᠦᠨ ᠬᠤᠰᠢᠭᠤ ᠵᠡᠷᠭᠡ ᠪᠡᠯᠡᠳᠭᠡᠮᠵᠢᠳᠤ  ᠲᠠᠷᠢᠶᠠᠯᠠᠩ ᠤᠨ ᠭᠤᠣᠯ ᠭᠠᠷᠤᠯᠲᠠ ᠶᠢᠨ ᠣᠷᠣᠨ ᠳᠤ ᠪᠡᠯᠡᠳᠭᠡᠮᠵᠢᠳᠤ ᠲᠠᠷᠢᠶᠠᠯᠠᠩ ᠤᠨ ᠡᠳ᠋ᠰᠢᠭᠦᠯᠬᠦ ᠠᠵᠤ ᠠᠬᠤᠶᠢᠯᠠᠯ ᠢ ᠢᠳᠡᠪᠬᠢᠲᠡᠶ ᠪᠠᠷ ᠣᠷᠣᠭᠤᠯᠤᠨ  ᠠᠪᠴᠢᠷᠠᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠨᠡᠮᠡᠯᠲᠡ ᠥᠷᠳᠡᠭ ᠢ ᠳᠡᠭᠡᠭᠰᠢᠯᠡᠭᠦᠯᠦᠨ᠎ᠡ᠃              ᠬᠤᠶᠠᠷ ᠲᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠯ ᠤᠨ ᠠᠬᠢᠴᠠ ᠶᠢ ᠲᠦᠷᠭᠡᠳᠬᠡᠨ᠎ᠡ᠃ ᠪᠡᠯᠡᠳᠭᠡᠮᠵᠢᠳᠤ  ᠢᠳᠡᠰᠢᠨ ᠨᠣᠭᠤᠭ᠎ᠠ᠂ ᠬᠤᠸᠠᠷ ᠴᠡᠴᠡᠭ᠂ ᠭᠤᠸᠠ ᠵᠢᠮᠢᠰ ᠤᠨ ᠰᠠᠭᠤᠷᠢᠨ ᠭᠠᠵᠠᠷ ᠲᠤ ᠲᠦᠰᠢᠭᠯᠡᠨ᠂ ᠪᠡᠯᠡᠳᠭᠡᠮᠵᠢᠳᠤ ᠲᠠᠷᠢᠶᠠᠯᠠᠩ ᠤᠨ ᠰᠡᠯᠡᠭᠦᠴᠡᠯ ᠵᠤᠭᠠᠴᠠᠯ᠂  ᠰᠤᠳᠤᠯᠤᠨ ᠰᠤᠷᠤᠯᠴᠠᠵᠤ ᠪᠡᠶᠡᠴᠢᠯᠡᠨ ᠣᠶᠢᠯᠠᠭᠠᠬᠤ᠂ ᠡᠷᠡᠭᠦᠯ ᠮᠡᠨᠳᠦ ᠠᠮᠠᠷᠠᠵᠤ ᠰᠤᠪᠢᠯᠠᠬᠤ ᠵᠡᠷᠭᠡ ᠴᠢᠳᠠᠪᠤᠷᠢ ᠶᠢ ᠪᠠᠶᠢᠭᠤᠯᠤᠨ ᠲᠡᠭᠦᠯᠳᠡᠷᠵᠢᠭᠦᠯᠵᠦ᠂  ᠪᠡᠯᠡᠳᠭᠡᠮᠵᠢᠳᠤ ᠲᠠᠷᠢᠶᠠᠯᠠᠩ ᠤᠨ ᠡᠬᠢ ᠪᠠᠶᠠᠯᠢᠭ ᠤᠨ ᠳᠠᠪᠠᠭᠤᠯᠢᠭ ᠢ ᠪᠦᠲᠦᠮᠵᠢᠲᠡᠢ ᠪᠠᠳᠠᠷᠠᠭᠤᠯᠵᠤ᠂ ᠠᠵᠤ ᠦᠢᠯᠡᠰ ᠤᠨ ᠠᠭᠤᠰᠤᠯᠴᠠᠯ᠂ ᠠᠵᠢᠯ ᠣᠯᠵᠤ  ᠣᠷᠣᠯᠭ᠎ᠠ ᠪᠠᠨ ᠨᠡᠮᠡᠭᠳᠡᠭᠦᠯᠬᠦ᠂ ᠦᠢᠯᠡᠰ ᠪᠤᠰᠬᠠᠬᠤ ᠲᠠᠪᠴᠠᠩ᠂ ᠭᠤᠣᠯᠯᠠᠬᠤ ᠨᠥᠯᠥᠭᠡᠯᠡᠯ ᠵᠡᠷᠭᠡ ᠴᠢᠳᠠᠮᠵᠢ ᠶᠢᠨ ᠦᠢᠯᠡᠳᠦᠯ ᠢ ᠲᠤᠪᠤᠶᠢᠯᠭᠠᠵᠦ᠂  ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠬᠦᠳᠦᠯᠦᠨ ᠳᠠᠭᠠᠭᠤᠯᠤᠨ᠎ᠠ᠃ ᠣᠷᠣᠰᠢᠨ ᠰᠠᠭᠤᠬᠤ ᠳᠤ  ᠲᠣᠬᠢᠷᠠᠮᠵᠢᠲᠠᠶ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠪᠡᠯᠡᠳᠭᠡᠮᠵᠢᠳᠤ ᠲᠠᠷᠢᠶᠠᠯᠠᠩ ᠳᠤ  ᠲᠦᠰᠢᠭᠯᠡᠨ ᠨᠢᠭᠡ ᠲᠣᠰᠬᠤᠨ ᠨᠢᠭᠡ ᠪᠦᠲᠦᠭᠡᠭᠳᠡᠬᠦᠨ᠂ ᠨᠢᠭᠡ ᠲᠣᠰᠬᠤᠨ ᠨᠢᠭᠡ ᠦᠵᠡᠮᠵᠢ ᠲᠠᠢ ᠦᠵᠡᠰᠬᠦᠯᠡᠩᠲᠦ ᠰᠠᠶᠢᠬᠠᠨ ᠠᠶᠢᠯ ᠲᠣᠰᠬᠤᠨ ᠪᠠ  ᠵᠤᠭᠠᠴᠠᠬᠤ ᠳᠤ ᠲᠣᠬᠢᠷᠠᠮᠵᠢᠲᠠᠢ ᠪᠡᠶ᠎ᠡ ᠰᠣᠪᠢᠯᠠᠬᠤ ᠳᠤ ᠲᠣᠬᠢᠷᠠᠮᠵᠢᠲᠠᠶ ᠬᠥᠳᠡᠭᠡ ᠲᠣᠰᠬᠤᠨ ᠤ ᠦᠵᠡᠮᠵᠢ ᠶᠢᠨ ᠣᠷᠣᠨ ᠢ ᠪᠥᠲᠥᠭᠡᠨ ᠪᠠᠶᠢᠭᠤᠯᠵᠤ᠂ ᠬᠥᠳᠡᠭᠡ  ᠲᠣᠰᠬᠤᠨ ᠤ ᠵᠢᠭᠤᠯᠴᠢᠯᠠᠯ ᠤᠨ ᠰᠣᠳᠣᠨ ᠵᠠᠮ ᠱᠤᠭᠤᠮ ᠢ ᠰᠢᠯᠢᠳᠡᠭᠵᠢᠭᠦᠯᠦᠨ᠂ ᠪᠡᠯᠡᠳᠭᠡᠮᠵᠢᠳᠤ ᠲᠠᠷᠢᠶᠠᠯᠠᠩ ᠬᠢᠭᠡᠳ ᠰᠣᠶᠣᠯ ᠵᠢᠭᠤᠯᠴᠢᠯᠠᠯ ᠤᠨ ᠠᠵᠤ  ᠦᠢᠯᠡᠰ ᠤᠨ ᠭᠦᠨᠵᠡᠭᠡᠶ ᠠᠭᠤᠰᠤᠯᠴᠠᠨ ᠬᠥᠭᠵᠢᠬᠦ ᠶᠢ ᠠᠬᠢᠭᠤᠯᠵᠤ᠂ ᠣᠷᠣᠨ ᠤ ᠲᠥᠪ ᠬᠤᠲᠠ ᠶᠢᠨ ᠲᠠᠷᠢᠶᠠᠯᠠᠩ ᠤᠨ ᠣᠳᠣᠬᠢᠴᠢᠯᠠᠯᠲᠠ ᠶᠢ ᠲᠦᠷᠭᠡᠳᠬᠡᠨ  ᠠᠬᠢᠭᠤᠯᠤᠨ᠎ᠠ᠃              ᠭᠤᠷᠪᠠ ᠳᠤ ᠬᠦᠢᠳᠡᠨ ᠬᠡᠯᠬᠢᠶᠡᠨ ᠤ ᠪᠠᠷᠠᠭᠠᠨ ᠤ ᠭᠦᠢᠯᠭᠡᠭᠡ᠂ ᠭᠦᠢᠯᠭᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ᠎ᠡ᠃ ᠪᠡᠯᠡᠳᠭᠡᠮᠵᠢᠳᠤ  ᠲᠠᠷᠢᠶᠠᠯᠠᠩ ᠤᠨ ᠭᠤᠤᠯ ᠭᠠᠷᠤᠯᠲᠠ ᠶᠢᠨ ᠣᠷᠣᠨ ᠳᠤ ᠵᠢᠮᠢᠰ ᠢᠳᠡᠰᠢᠨ ᠨᠣᠭᠤᠭ᠎ᠠ ᠶᠢ ᠰᠣᠷᠭᠤᠭ ᠢᠶᠠᠷ ᠬᠠᠳᠠᠭᠠᠯᠠᠬᠤ ᠬᠥᠮᠥᠷᠭᠡ ᠶᠢᠨ ᠪᠥᠲᠥᠭᠡᠨ  ᠪᠠᠶᠢᠭᠤᠯᠤᠯᠲᠠ ᠶᠢᠨ ᠲᠥᠷᠥᠯ ᠵᠦᠢᠯ ᠢ ᠭᠤᠤᠯᠳᠠᠯᠭ᠎ᠠ ᠲᠠᠢ ᠬᠡᠷᠡᠭᠵᠢᠭᠦᠯᠵᠦ᠂ ᠨᠢᠭᠡ ᠪᠦᠯᠦᠭ ᠵᠢᠮᠢᠰ ᠢᠳᠡᠰᠢᠨ ᠨᠣᠭᠤᠭ᠎ᠠ ᠶᠢᠨ ᠲᠠᠷᠢᠶᠠᠨ ᠭᠠᠵᠠᠷ ᠰᠢᠨ᠎ᠡ  ᠰᠣᠷᠭᠤᠭ ᠢᠶᠠᠷ ᠬᠥᠮᠥᠷᠭᠡᠯᠡᠨ ᠬᠠᠳᠠᠭᠠᠯᠠᠬᠤ ᠬᠦᠢᠲᠡᠨ ᠬᠡᠯᠬᠢᠶᠡᠨ ᠤ ᠲᠥᠬᠦᠭᠡᠷᠦᠮᠵᠢ ᠶᠢ ᠪᠥᠲᠥᠭᠡᠨ ᠪᠠᠶᠢᠭᠤᠯᠵᠤ᠂ ᠮᠡᠳᠡᠭᠡ ᠵᠠᠩᠭᠢ ᠶᠢ ᠠᠦ᠋ᠲ᠋ᠣ᠋ ᠴᠤᠭᠯᠠᠭᠤᠯᠬᠤ  ᠲᠥᠬᠦᠭᠡᠷᠦᠮᠵᠢ ᠶᠢ ᠳᠣᠭᠢᠷᠠᠭᠤᠯᠤᠨ᠂ ᠢᠳᠡᠰᠢᠨ ᠨᠣᠭᠤᠭ᠎ᠠ ᠶᠢᠨ ᠪᠦᠲᠦᠭᠡᠭᠳᠡᠬᠦᠨ ᠤ ᠭᠠᠷᠤᠯᠲᠠ ᠶᠢᠨ ᠣᠷᠣᠨ ᠤ ᠰᠢᠨ᠎ᠡ ᠰᠣᠷᠭᠤᠭ ᠢᠶᠠᠷ ᠬᠥᠮᠥᠷᠭᠡᠯᠡᠨ  ᠬᠠᠳᠠᠭᠠᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠦᠢᠯᠡᠳᠪᠦᠷᠢᠯᠡᠯ ᠤᠨ ᠳᠠᠷᠠᠭᠠᠬᠢ ᠬᠤᠬᠢᠷᠠᠯ ᠢ ᠪᠠᠭᠠᠰᠬᠠᠨ᠎ᠠ᠃ ᠢᠳᠡᠰᠢᠨ ᠨᠣᠭᠤᠭ᠎ᠠ ᠵᠡᠷᠭᠡ ᠲᠠᠷᠢᠶᠠᠯᠠᠩ ᠤᠨ  ᠪᠦᠲᠦᠭᠡᠭᠳᠡᠬᠦᠨ ᠵᠢᠴᠢ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠠᠷᠠᠭᠠᠨ ᠤ ᠭᠦᠢᠯᠭᠡᠭᠡᠨ ᠤ ᠠᠷᠭ᠎ᠠ ᠵᠠᠮ ᠢ ᠰᠢᠯᠤᠭᠤᠳᠬᠠᠵᠤ᠂ ᠠᠷᠠᠳ ᠤᠨ  ᠠᠮᠢᠳᠤᠷᠠᠯ ᠪᠠ ᠲᠠᠷᠢᠶᠠᠯᠠᠩ ᠤᠨ ᠦᠢᠯᠡᠳᠪᠦᠷᠢᠯᠡᠯ ᠤᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠨ᠎ᠠ᠃ ᠲᠠᠷᠢᠶᠠᠯᠠᠩ ᠤᠨ ᠠᠷᠠᠯᠵᠢᠶ᠎ᠠ ᠶᠢᠨ ᠪᠥᠭᠡᠮ ᠢᠶᠠᠷ  ᠬᠤᠳᠠᠯᠳᠤᠬᠤ ᠵᠠᠬ᠎ᠠ ᠳᠡᠯᠭᠡᠭᠦᠷ ᠢ ᠵᠦᠢ ᠵᠣᠬᠢᠰᠲᠠᠶ ᠪᠠᠶᠢᠷᠢᠰᠢᠭᠤᠯᠵᠤ᠂ ᠤᠳᠤ ᠶᠢᠨ ᠪᠠᠶᠢᠭ᠎ᠠ ᠲᠠᠷᠢᠶᠠᠯᠠᠩ ᠤᠨ ᠠᠷᠠᠯᠵᠢᠶ᠎ᠠ ᠶᠢᠨ ᠵᠠᠬ᠎ᠠ ᠳᠡᠯᠭᠡᠭᠦᠷ ᠤᠨ ᠪᠦᠳᠦᠭᠡᠨ  ᠪᠠᠶᠢᠭᠤᠯᠵᠤ ᠥᠭᠡᠷᠡᠴᠢᠯᠡᠬᠦ ᠡᠷᠴᠢᠮ ᠢᠶᠠᠨ ᠴᠢᠩᠭᠠᠷᠠᠭᠤᠯᠬᠤ ᠶᠢ ᠲᠡᠮᠵᠢᠨ᠎ᠠ᠃ ᠨᠡᠶᠢᠭᠡᠮ ᠤᠨ ᠬᠦᠴᠦᠨ ᠠᠴᠠ ᠪᠡᠯᠡ ᠣᠷᠣᠭᠤᠯᠵᠤ ᠥᠨᠳᠥᠷ ᠭᠠᠷᠤᠭ᠎ᠠ ᠠᠴᠠ ᠂  ᠥᠨᠳᠥᠷ ᠪᠠᠷᠢᠮᠵᠢᠶ᠎ᠠ ᠪᠠᠷ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠢ ᠰᠢᠨ᠎ᠡ ᠪᠠᠷ ᠪᠠᠶᠢᠭᠤᠯᠬᠤ ᠶᠢ ᠵᠣᠷᠢᠭᠵᠢᠭᠤᠯᠤᠨ᠎ᠠ᠃ ᠲᠠᠷᠢᠶᠠᠯᠠᠩ ᠤᠨ  ᠠᠷᠠᠯᠵᠢᠶᠠᠨ ᠤ ᠵᠠᠬ᠎ᠠ ᠳᠡᠯᠭᠡᠭᠦᠷ ᠤᠨ ᠪᠠᠷᠢᠮᠵᠢᠶᠠᠵᠢᠭᠰᠠᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠵᠠᠬ᠎ᠠ ᠳᠡᠯᠭᠡᠭᠦᠷ ᠤᠨ ᠡᠵᠡᠩᠨᠡᠯᠲᠡ ᠬᠠᠮᠢᠶᠠᠷᠤᠯᠲᠠ ᠶᠢᠨ  ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠢᠳᠡᠰᠢᠨ ᠨᠣᠭᠤᠭ᠎ᠠ ᠵᠡᠷᠭᠡ ︽ᠬᠤᠯᠢᠰᠢᠨ ᠢᠳᠡᠰᠢ︾ ᠶᠢᠨ ᠪᠦᠲᠦᠭᠡᠭᠳᠡᠬᠦᠨ ᠢ ᠰᠢᠭᠤᠳ ᠡᠵᠡᠩᠨᠡᠵᠦ ᠰᠢᠭᠤᠳ  ᠬᠠᠩᠭᠠᠬᠤ᠂ ᠰᠦᠯᠵᠢᠶ᠎ᠡ ᠪᠠᠷ ᠪᠣᠷᠣᠯᠠᠭᠤᠯᠬᠤ ᠵᠡᠷᠭᠡ ᠵᠢᠵᠢᠭᠯᠡᠨ ᠬᠤᠳᠠᠯᠳᠤᠬᠤ ᠰᠢᠨ᠎ᠡ ᠵᠠᠭᠪᠤᠷ ᠢ ᠵᠣᠷᠢᠭᠵᠢᠭᠤᠯᠵᠤ᠂ ︽ᠬᠤᠯᠢᠰᠢᠨ ᠢᠳᠡᠰᠢ︾ ᠶᠢᠨ  ᠪᠦᠲᠦᠭᠡᠭᠳᠡᠬᠦᠨ ᠢ ᠵᠢᠵᠢᠭᠯᠡᠨ ᠬᠤᠳᠠᠯᠳᠤᠬᠤ ᠲᠣᠤᠷ ᠴᠡᠭ ᠤᠨ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃             ︵ᠭᠤᠷᠪᠠ︶ ᠪᠡᠯᠡᠳᠬᠡᠮᠵᠢᠲᠦ ᠲᠠᠷᠢᠶᠠᠯᠠᠩ ᠤᠨ ᠪᠣᠬᠢᠷᠲᠤᠯ ᠦᠭᠡᠢ ᠵᠦᠭ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠲᠦᠯᠬᠢᠨ ᠠᠬᠢᠭᠤᠯᠤᠨ᠎ᠠ              ᠨᠢᠭᠡ ᠳᠤ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ ᠪᠡᠯᠡᠳᠭᠡᠮᠵᠢᠳᠤ ᠲᠠᠷᠢᠶᠠᠯᠠᠩ ᠤᠨ ᠡᠪᠡᠳᠴᠢᠨ  ᠬᠤᠷᠣᠬᠠᠶ ᠶᠢᠨ ᠬᠥᠨᠥᠭᠡᠯ ᠢ ᠪᠣᠬᠢᠷᠲᠤᠯ ᠥᠬᠡᠶ ᠰᠡᠷᠭᠡᠶᠢᠯᠡᠨ ᠡᠵᠡᠮᠳᠡᠬᠦ ᠠᠵᠢᠯ ᠢ ᠦᠷᠭᠦᠯᠵᠢᠯᠡᠨ ᠠᠬᠢᠭᠤᠯᠵᠤ᠂ ᠪᠡᠯᠡᠳᠭᠡᠮᠵᠢᠳᠤ ᠲᠠᠷᠢᠶᠠᠯᠠᠩ ᠤᠨ ᠲᠤᠰᠬᠠᠢ  ᠮᠡᠷᠭᠡᠵᠢᠭᠰᠡᠨ ᠨᠢᠭᠡᠳᠦᠯᠲᠡᠶ ᠰᠡᠷᠭᠡᠶᠢᠯᠡᠨ ᠨᠢᠭᠡᠳᠦᠯᠲᠡᠢ ᠤᠰᠠᠳᠬᠠᠬᠤ ᠵᠢᠱᠢᠶ᠎ᠡ ᠦᠵᠡᠭᠦᠯᠬᠦ ᠣᠷᠣᠨ ᠢ ᠪᠠᠶᠢᠭᠤᠯᠤᠨ᠂ ᠪᠣᠬᠢᠷᠲᠤᠯ ᠥᠬᠡᠶ ᠰᠡᠷᠭᠡᠶᠢᠯᠡᠨ ᠡᠵᠡᠮᠳᠡᠬᠦ  ᠮᠡᠷᠭᠡᠵᠢᠯ ᠤᠨ ᠬᠡᠷᠡᠭᠯᠡᠯᠲᠡ ᠶᠢ ᠨᠡᠭᠡᠭᠡᠨ ᠬᠥᠭᠵᠢᠭᠦᠯᠬᠦ ᠪᠠ ᠳᠡᠯᠭᠡᠷᠡᠭᠦᠯᠬᠦ ᠶᠢ ᠲᠦᠷᠭᠡᠳᠬᠡᠵᠦ᠂ ᠠᠮᠢᠳᠤ ᠪᠣᠳᠠᠰ ᠤᠨ ᠠᠮᠢ ᠠᠬᠤᠶ ᠶᠢᠨ ᠲᠣᠬᠢᠷᠠᠭᠤᠯᠤᠯᠲᠠ ᠶᠢ  ᠠᠬᠢᠭᠤᠯᠤᠨ᠂ ᠥᠨᠳᠥᠷ ᠦᠷ᠎ᠡ ᠪᠦᠲᠦᠮᠵᠢᠲᠡᠶ᠂ ᠬᠤᠤᠷ ᠪᠠᠭ᠎ᠠ᠂ ᠦᠯᠡᠳᠡᠭᠳᠡᠯ ᠪᠠᠭ᠎ᠠ ᠠᠮᠢᠳᠤ ᠪᠣᠳᠠᠰ ᠤᠨ ᠲᠠᠷᠢᠶᠠᠨ ᠡᠮ ᠢ ᠰᠠᠨᠠᠭᠠᠴᠢᠯᠠᠨ᠂ ᠰᠢᠨᠵᠢᠯᠡᠬᠦ  ᠤᠬᠠᠭᠠᠨᠴᠢ᠂ ᠠᠶᠤᠯᠭᠦᠢ᠂ ᠵᠦᠶ ᠵᠣᠬᠢᠰᠲᠠᠶ ᠬᠡᠷᠡᠭᠯᠡᠬᠦ ᠶᠢ ᠵᠢᠯᠣᠭᠤᠳᠤᠨ᠎ᠠ᠃ ᠪᠡᠯᠡᠳᠭᠡᠮᠵᠢᠳᠤ ᠲᠠᠷᠢᠶᠠᠯᠠᠩ ᠤᠨ ᠡᠪᠡᠳᠴᠢᠨ ᠬᠤᠷᠣᠬᠠᠶ ᠶᠢᠨ ᠮᠡᠳᠡᠭᠡ ᠵᠠᠩᠭᠢ ᠶᠢ  ᠨᠡᠶᠢᠲᠡᠯᠡᠬᠦ ᠠᠵᠢᠯ ᠢ ᠴᠢᠩᠭᠠᠳᠬᠠᠵᠤ᠂ ᠰᠣᠬᠤᠷ ᠪᠠᠯᠠᠶ ᠪᠠᠷ ᠡᠮ ᠬᠡᠷᠡᠭᠯᠡᠬᠦ ᠶᠢ ᠪᠠᠭᠠᠰᠬᠠᠨ᠎ᠠ᠃              ᠬᠤᠶᠠᠷ ᠲᠤ ᠪᠤᠷᠳᠤᠭᠤᠷ ᠢ ᠬᠢᠵᠠᠭᠠᠷᠯᠠᠨ ᠦᠷ᠎ᠡ ᠠᠰᠢᠭ ᠢ ᠨᠡᠮᠡᠭᠳᠡᠭᠦᠯᠬᠦ ᠮᠡᠷᠭᠡᠵᠢᠯ ᠢ ᠳᠡᠯᠭᠡᠷᠡᠭᠦᠯᠦᠨ᠎ᠡ᠃ ᠪᠡᠯᠡᠳᠭᠡᠮᠵᠢᠳᠤ ᠲᠠᠷᠢᠶᠠᠯᠠᠩ ᠤᠨ ᠣᠷᠭᠠᠨᠢᠭ  ᠪᠤᠷᠳᠤᠭᠤᠷ ᠢᠶᠠᠷ ᠬᠢᠮᠢ ᠶᠢᠨ ᠪᠤᠷᠳᠤᠭᠤᠷ ᠢ ᠣᠷᠣᠯᠠᠭᠤᠯᠬᠤ ᠲᠠᠷᠢᠶᠠᠯᠠᠩ ᠤᠨ ᠰᠢᠨ᠎ᠡ ᠮᠡᠷᠭᠡᠵᠢᠯ᠂ ᠰᠢᠨ᠎ᠡ ᠵᠠᠭᠪᠤᠷ ᠤᠨ ᠬᠡᠷᠡᠭᠯᠡᠯᠲᠡ ᠶᠢ ᠨᠡᠭᠡᠭᠡᠨ ᠬᠥᠭᠵᠢᠭᠦᠯᠬᠦ ᠪᠠ  ᠳᠡᠯᠭᠡᠷᠡᠭᠦᠯᠬᠦ ᠶᠢ ᠶᠡᠬᠡᠪᠡᠷ ᠲᠦᠭᠡᠮᠡᠯᠵᠢᠭᠦᠯᠵᠦ᠂ ᠪᠢᠴᠢᠯ ᠠᠮᠢᠳᠤ ᠪᠣᠳᠠᠰ ᠤᠨ ᠪᠤᠷᠳᠤᠭᠤᠷ᠂ ᠤᠰᠤᠨ ᠳᠤ ᠠᠭᠤᠰᠬᠤ ᠪᠤᠷᠳᠤᠭᠤᠷ ᠵᠡᠷᠭᠡ ᠰᠢᠨ᠎ᠡ ᠬᠡᠯᠪᠡᠷᠢ ᠶᠢᠨ  ᠠᠮᠢ ᠠᠬᠤᠶ᠂ ᠣᠷᠭᠠᠨᠢᠭ ᠲᠦᠷᠦᠯ ᠤᠨ ᠪᠤᠷᠳᠤᠭᠤᠷ ᠢ ᠣᠷᠣᠭᠤᠯᠤᠨ ᠠᠪᠴᠢᠷᠠᠨ᠎ᠠ᠃ ᠪᠤᠷᠳᠤᠭᠤᠷ ᠢ ᠪᠠᠷᠢᠮᠵᠢᠶᠠᠵᠢᠭᠤᠯᠤᠨ ᠣᠷᠣᠭᠤᠯᠬᠤ ᠶᠢ ᠳᠡᠯᠭᠡᠷᠡᠭᠦᠯᠵᠦ᠂  ᠪᠤᠷᠳᠤᠭᠤᠷ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠮᠢᠳᠤ ᠪᠣᠳᠠᠰ ᠤᠨ ᠮᠡᠷᠭᠡᠵᠢᠯ ᠤᠨ ᠬᠡᠷᠡᠭᠯᠡᠯᠲᠡ ᠶᠢ ᠴᠢᠩᠭᠠᠳᠬᠠᠵᠤ᠂ ᠬᠥᠷᠥᠰᠥ  ᠰᠢᠷᠣᠶ ᠶᠢ ᠬᠡᠮᠵᠢᠵᠦ ᠨᠠᠶᠢᠷᠠᠯᠭ᠎ᠠ ᠲᠠᠢ ᠪᠠᠷ ᠪᠤᠷᠳᠤᠭᠤᠷ ᠣᠷᠣᠭᠤᠯᠬᠤ ᠮᠡᠷᠭᠡᠵᠢᠯ ᠢ ᠳᠡᠯᠭᠡᠷᠡᠭᠦᠯᠦᠨ᠎ᠡ᠃             ᠭᠤᠷᠪᠠ ᠳᠤ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠴᠢᠩᠭᠠᠳᠬᠠᠨ᠎ᠠ᠃ ᠬᠠᠶᠠᠭᠳᠠᠭᠰᠠᠨ ᠬᠠᠭᠤᠴᠢᠨ ᠲᠠᠷᠢᠶᠠᠯᠠᠩ ᠤᠨ  ᠪᠦᠷᠬᠦᠪᠴᠢ᠂ ᠲᠠᠷᠢᠶᠠᠨ ᠡᠮ ᠬᠢᠮᠢ ᠶᠢᠨ ᠪᠤᠷᠳᠤᠭᠤᠷ ᠤᠨ ᠪᠣᠭᠤᠳᠠᠯ ᠤᠨ ᠬᠠᠶᠠᠭᠳᠠᠮᠠᠯ ᠪᠣᠳᠠᠰ ᠢ ᠬᠤᠷᠢᠶᠠᠨ ᠠᠪᠬᠤ ᠪᠠ ᠰᠢᠢᠳᠪᠦᠷᠢᠯᠡᠵᠦ ᠠᠰᠢᠭᠯᠠᠬᠤ ᠡᠷᠴᠢᠮ ᠢ  ᠴᠢᠩᠭᠠᠷᠠᠭᠤᠯᠤᠨ᠎ᠠ᠃ ᠡᠰᠢ ᠰᠦᠷᠡᠯ ᠳᠣᠲᠤᠷ᠎ᠠ ᠢᠳᠡᠰᠢᠨ ᠤ ᠮᠥᠭᠦ ᠳᠠᠷᠢᠵᠤ ᠪᠤᠶᠢᠵᠢᠭᠤᠯᠬᠤ ᠪᠠ ᠮᠦᠬᠦ ᠶᠢᠨ ᠰᠢᠭᠠᠷᠤ ᠶᠢ ᠡᠷᠭᠢᠯᠳᠦᠭᠦᠯᠦᠨ ᠠᠰᠢᠭᠯᠠᠬᠤ  ᠮᠡᠷᠭᠡᠵᠢᠯ ᠢ ᠣᠷᠣᠭᠤᠯᠤᠨ ᠠᠪᠴᠢᠷᠠᠵᠤ᠂ ᠲᠠᠷᠢᠮᠠᠯ ᠤᠨ ᠡᠰᠢ ᠰᠦᠷᠡᠯ ᠢ ᠡᠬᠢ ᠪᠠᠶᠠᠯᠢᠭᠵᠢᠭᠤᠯᠤᠨ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃             ︵ᠲᠥᠷᠪᠡ︶ ᠪᠡᠯᠡᠳᠬᠡᠮᠵᠢᠲᠦ ᠲᠠᠷᠢᠶᠠᠯᠠᠩ ᠤᠨ ᠠᠵᠤ ᠦᠢᠯᠡᠰ ᠤᠨ ᠲᠤᠯᠭᠠᠭᠤᠷᠢᠯᠠᠬᠤ ᠰᠢᠰᠲ᠋ᠧᠮᠵᠢ ᠶᠢ ᠲᠡᠭᠦᠯᠳᠡᠷᠵᠢᠭᠦᠯᠦᠨ᠎ᠡ            ᠨᠢᠭᠡ ᠳᠤ ᠪᠡᠯᠡᠳᠬᠡᠮᠵᠢᠲᠦ ᠲᠠᠷᠢᠶᠠᠯᠠᠩ ᠳᠤ ᠭᠠᠵᠠᠷ ᠬᠡᠷᠡᠭᠯᠡᠬᠦ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠦᠨ᠎ᠡ ᠃ ᠡᠩ ᠲᠡᠷᠢᠭᠦᠨ ᠳᠤ᠂ ᠪᠡᠯᠡᠳᠭᠡᠮᠵᠢᠳᠤ  ᠲᠠᠷᠢᠶᠠᠯᠠᠩ ᠤᠨ ᠲᠥᠷᠥᠯ ᠵᠦᠢᠯ ᠳᠤ ᠬᠡᠷᠡᠭᠯᠡᠬᠦ ᠭᠠᠵᠠᠷ ᠰᠢᠷᠣᠶ ᠶᠢ ᠤᠷᠢᠳᠠᠪᠠᠷ ᠪᠠᠲᠤᠯᠠᠨ᠎ᠠ᠃ ᠣᠳᠣ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢ ᠳᠡᠮᠵᠢᠵᠦ᠂  ᠲᠠᠷᠢᠶᠠᠯᠠᠩ ᠤᠨ ᠦᠢᠯᠡᠳᠪᠦᠷᠢᠯᠡᠯ ᠳᠠᠬᠢ ᠲᠠᠷᠢᠮᠠᠯ ᠳᠠᠷᠢᠬᠤ ᠳᠤ ᠰᠢᠭᠤᠳ ᠬᠡᠷᠡᠭᠯᠡᠬᠦ ᠪᠡᠯᠡᠳᠬᠡᠮᠵᠢ ᠳᠤ ᠬᠡᠷᠡᠭᠯᠡᠬᠦ ᠭᠠᠵᠠᠷ ᠢ ︽ᠪᠡᠯᠡᠳᠭᠡᠮᠵᠢᠳᠤ ᠲᠠᠷᠢᠶᠠᠯᠠᠩ ᠳᠤ  ᠬᠡᠷᠡᠭᠯᠡᠬᠦ ᠭᠠᠵᠠᠷ ᠤᠨ ᠬᠠᠮᠢᠶᠠᠷᠤᠯᠲᠠ ᠶᠢ ᠵᠢᠷᠤᠮᠵᠢᠭᠤᠯᠤᠨ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ  ᠡᠬᠢ ᠪᠠᠶᠠᠯᠢᠭ ᠤᠨ ᠲᠢᠩᠬᠢᠮ ᠤᠨ ᠮᠡᠳᠡᠭᠳᠡᠯ ︾ ︵ᠥᠪᠥᠷ ᠪᠠᠶᠢᠭᠠᠯᠢ ᠡᠬᠢ ᠪᠠᠶᠠᠯᠢᠭ ᠥᠰᠥᠭ ﹇2020﹈ 310 ᠳ᠋ᠤᠭᠠᠷ ᠲᠣᠭᠠᠲᠤ︶ ᠤᠨ ᠱᠠᠭᠠᠷᠳᠠᠯᠭ᠎ᠠ  ᠶᠣᠰᠣᠭᠠᠷ ᠴᠢᠩᠭ᠎ᠠ ᠵᠢᠷᠤᠮᠯᠠᠨ ᠬᠡᠷᠡᠭᠯᠡᠨ᠎ᠡ᠂ ᠪᠡᠯᠡᠳᠭᠡᠮᠵᠢᠳᠤ ᠲᠠᠷᠢᠶᠠᠯᠠᠩ ᠨᠢ ᠲᠠᠷᠢᠶᠠᠯᠠᠩ ᠤᠨ ᠳᠣᠲᠣᠭᠠᠳᠤ ᠪᠦᠲᠦᠴᠡ ᠶᠢᠨ ᠲᠣᠬᠢᠷᠠᠭᠤᠯᠤᠯᠲᠠ ᠳᠤ  ᠬᠠᠷᠢᠶᠠᠯᠠᠭᠳᠠᠵᠤ᠂ ᠡᠩ ᠤᠨ ᠲᠠᠷᠢᠶᠠᠨ ᠭᠠᠵᠠᠷ ᠢ ᠬᠡᠷᠡᠭᠯᠡᠵᠦ ᠪᠣᠯᠤᠨ᠎ᠠ᠂ ᠡᠵᠡᠯᠡᠬᠦ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠶᠢ ᠨᠠᠶᠢᠳᠠᠪᠤᠷᠢᠵᠢᠭᠤᠯᠬᠤ  ᠴᠢᠬᠤᠯᠠ ᠥᠬᠡᠶ᠃ ᠲᠠᠷᠢᠮᠠᠯ ᠤᠨ  ᠪᠡᠯᠡᠳᠬᠡᠮᠵᠢ ᠨᠢ ᠲᠠᠷᠢᠶᠠᠨ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢ ᠡᠪᠳᠡᠬᠦ ᠥᠬᠡᠶ ᠪᠣᠯ᠂ ᠡᠭᠦᠷᠢᠳᠡ ᠶᠢᠨ ᠦᠨᠳᠦᠰᠦᠨ  ᠲᠠᠷᠢᠶᠠᠨ ᠭᠠᠵᠠᠷ ᠢ ᠬᠡᠷᠡᠭᠯᠡᠵᠦ ᠪᠣᠯᠤᠨ᠎ᠠ᠂ ᠨᠥᠬᠦᠵᠦ ᠬᠤᠪᠢᠶᠠᠷᠢᠯᠠᠬᠤ ᠴᠢᠬᠤᠯᠠ ᠥᠬᠡᠶ︔ ᠲᠠᠷᠢᠶᠠᠯᠠᠬᠤ ᠳᠠᠪᠬᠤᠷᠭ᠎ᠠ ᠶᠢ ᠡᠪᠳᠡᠭᠰᠡᠨ ᠪᠣᠯᠪᠠᠴᠤ ᠣᠷᠣᠨ  ᠪᠠᠶᠢᠷᠢ ᠶᠢᠨ ᠬᠠᠷᠢᠴᠠᠭ᠎ᠠ ᠠᠴᠠ ᠪᠤᠯᠵᠤ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠠᠴᠠ ᠦᠨᠡᠬᠡᠷ ᠵᠠᠶᠢᠯᠠᠭᠤᠯᠬᠤ ᠶᠢᠨ ᠠᠷᠭ᠎ᠠ ᠦᠭᠡᠢ ᠪᠣᠯ᠂  ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠬᠡᠷᠡᠭᠯᠡᠬᠦ ᠶᠢ ᠵᠥᠪᠰᠢᠶᠡᠷᠡᠬᠦ ᠳᠡᠭᠡᠨ ᠡᠷᠬᠡᠪᠰᠢ ᠨᠥᠬᠦᠵᠦ ᠬᠤᠪᠢᠶᠠᠷᠢᠯᠠᠬᠤ ᠬᠡᠷᠡᠭᠲᠡᠶ᠃ ᠳᠠᠷᠠᠭ᠎ᠠ ᠨᠢ᠂  ᠪᠡᠯᠡᠳᠭᠡᠮᠵᠢᠳᠤ ᠲᠠᠷᠢᠶᠠᠯᠠᠩ ᠤᠨ ᠲᠥᠷᠥᠯ ᠵᠦᠢᠯ ᠢ ᠮᠡᠳᠡᠭᠦᠯᠦᠨ ᠵᠥᠪᠰᠢᠶᠡᠷᠡᠭᠦᠯᠬᠦ ᠲᠠᠰ ᠳᠠᠷᠠᠭᠠᠯᠠᠯ ᠢ ᠵᠢᠷᠤᠮᠵᠢᠭᠤᠯᠤᠨ᠎ᠠ᠃ ᠪᠡᠯᠡᠳᠭᠡᠮᠵᠢᠳᠤ ᠲᠠᠷᠢᠶᠠᠯᠠᠩ ᠳᠤ  ᠬᠡᠷᠡᠭᠯᠡᠬᠦ ᠭᠠᠵᠠᠷ ᠲᠤ ᠬᠡᠯᠡᠯᠴᠡᠭᠡᠷ ᠢᠶᠠᠷ ᠳᠠᠩᠰᠠᠯᠠᠭᠤᠯᠬᠤ ᠲᠦᠷᠢᠮ ᠢ ᠬᠡᠷᠡᠭᠵᠢᠭᠦᠯᠵᠦ᠂ ᠬᠠᠷᠢᠶ᠎ᠠ ᠲᠣᠭᠤᠷᠢᠭ ᠤᠨ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ  ᠣᠷᠳᠣᠨ ︵ᠲᠠᠷᠢᠶᠠᠯᠠᠩ ᠳᠤ ᠬᠤᠯᠪᠣᠭᠳᠠᠬᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠳᠤ ᠳᠠᠩᠰᠠᠯᠠᠭᠤᠯᠤᠨ᠎ᠠ᠃ ᠪᠡᠯᠡᠳᠭᠡᠮᠵᠢᠳᠤ ᠲᠠᠷᠢᠶᠠᠯᠠᠩ ᠳᠤ  ᠬᠡᠷᠡᠭᠯᠡᠬᠦ ᠭᠠᠵᠠᠷ ᠢ ᠡᠷᠬᠡᠪᠰᠢ ᠤᠷᠢᠳᠠᠪᠠᠷ ᠳᠠᠩᠰᠠᠯᠠᠭᠤᠯᠵᠤ ᠳᠠᠷᠠᠭ᠎ᠠ ᠨᠢ ᠬᠡᠷᠡᠭᠯᠡᠬᠦ ᠬᠡᠷᠡᠭᠲᠡᠶ᠂ ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠤᠨ  ᠡᠵᠡᠩᠨᠡᠭᠴᠢ ᠠᠴᠠ ᠲᠣᠰᠬᠤᠨ ᠤ ᠬᠠᠮᠲᠤ ᠨᠡᠶᠢᠲᠡ ᠲᠠᠢ ᠭᠠᠵᠠᠷ ᠬᠡᠷᠡᠭᠯᠡᠬᠦ ᠬᠡᠯᠡᠯᠴᠡᠭᠡᠷ ᠲᠣᠭᠲᠠᠭᠰᠠᠨ ᠤ ᠳᠠᠷᠠᠭ᠎ᠠ᠂ ᠲᠣᠰᠬᠤᠨ ᠤ ᠬᠠᠮᠲᠤ ᠶᠢᠨ ᠠᠵᠤ  ᠠᠬᠤᠶ ᠶᠢᠨ ᠵᠣᠬᠢᠶᠠᠨ ᠪᠠᠶᠢᠭᠤᠯᠤᠯᠲᠠ ᠠᠴᠠ ᠬᠤᠯᠪᠣᠭᠳᠠᠯ ᠪᠦᠬᠦᠢ ᠮᠠᠲ᠋ᠧᠷᠢᠶᠠᠯ ᠢ ᠰᠢᠶᠠᠩ ᠪᠠᠯᠭᠠᠰᠤᠨ ᠤ ᠵᠠᠰᠠᠭ ᠤᠨ ᠣᠷᠳᠣᠨ ︵ᠲᠠᠷᠢᠶᠠᠯᠠᠩ ᠳᠤ  ᠬᠤᠯᠪᠣᠭᠳᠠᠬᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠳᠤ ᠮᠡᠳᠡᠭᠦᠯᠵᠦ ᠳᠠᠩᠰᠠᠯᠠᠭᠤᠯᠤᠨ᠎ᠠ᠃ ᠰᠠᠷ᠎ᠠ ᠪᠦᠷᠢ ᠶᠢᠨ 15 ᠤ ᠡᠳᠦᠷ ᠠᠴᠠ ᠡᠮᠦᠨ᠎ᠡ᠂  ᠰᠢᠶᠠᠩ ᠪᠠᠯᠭᠠᠰᠤᠨ ᠤ ᠵᠠᠰᠠᠭ ᠤᠨ ᠣᠷᠳᠣᠨ ︵ᠲᠠᠷᠢᠶᠠᠯᠠᠩ ᠳᠤ ᠬᠤᠯᠪᠣᠭᠳᠠᠬᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠠᠴᠠ ᠳᠠᠩᠰᠠᠯᠠᠭᠤᠯᠤᠭᠰᠠᠨ  ᠪᠠᠶᠢᠳᠠᠯ ᠪᠠ ᠲᠥᠷᠥᠯ ᠵᠦᠢᠯ ᠤᠨ ᠨᠠᠷᠢᠨ ᠳᠠᠩᠰᠠ ᠪᠠᠨ ᠰᠢᠶᠠᠨ ᠤ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠪᠠ ᠲᠠᠷᠢᠶᠠᠯᠠᠩ ᠮᠠᠯ ᠠᠵᠤ ᠠᠬᠤᠶ ᠶᠢᠨ ᠡᠷᠬᠢᠯᠡᠨ  ᠬᠠᠮᠢᠶᠠᠷᠬᠤ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠮᠡᠳᠡᠭᠳᠡᠬᠦ ᠬᠡᠷᠡᠭᠲᠡᠶ᠃ ᠭᠤᠷᠪᠠᠳᠤᠭᠠᠷ ᠲᠤ᠂ ᠪᠡᠯᠡᠳᠬᠡᠮᠵᠢᠲᠦ ᠲᠠᠷᠢᠶᠠᠯᠠᠩ ᠤᠨ ᠲᠥᠷᠥᠯ ᠵᠦᠢᠯ ᠳᠤ  ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠴᠡᠭᠡ ᠶᠢ ᠵᠣᠬᠢᠬᠤ ᠬᠡᠮᠵᠢᠶ᠎ᠡ ᠪᠠᠷ ᠲᠣᠬᠢᠷᠠᠭᠤᠯᠤᠨ᠎ᠠ᠃ ᠬᠡᠪᠴᠢᠶᠡᠵᠢᠭᠦᠯᠦᠭᠰᠡᠨ ᠪᠡᠯᠡᠳᠭᠡᠮᠵᠢᠳᠤ  ᠲᠠᠷᠢᠶᠠᠯᠠᠩ ᠤᠨ ᠬᠦᠷᠢᠶᠡᠯᠡᠩ ᠲᠣᠭᠤᠷᠢᠭ ᠨᠢ 1000 ᠮᠥ ᠬᠦᠷᠬᠦ ᠦᠭᠡᠢ ᠪᠠᠶᠢᠪᠠᠯ᠂ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠷᠴᠢᠮ ᠳᠡᠭᠡᠷ᠎ᠡ ᠪᠠᠨ  10 ᠮᠥ ᠶᠢᠨ ᠳᠣᠲᠣᠷ᠎ᠠ ᠬᠢᠵᠠᠭᠠᠷᠯᠠᠨ᠎ᠠ︔ 1000 ᠮᠥ ᠠᠴᠠ 5000 ᠮᠥ ᠶᠢᠨ ᠬᠤᠭᠤᠷᠣᠨᠳᠣ ᠪᠠᠶᠢᠪᠠᠯ᠂ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ  ᠭᠠᠵᠠᠷ ᠢ ᠵᠠᠷᠴᠢᠮ ᠳᠡᠭᠡᠷ᠎ᠡ ᠪᠠᠨ 15 ᠮᠥ ᠶᠢᠨ ᠳᠣᠲᠣᠷ᠎ᠠ ᠬᠢᠵᠠᠭᠠᠷᠯᠠᠨ᠎ᠠ︔ 5000 ᠮᠥ ᠠᠴᠠ 10000 ᠮᠥ ᠶᠢᠨ ᠬᠤᠭᠤᠷᠣᠨᠳᠣ ᠪᠠᠶᠢᠪᠠᠯ᠂ ᠪᠥᠲᠥᠭᠡᠨ  ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠷᠴᠢᠮ ᠳᠡᠭᠡᠷ᠎ᠡ ᠪᠠᠨ 20 ᠮᠥ ᠶᠢᠨ ᠳᠣᠲᠣᠷ᠎ᠠ ᠬᠢᠵᠠᠭᠠᠷᠯᠠᠨ᠎ᠠ︔ 10000 ᠮᠤ᠋ ᠠᠴᠠ ᠢᠯᠡᠭᠦᠦ ᠪᠠᠶᠢᠪᠠᠯ᠂  ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠷᠴᠢᠮ ᠳᠡᠭᠡᠷ᠎ᠡ ᠪᠠᠨ 25 ᠮᠤ᠋ ᠶᠢᠨ ᠳᠣᠲᠣᠷ᠎ᠠ ᠬᠢᠵᠠᠭᠠᠷᠯᠠᠨ᠎ᠠ᠃ ᠳᠥᠷᠪᠡᠳᠦᠭᠡᠷ ᠲᠤ᠂ ᠪᠡᠯᠡᠳᠬᠡᠮᠵᠢᠲᠦ  ᠲᠠᠷᠢᠶᠠᠯᠠᠩ ᠤᠨ ᠲᠥᠷᠥᠯ ᠵᠦᠢᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠲᠦᠷᠢᠮ ᠢ  ᠨᠠᠶᠢᠳᠠᠪᠤᠷᠢᠵᠢᠭᠤᠯᠤᠨ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠠᠵᠢᠯᠯᠠᠭ᠎ᠠ ᠶᠢ ᠡᠷᠡᠰ ᠬᠤᠷᠢᠭᠯᠠᠨ ᠵᠣᠭᠰᠣᠭᠠᠵᠤ᠂ ᠲᠣᠭᠲᠠᠭᠠᠯ ᠢ  ᠵᠥᠷᠢᠴᠡᠨ ᠲᠠᠷᠢᠶᠠᠨ ᠭᠠᠵᠠᠷ ᠢ ᠡᠵᠡᠯᠡᠨ ᠬᠥᠳᠡᠭᠡ ᠲᠣᠰᠬᠤᠨ ᠤ ᠠᠵᠤ ᠦᠢᠯᠡᠰ ᠤᠨ ᠪᠦᠳᠦᠭᠡᠨ ᠪᠠᠶᠢᠭᠤᠯᠤᠯᠲᠠ ᠬᠢᠬᠦ ᠶᠢ ᠴᠢᠩᠭ᠎ᠠ ᠴᠠᠭᠠᠵᠠᠯᠠᠵᠤ᠂ ᠲᠠᠷᠢᠶᠠᠨ  ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠶᠢ ᠰᠡᠷᠭᠡᠶᠢᠯᠡᠨ ᠬᠤᠷᠢᠭᠯᠠᠵᠤ᠂ ᠲᠠᠷᠢᠶᠠᠨ ᠭᠠᠵᠠᠷ ᠢ ᠪᠣᠬᠢᠷᠲᠤᠭᠤᠯᠵᠤ ᠪᠣᠯᠬᠤ ᠦᠭᠡᠢ᠃ ᠬᠥᠳᠡᠭᠡ  ᠲᠣᠰᠬᠤᠨ ᠤ ᠠᠵᠤ ᠦᠢᠯᠡᠰ ᠤᠨ ᠠᠭᠤᠰᠤᠯᠴᠠᠭᠰᠠᠨ ᠬᠥᠭᠵᠢᠯᠲᠡ ᠳᠤ ᠬᠡᠷᠡᠭᠯᠡᠬᠦ ᠭᠠᠵᠠᠷ ᠢ ᠲᠠᠸᠠᠷ ᠤᠨ ᠣᠷᠣᠨ ᠰᠠᠭᠤᠴᠠ᠂ ᠵᠤᠰᠠᠯᠠᠩ᠂ ᠪᠠᠭᠤᠳᠠᠯ᠂  ᠨᠡᠶᠢᠲᠡ ᠶᠢᠨ ᠪᠠᠶᠢᠷᠢ ᠵᠡᠷᠭᠡ ᠭᠡᠷ ᠪᠠᠶᠢᠰᠢᠩ ᠭᠠᠵᠠᠷ ᠰᠢᠷᠣᠢ ᠶᠢᠨ ᠭᠦᠷᠦᠩᠭᠡ ᠶᠢ ᠨᠡᠭᠡᠭᠡᠨ ᠠᠰᠢᠭᠯᠠᠬᠤ ᠳᠤ ᠬᠡᠷᠡᠭᠯᠡᠵᠦ ᠪᠣᠯᠬᠤ ᠦᠭᠡᠢ᠂ ᠳᠤᠷ᠎ᠠ ᠪᠠᠷ ᠢᠶᠠᠨ  ᠬᠡᠷᠡᠭᠴᠡᠭᠡ ᠶᠢ ᠨᠢ ᠬᠤᠪᠢᠷᠠᠭᠤᠯᠬᠤ ᠪᠤᠶᠤ ᠬᠡᠰᠡᠭᠯᠡᠨ ᠰᠢᠯᠵᠢᠭᠦᠯᠦᠨ ᠬᠤᠳᠠᠯᠳᠤᠵᠤ ᠰᠢᠯᠵᠢᠭᠦᠯᠦᠨ ᠲᠦᠷᠢᠶᠡᠰᠦᠯᠡᠭᠦᠯᠵᠦ ᠪᠣᠯᠬᠤ ᠦᠭᠡᠢ᠃ ᠰᠢᠶᠠᠩ  ᠪᠠᠯᠭᠠᠰᠤᠨ ᠤ ᠵᠠᠰᠠᠭ ᠤᠨ ᠣᠷᠳᠣᠨ ︵ᠲᠠᠷᠢᠶᠠᠯᠠᠩ ᠳᠤ ᠬᠤᠯᠪᠣᠭᠳᠠᠬᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠲᠣᠰᠬᠤᠨ ᠤ ᠬᠠᠮᠲᠤ ᠶᠢᠨ ᠠᠵᠤ  ᠠᠬᠤᠶ ᠶᠢᠨ ᠵᠣᠬᠢᠶᠠᠨ ᠪᠠᠶᠢᠭᠤᠯᠤᠯᠲᠠ ᠪᠣᠯ ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠠᠮᠢᠶᠠᠷᠤᠯᠲᠠ ᠶᠢᠨ ᠭᠤᠣᠯ ᠴᠣᠭᠴᠠ ᠮᠥᠨ᠂ ᠰᠢᠶᠠᠨ ᠤ  ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠪᠠ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠬᠠᠮᠲᠤ ᠪᠠᠷ ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ  ᠭᠠᠵᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠢᠨ᠎ᠡ ᠪᠠᠷ ︽ᠬᠦᠯᠡᠮᠵᠢᠨ ᠭᠡᠷ︾ ᠤᠨ ᠠᠰᠠᠭᠤᠳᠠᠯ ᠭᠠᠷᠬᠤ ᠠᠴᠠ ᠵᠠᠶᠢᠯᠠᠰᠬᠢᠬᠦ ᠬᠡᠷᠡᠭᠲᠡᠶ᠃            ᠬᠤᠶᠠᠷ ᠲᠤ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠪᠤᠶᠢᠵᠢᠭᠤᠯᠤᠨ ᠪᠤᠵᠠᠭᠠᠶᠢᠷᠠᠭᠤᠯᠤᠨ᠎ᠠ᠃ ᠪᠡᠯᠡᠳᠭᠡᠮᠵᠢᠳᠤ ᠲᠠᠷᠢᠶᠠᠯᠠᠩ ᠤᠨ  ᠠᠵᠤ ᠦᠢᠯᠡᠰᠵᠢᠭᠰᠡᠨ ᠬᠥᠲᠥᠴᠢ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠪᠡᠯᠡᠳᠭᠡᠮᠵᠢᠳᠤ ᠲᠠᠷᠢᠶᠠᠯᠠᠩ ᠤᠨ ᠳᠠᠪᠠᠯᠲᠠᠲᠤ ᠮᠠᠶ᠋ᠢᠭ ᠤᠨ ᠬᠥᠭᠵᠢᠯᠲᠡ ᠶᠢ  ᠬᠥᠲᠥᠯᠦᠨ ᠳᠠᠭᠠᠭᠤᠯᠤᠨ᠎ᠠ᠃ ᠨᠢᠭᠡ ᠪᠦᠯᠦᠭ ᠲᠤᠰᠬᠠᠢ ᠮᠡᠷᠭᠡᠵᠢᠭᠰᠡᠨ᠂ ᠨᠡᠶᠢᠭᠡᠮᠴᠢᠯᠡᠭᠰᠡᠨ ᠪᠡᠯᠡᠳᠭᠡᠮᠵᠢᠳᠤ ᠲᠠᠷᠢᠶᠠᠯᠠᠩ ᠤᠨ ᠲᠠᠷᠢᠶᠠᠯᠠᠬᠤ ᠠᠵᠤ ᠠᠬᠤᠶᠢᠯᠠᠯ᠂  ᠬᠤᠷᠰᠢᠶ᠎ᠠ ᠪᠠ ᠲᠠᠷᠢᠶᠠᠯᠠᠬᠤ ᠲᠤᠮᠤ ᠡᠷᠦᠭᠡ ᠶᠢ ᠭᠤᠣᠯᠳᠠᠯᠭ᠎ᠠ ᠲᠠᠢ ᠪᠤᠶᠢᠵᠢᠭᠤᠯᠵᠤ ᠂ ᠵᠢᠮᠢᠰ ᠨᠣᠭᠤᠭ᠎ᠠ ᠶᠢᠨ ᠴᠢᠬᠢ ᠪᠤᠶᠢᠵᠢᠭᠤᠯᠬᠤ᠂ ᠨᠢᠭᠡᠳᠦᠯᠲᠡᠶ ᠰᠡᠷᠭᠡᠶᠢᠯᠡᠨ  ᠨᠢᠭᠡᠳᠦᠯᠲᠡᠢ ᠤᠰᠠᠳᠬᠠᠬᠤ᠂ ᠬᠥᠷᠥᠰᠥ ᠰᠢᠷᠣᠶ ᠶᠢ ᠬᠡᠮᠵᠢᠵᠦ ᠨᠠᠶᠢᠷᠠᠯᠭ᠎ᠠ ᠲᠠᠢ ᠪᠠᠷ ᠪᠤᠷᠳᠤᠭᠤᠷ ᠣᠷᠣᠭᠤᠯᠬᠤ᠂ ᠲᠠᠷᠢᠶᠠᠯᠠᠩ ᠤᠨ ᠬᠠᠶᠠᠭᠳᠠᠮᠠᠯ ᠪᠣᠳᠠᠰ ᠢ ᠡᠬᠢ  ᠪᠠᠶᠠᠯᠢᠭᠵᠢᠭᠤᠯᠤᠨ ᠠᠰᠢᠭᠯᠠᠬᠤ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠭᠤᠣᠯ ᠴᠣᠭᠴᠠ ᠶᠢ ᠢᠳᠡᠪᠬᠢᠲᠡᠶ ᠪᠤᠶᠢᠵᠢᠭᠤᠯᠤᠨ᠎ᠠ  ᠃ ᠲᠠᠷᠢᠶᠠᠯᠠᠩ ᠤᠨ ᠪᠦᠲᠦᠭᠡᠭᠳᠡᠬᠦᠨ ᠤ ᠡᠯᠧᠺᠲᠷᠣᠨ ᠬᠤᠳᠠᠯᠳᠤᠭ᠎ᠠ ᠵᠡᠷᠭᠡ ᠤᠳᠤ ᠦᠶ᠎ᠡ ᠶᠢᠨ ᠭᠦᠢᠯᠭᠡᠭᠡᠨ ᠤ ᠦᠢᠯᠡᠴᠢᠯᠡᠭᠡᠨ ᠤ ᠦᠢᠯᠡᠰ ᠢ ᠬᠥᠭᠵᠢᠭᠦᠯᠬᠦ ᠶᠢ  ᠲᠡᠮᠵᠢᠵᠤ᠂ ᠵᠠᠬ᠎ᠠ ᠳᠡᠯᠭᠡᠭᠦᠷ ᠤᠨ ᠦᠢᠯᠡᠴᠢᠯᠡᠭᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃             ᠭᠤᠷᠪᠠ ᠳᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢ ᠴᠢᠩᠭᠠᠳᠬᠠᠨ᠎ᠠ᠃ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ  ᠤᠬᠠᠭᠠᠨ ᠤ ᠬᠦᠷᠢᠶᠡᠯᠡᠩ ᠤᠨ ᠢᠳᠡᠰᠢᠨ ᠨᠣᠭᠤᠭ᠎ᠠ ᠬᠤᠸᠠᠷ ᠴᠡᠴᠡᠭ ᠰᠤᠳᠤᠯᠬᠤ ᠭᠠᠵᠠᠷ᠂ ᠥᠪᠥᠷ ᠮᠣᠩᠭᠤᠯ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ  ᠬᠦᠷᠢᠶᠡᠯᠡᠩ ᠤᠨ ᠢᠳᠡᠰᠢᠨ ᠨᠣᠭᠤᠭ᠎ᠠ ᠬᠤᠸᠠᠷ ᠴᠡᠴᠡᠭ ᠰᠤᠳᠤᠯᠬᠤ ᠭᠠᠵᠠᠷ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠵᠡᠷᠭᠡ ᠣᠷᠣᠨ ᠤ  ᠳᠣᠲᠣᠷ᠎ᠠ ᠭᠠᠳᠠᠨᠠᠬᠢ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠪᠠ ᠶᠡᠭᠡ ᠳᠡᠭᠡᠳᠦ ᠰᠤᠷᠭᠠᠭᠤᠯᠢ ᠯᠤᠭ᠎ᠠ ᠶᠢᠨ ᠬᠠᠮᠲᠤᠷᠠᠯᠴᠠᠭ᠎ᠠ ᠪᠠᠨ  ᠴᠢᠩᠭᠠᠳᠬᠠᠨ᠎ᠠ᠃ ᠬᠤᠷᠢᠨᠭᠡᠷ ᠰᠢᠶᠠᠨ ᠤ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠤᠲᠤᠭ ᠪᠡᠯᠴᠢᠭᠡᠷ ᠤᠨ  ᠰᠤᠳᠤᠯᠭᠠᠨ ᠤ ᠭᠠᠵᠠᠷ ᠤᠨ ᠰᠠᠭᠤᠷᠢᠨ ᠭᠠᠵᠠᠷ ᠵᠢᠴᠢ ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ  ᠡᠭᠦᠳᠬᠦ ᠬᠦᠷᠢᠶᠡᠯᠡᠩ ᠲᠣᠭᠤᠷᠢᠭ ᠲᠤ ᠠᠳᠠᠯᠢ ᠪᠤᠰᠤ ᠲᠥᠷᠥᠯ ᠬᠡᠯᠪᠡᠷᠢ᠂ ᠠᠳᠠᠯᠢ ᠪᠤᠰᠤ ᠮᠡᠷᠭᠡᠵᠢᠯ ᠤᠨ ᠵᠠᠭᠪᠤᠷ ᠤᠨ ᠲᠡᠷᠢᠭᠦᠨ ᠤ ᠤᠶᠤᠨᠲᠤ ᠬᠦᠯᠡᠮᠵᠢ ᠶᠢᠨ  ᠮᠡᠷᠭᠡᠵᠢᠯ ᠢ ᠣᠷᠣᠭᠤᠯᠤᠨ ᠠᠪᠴᠢᠷᠠᠵᠤ᠂ ᠲᠤᠬᠠᠶ ᠶᠢᠨ ᠭᠠᠵᠠᠷ ᠤᠨ ᠦᠢᠯᠡᠳᠪᠦᠷᠢᠯᠡᠯ ᠳᠤ ᠳᠣᠭᠢᠷᠠᠬᠤ ᠲᠡᠷᠢᠭᠦᠨ ᠤ ᠤᠶᠤᠨᠲᠤ ᠬᠦᠯᠡᠮᠵᠢ ᠶᠢ ᠲᠤᠷᠰᠢᠨ  ᠳᠡᠯᠭᠡᠷᠡᠭᠦᠯᠦᠨ᠎ᠡ᠃ ᠪᠡᠯᠡᠳᠭᠡᠮᠵᠢᠳᠤ ᠲᠠᠷᠢᠶᠠᠯᠠᠩ ᠤᠨ ᠰᠢᠨ᠎ᠡ ᠡᠭᠦᠯᠳᠡᠷ ᠪᠠ ᠰᠢᠨ᠎ᠡ ᠮᠡᠷᠭᠡᠵᠢᠯ ᠢ ᠣᠷᠣᠭᠤᠯᠤᠨ ᠠᠪᠴᠢᠷᠠᠵᠤ᠂ ᠵᠢᠱᠢᠶ᠎ᠡ ᠦᠵᠡᠭᠦᠯᠵᠦ᠂  ᠳᠡᠯᠭᠡᠷᠡᠭᠦᠯᠦᠨ᠂ ᠦᠢᠯᠡᠳᠪᠦᠷᠢᠯᠡᠬᠦ ᠵᠢᠭᠠᠬᠤ ᠰᠤᠳᠤᠯᠬᠤ ᠳᠡᠯᠭᠡᠷᠡᠭᠦᠯᠬᠦ ᠲᠦᠷᠪᠡ ᠶᠢ ᠨᠢᠭᠡ ᠴᠤᠭᠴᠠᠵᠢᠭᠤᠯᠤᠭᠰᠠᠨ ᠮᠡᠷᠭᠡᠵᠢᠯ ᠢ ᠣᠷᠣᠭᠤᠯᠤᠨ ᠳᠡᠯᠭᠡᠷᠡᠭᠦᠯᠬᠦ  ᠵᠢᠱᠢᠶ᠎ᠡ ᠦᠵᠡᠭᠦᠯᠬᠦ ᠬᠠᠮᠲᠤᠷᠠᠯᠴᠠᠭᠠᠨ ᠤ ᠲᠠᠪᠴᠠᠩ ᠢ ᠬᠦᠴᠦᠯᠡᠨ ᠪᠠᠶᠢᠭᠤᠯᠤᠨ᠎ᠠ᠃ ᠪᠡᠯᠡᠳᠭᠡᠮᠵᠢᠳᠤ ᠲᠠᠷᠢᠶᠠᠯᠠᠩ ᠤᠨ ᠬᠠᠮᠢᠶᠠᠷᠤᠯᠲᠠ ᠶᠢᠨ ᠬᠡᠯᠪᠡᠷᠢ ᠶᠢᠨ᠂  ᠰᠢᠨ᠎ᠡ ᠶᠢ ᠡᠭᠦᠳᠬᠦ ᠬᠡᠯᠪᠡᠷᠢ ᠶᠢᠨ᠂ ᠠᠳᠠᠯ ᠦᠢᠯᠡᠰ ᠴᠣᠭᠴᠠᠯᠠᠬᠤ ᠬᠡᠯᠪᠡᠷᠢ ᠶᠢᠨ ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠳᠬᠠᠵᠤ᠂ ᠪᠡᠯᠡᠳᠭᠡᠮᠵᠢᠳᠤ  ᠲᠠᠷᠢᠶᠠᠯᠠᠩ ᠤᠨ ᠴᠢᠳᠠᠪᠤᠷᠢᠲᠠᠨ ᠤ ᠡᠩᠨᠡᠭᠡ ᠶᠢᠨ ᠶᠡᠷᠦᠩᠬᠡᠶᠢᠯᠡᠭᠰᠡᠨ ᠬᠡᠪ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠲᠠᠷᠢᠶᠠᠯᠠᠩ ᠤᠨ ᠰᠢᠨᠵᠢᠯᠡᠬᠦ  ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠡᠯᠡᠳᠭᠡᠮᠵᠢᠳᠤ ᠲᠠᠷᠢᠶᠠᠯᠠᠩ ᠤᠨ  ᠬᠦᠷᠢᠶᠡᠯᠡᠩ ᠲᠣᠭᠤᠷᠢᠭ ᠨᠢᠭᠡᠪᠦᠷᠢ ᠳᠤ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠪᠠᠶᠢᠩᠭᠤ ᠵᠢᠯᠣᠭᠤᠳᠣᠯᠭ᠎ᠠ ᠬᠢᠬᠦ ᠶᠢ ᠦᠨᠡᠨᠬᠦ  ᠪᠠᠲᠤᠯᠠᠨ᠎ᠠ᠃ ᠪᠡᠯᠡᠳᠭᠡᠮᠵᠢᠳᠤ ᠲᠠᠷᠢᠶᠠᠯᠠᠩ ᠤᠨ ᠬᠦᠷᠢᠶᠡᠯᠡᠩ ᠲᠣᠭᠤᠷᠢᠭ ᠲᠠᠬᠢ ᠡᠵᠡᠩᠨᠡᠭᠴᠢ ᠪᠠ ᠦᠢᠯᠡᠳᠪᠦᠷᠢᠯᠡᠭᠴᠢ ᠶᠢ ᠰᠢᠨ᠎ᠡ ᠮᠠᠶ᠋ᠢᠭ ᠤᠨ ᠠᠵᠢᠯ  ᠮᠡᠷᠭᠡᠵᠢᠯ ᠤᠨ ᠲᠠᠷᠢᠶᠠᠴᠢᠨ ᠤ ᠪᠣᠯᠪᠠᠰᠤᠷᠠᠭᠤᠯᠤᠯ ᠤᠨ ᠬᠡᠪᠴᠢᠶᠡᠨ ᠳᠤ ᠣᠷᠣᠭᠤᠯᠵᠤ᠂ ᠨᠢᠭᠡ ᠪᠦᠯᠦᠭ ᠥᠨᠳᠥᠷ ᠬᠢᠷᠢ ᠲᠦᠪᠰᠢᠨ ᠲᠠᠢ ᠬᠠᠮᠢᠶᠠᠷᠤᠯᠲᠠ ᠶᠢᠨ  ᠴᠢᠳᠠᠪᠤᠷᠢᠲᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠪᠠ ᠬᠥᠳᠡᠭᠡ ᠲᠣᠰᠬᠤᠨ ᠤ ᠬᠡᠷᠡᠭᠯᠡᠭᠡᠨ ᠤ ᠴᠢᠳᠠᠪᠤᠷᠢᠲᠠᠨ ᠢ  ᠬᠥᠮᠦᠵᠢᠭᠦᠯᠦᠨ᠎ᠡ᠃ 2025 ᠣᠨ ᠪᠣᠯᠬᠤ ᠳᠤ ᠪᠡᠯᠡᠳᠭᠡᠮᠵᠢᠳᠤ ᠲᠠᠷᠢᠶᠠᠯᠠᠩ ᠤᠨ ᠡᠵᠡᠩᠨᠡᠯᠲᠡ ᠬᠠᠮᠢᠶᠠᠷᠤᠯᠲᠠ ᠂ ᠲᠤᠬᠠᠶᠢᠯᠠᠭᠰᠠᠨ ᠠᠵᠢᠯ ᠤᠨ ᠮᠡᠷᠭᠡᠵᠢᠯ ᠤᠨ  ᠠᠵᠢᠯᠲᠠᠨ ᠢ 1000 ᠬᠥᠮᠦᠨ ᠤᠳᠠᠭ᠎ᠠ ᠪᠣᠯᠪᠠᠰᠤᠷᠠᠭᠤᠯᠤᠨ᠎ᠠ᠃            ᠲᠦᠷᠪᠡ ᠳᠤ᠂ ᠶᠠᠰᠤ ᠴᠢᠨᠠᠷ ᠢ ᠮᠥᠷᠳᠡᠬᠦ ᠰᠢᠰᠲ᠋ᠧᠮᠵᠢ ᠪᠣᠯᠤᠨ ᠲᠦᠷᠦᠯ ᠲᠡᠮᠳᠡᠭᠲᠦ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠮᠠᠯ ᠤᠨ ᠠᠰᠢᠭ  ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ︽ᠡᠭᠦᠯᠳᠡᠷ ᠢ ᠰᠠᠶᠢᠵᠢᠷᠠᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ᠂ ᠲᠥᠷᠥᠯ ᠲᠡᠮᠳᠡᠭᠲᠦ ᠶᠢ  ᠪᠣᠶ ᠪᠣᠯᠭᠠᠬᠤ᠂ ᠪᠠᠷᠢᠮᠵᠢᠶᠠᠵᠢᠭᠤᠯᠤᠨ ᠦᠢᠯᠡᠳᠪᠦᠷᠢᠯᠡᠬᠦ︾ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠶᠣᠰᠣᠭᠠᠷ᠂ ᠪᠡᠯᠡᠳᠭᠡᠮᠵᠢᠳᠤ ᠲᠠᠷᠢᠶᠠᠯᠠᠩ ᠤᠨ  ᠶᠠᠰᠤ ᠴᠢᠨᠠᠷ ᠤᠨ ᠠᠶᠤᠯᠭᠦᠢ ᠶᠢ ᠬᠢᠨᠠᠨ ᠬᠡᠮᠵᠢᠬᠦ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠣᠷᠣᠭᠤᠯᠤᠯᠲᠠ ᠶᠢᠨ ᠡᠳ᠋ ᠪᠣᠳᠠᠰ ᠤᠨ ᠬᠠᠮᠢᠶᠠᠷᠤᠯᠲᠠ᠂  ᠦᠢᠯᠡᠳᠪᠦᠷᠢᠯᠡᠯ ᠤᠨ ᠲᠠᠩᠰᠠ ᠡᠪᠬᠡᠮᠡᠯ᠂ ᠪᠦᠲᠦᠭᠡᠭᠳᠡᠬᠦᠨ ᠢ ᠰᠢᠯᠭᠠᠨ ᠪᠠᠶᠢᠴᠠᠭᠠᠬᠤ᠂ ᠰᠠᠭᠤᠷᠢᠨ ᠭᠠᠵᠠᠷ ᠢ ᠵᠥᠪᠰᠢᠶᠡᠷᠡᠨ ᠭᠠᠷᠭᠠᠬᠤ ᠪᠠ ᠶᠠᠰᠤ ᠴᠢᠨᠠᠷ ᠢ  ᠮᠥᠷᠳᠡᠬᠦ ᠵᠡᠷᠭᠡ ᠲᠦᠷᠢᠮ ᠢ ᠲᠡᠭᠦᠯᠳᠡᠷᠵᠢᠭᠦᠯᠵᠦ᠂ ᠪᠡᠯᠡᠳᠭᠡᠮᠵᠢᠳᠤ ᠲᠠᠷᠢᠶᠠᠯᠠᠩ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ  ᠬᠢᠷᠢ ᠲᠦᠪᠰᠢᠨ ᠢ ᠲᠠᠰᠤᠷᠠᠯᠲᠠ ᠥᠬᠡᠶ ᠪᠠᠬᠢᠵᠢᠭᠦᠯᠦᠨ᠎ᠡ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠪᠥᠬᠦ  ᠬᠤᠲᠠ ᠶᠢᠨ ᠪᠡᠯᠡᠳᠭᠡᠮᠵᠢᠳᠤ ᠲᠠᠷᠢᠶᠠᠯᠠᠩ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ ᠬᠢᠷᠢ ᠲᠦᠪᠰᠢᠨ ᠢ 98% ᠠᠴᠠ  ᠥᠨᠳᠥᠷ ᠲᠤ ᠲᠣᠭᠲᠠᠪᠤᠷᠢᠵᠢᠭᠤᠯᠤᠨ᠎ᠠ᠃ ᠪᠡᠯᠡᠳᠬᠡᠮᠵᠢᠲᠦ ᠲᠠᠷᠢᠶᠠᠯᠠᠩ ᠤᠨ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠶᠡᠬᠡᠪᠡᠷ ᠲᠥᠯᠬᠢᠨ ᠠᠬᠢᠭᠤᠯᠤᠨ᠎ᠠ᠃  ᠪᠡᠯᠡᠳᠭᠡᠮᠵᠢᠳᠤ ᠲᠠᠷᠢᠶᠠᠯᠠᠩ ᠤᠨ ᠬᠥᠲᠥᠴᠢ ᠠᠵᠤ ᠠᠬᠤᠶᠢᠯᠠᠯ ᠪᠥᠬᠦ ᠶᠠᠪᠤᠴᠠ ᠳᠤ ᠶᠠᠰᠤ ᠴᠢᠨᠠᠷ ᠢ ᠡᠵᠡᠮᠳᠡᠬᠦ ᠮᠡᠷᠭᠡᠵᠢᠯ ᠤᠨ ᠰᠢᠰᠲ᠋ᠧᠮᠵᠢ ᠶᠢ ᠡᠩ ᠲᠡᠷᠢᠭᠦᠨ ᠳᠤ  ᠬᠡᠷᠡᠭᠵᠢᠭᠦᠯᠵᠦ᠂ ᠡᠩ ᠲᠡᠷᠢᠭᠦᠨ ᠳᠤ ︽ᠬᠤᠶᠠᠷ ᠪᠦᠲᠦᠭᠡᠭᠳᠡᠬᠦᠨ ᠨᠢᠭᠡ ᠲᠡᠮᠳᠡᠭ ︵ᠪᠣᠬᠢᠷᠲᠤᠯ ᠥᠬᠡᠶ ᠢᠳᠡᠭᠡᠨ᠂ ᠣᠷᠭᠠᠨᠢᠭ ᠢᠳᠡᠭᠡᠨ᠂ ᠭᠠᠵᠠᠷ ᠵᠦᠶ ᠶᠢᠨ  ᠲᠡᠮᠳᠡᠭᠲᠦ ᠲᠠᠷᠢᠶᠠᠯᠠᠩ ᠤᠨ ᠪᠦᠲᠦᠭᠡᠭᠳᠡᠬᠦᠨ︶︾   ᠲᠠᠢ ᠵᠢᠴᠢ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ᠂ ᠣᠨᠴᠠ ᠴᠢᠨᠠᠷ ᠤᠨ  ᠲᠠᠷᠢᠶᠠᠯᠠᠩ ᠤᠨ ᠪᠦᠲᠦᠭᠡᠭᠳᠡᠬᠦᠨ ᠢ ᠭᠤᠶᠤᠴᠢᠯᠠᠨ ᠮᠡᠳᠡᠭᠦᠯᠵᠦ᠂ ᠭᠡᠷᠡᠴᠢᠯᠡᠯ ᠠᠪᠴᠤ᠂ ᠲᠡᠮᠳᠡᠭ ᠬᠡᠷᠡᠭᠯᠡᠭᠰᠡᠨ ᠠᠵᠤ ᠠᠬᠤᠶᠢᠯᠠᠯ ᠪᠣᠯᠣᠨ ᠪᠣᠶᠢᠵᠢᠵᠤ᠂  ᠭᠤᠶᠤᠴᠢᠯᠠᠨ ᠮᠡᠳᠡᠭᠦᠯᠦᠭᠡᠳ ᠠᠮᠵᠢᠯᠲᠠ ᠣᠯᠤᠭᠰᠠᠨ ᠪᠡᠯᠡᠳᠭᠡᠮᠵᠢᠳᠤ ᠲᠠᠷᠢᠶᠠᠯᠠᠩ ᠤᠨ ᠠᠵᠤ ᠠᠬᠤᠶᠢᠯᠠᠯ ᠢ ︽ᠱᠠᠩᠨᠠᠬᠤ ᠪᠠᠷ ᠨᠥᠬᠦᠪᠥᠷᠢ ᠶᠢ ᠣᠷᠣᠯᠠᠭᠤᠯᠬᠤ︾ ᠬᠡᠯᠪᠡᠷᠢ ᠪᠠᠷ ᠱᠠᠩᠨᠠᠨ᠎ᠠ᠃            ᠵᠢᠷᠭᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ              ︵ᠨᠢᠭᠡ︶ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠨ᠎ᠠ᠃ ᠬᠤᠳᠠ ᠶᠢᠨ ᠵᠠᠰᠠᠭ ᠤᠨ ᠣᠷᠳᠣᠨ ᠠᠴᠠ ᠪᠡᠯᠡᠳᠭᠡᠮᠵᠢᠳᠤ ᠲᠠᠷᠢᠶᠠᠯᠠᠩ ᠤᠨ  ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠪᠠᠷ ᠲᠦᠷᠦᠭᠦᠯᠡᠭᠦᠯᠦᠨ᠂ ᠬᠤᠪᠢᠳᠠᠨ ᠬᠠᠮᠢᠶᠠᠷᠴᠤ  ᠪᠦᠬᠦᠢ ᠤᠳᠤᠷᠢᠳᠤᠯᠭ᠎ᠠ ᠪᠣᠳᠠᠲᠠᠶ ᠬᠠᠷᠢᠭᠤᠴᠠᠵᠤ᠂ ᠭᠡᠰᠢᠭᠦᠳ ᠢ ᠨᠢ ᠬᠥᠭᠵᠢᠭᠦᠯᠦᠯᠲᠡ ᠥᠭᠡᠷᠡᠴᠢᠯᠡᠯᠲᠡ᠂ ᠲᠠᠷᠢᠶᠠᠯᠠᠩ ᠮᠠᠯ ᠠᠵᠤ ᠠᠬᠤᠶ᠂ ᠵᠠᠬ᠎ᠠ  ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠬᠤᠳᠠᠯᠳᠤᠭᠠᠨ ᠤ ᠶᠠᠪᠤᠳᠠᠯ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠢᠶᠠᠷ ᠪᠦᠷᠢᠯᠳᠦᠭᠦᠯᠵᠦ᠂ ᠠᠵᠢᠯ ᠤᠨ  ᠳᠤᠮᠳᠠ ᠲᠣᠬᠢᠶᠠᠯᠳᠤᠭᠰᠠᠨ ᠡᠯ᠎ᠡ ᠲᠦᠷᠦᠯ ᠤᠨ ᠬᠦᠴᠢᠷᠳᠡᠯ ᠪᠠ ᠠᠰᠠᠭᠤᠳᠠᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ ᠰᠢᠢᠳᠪᠦᠷᠢᠯᠡᠨ᠎ᠡ᠃ ᠠᠮᠢ ᠠᠬᠤᠶ ᠶᠢ  ᠣᠷᠢᠳᠠᠪᠡᠷ ᠪᠣᠳᠤᠯᠬᠢᠯᠠᠵᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠡᠭᠦᠷᠭᠡ  ᠴᠢᠳᠠᠪᠤᠷᠢ ᠶᠢᠨ ᠳᠠᠪᠠᠭᠤᠯᠢᠭ ᠲᠠᠢ ᠭᠦᠢᠴᠡᠳ ᠤᠶᠠᠯᠳᠤᠭᠤᠯᠤᠨ᠂ ᠬᠡᠷᠡᠭᠵᠢᠭᠦᠯᠬᠦ ᠲᠥᠰᠦᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠡᠯ᠎ᠡ ᠱᠠᠲᠤ ᠦᠶ᠎ᠡ᠂  ᠡᠯ᠎ᠡ ᠭᠤᠭᠴᠤᠭ᠎ᠠ ᠶᠢᠨ ᠠᠵᠢᠯ ᠤᠨ ᠡᠭᠦᠷᠭᠡ ᠶᠢ ᠯᠠᠪᠳᠠᠭᠤᠨ ᠪᠠᠲᠤᠲᠠᠶ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠯ᠎ᠡ  ᠰᠠᠯᠠᠭ᠎ᠠ ᠮᠥᠴᠢᠷ᠂ ᠡᠯ᠎ᠡ ᠰᠢᠨᠵᠢᠯᠡᠬᠦ ᠤᠬᠠᠭᠠᠨ ᠤ ᠰᠣᠳᠤᠯᠭᠠᠨ ᠤ ᠨᠢᠭᠡᠴᠡ ᠯᠦᠭᠡ ᠶᠢᠨ ᠬᠠᠷᠢᠯᠴᠠᠭ᠎ᠠ ᠪᠠᠨ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ᠂  ᠬᠤᠲᠠ᠂ ᠬᠤᠰᠢᠭᠤ ᠰᠢᠶᠠᠨ ᠲᠣᠭᠤᠷᠢᠭ ᠭᠤᠷᠪᠠᠨ ᠱᠠᠲᠤᠨ ᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠂ ᠨᠡᠪᠲᠡᠷᠡᠯᠴᠡᠨ ᠵᠣᠯᠭᠠᠭᠤᠯᠵᠤ᠂  ᠮᠡᠳᠡᠭᠡ ᠵᠠᠩᠭᠢ ᠪᠠᠨ ᠬᠠᠷᠢᠯᠴᠠᠨ ᠬᠤᠪᠢᠶᠠᠯᠴᠠᠵᠤ᠂ ᠬᠠᠷᠢᠯᠴᠠᠨ ᠳᠡᠮᠵᠢᠵᠦ᠂ ᠨᠡᠶᠢᠯᠡᠯ ᠬᠦᠴᠦᠨ ᠢ ᠪᠦᠷᠢᠯᠳᠦᠭᠦᠯᠦᠨ᠂ ᠮᠠᠨ ᠤ ᠬᠤᠲᠠ ᠶᠢᠨ ᠪᠡᠯᠡᠳᠭᠡᠮᠵᠢᠳᠤ  ᠲᠠᠷᠢᠶᠠᠯᠠᠩ ᠤᠨ ᠲᠣᠭᠲᠠᠭᠤᠨ ᠢᠶᠠᠷ ᠬᠥᠭᠵᠢᠬᠦ ᠶᠢ ᠦᠨᠡᠨᠬᠦ ᠪᠠᠲᠤᠯᠠᠨ᠎ᠠ᠃              ︵ᠬᠤᠶᠠᠷ︶ ᠲᠥᠷᠥ ᠶᠢᠨ ᠪᠣᠳᠣᠯᠭ᠎ᠠ᠂ ᠮᠥᠩᠭᠦᠨ ᠭᠦᠢᠯᠭᠡᠭᠡ᠂ ᠳᠠᠭᠠᠳᠬᠠᠯ ᠤᠨ ᠳᠡᠮᠵᠢᠯᠭᠡ ᠶᠢ ᠴᠢᠩᠭᠠᠳᠬᠠᠨ᠎ᠠ᠃ ᠬᠤᠳᠠ ᠶᠢᠨ ᠡᠳ᠋ ᠤᠨ  ᠵᠠᠰᠠᠭ ᠠᠴᠠ 2021 ᠣᠨ ᠠᠴᠠ ᠡᠬᠢᠯᠡᠨ ᠲᠠᠪᠤᠨ ᠵᠢᠯ ᠳᠠᠷᠠᠭᠠᠯᠠᠨ ᠵᠢᠯ ᠪᠦᠷᠢ 5000 ᠲᠦᠮᠡᠨ ᠲᠥᠭᠦᠷᠢᠭ ᠠᠴᠠ ᠳᠣᠣᠷ᠎ᠠ ᠦᠬᠡᠢ ᠪᠡᠯᠡ ᠮᠥᠩᠭᠦ  ᠣᠷᠣᠭᠤᠯᠵᠤ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠢ ᠳᠡᠮᠵᠢᠨ᠎ᠡ᠃ ︽ᠬᠥᠬᠡᠬᠤᠲᠠ ᠶᠢᠨ ᠢᠳᠡᠰᠢᠨ ᠨᠣᠭᠤᠭᠠᠨ ᠤ ᠦᠢᠯᠡᠳᠪᠦᠷᠢᠯᠡᠯ ᠢ ᠠᠬᠢᠭᠤᠯᠬᠤ  ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ︾ ︵ᠬᠥᠬᠡᠬᠤᠲᠠ ᠵᠠᠰᠠᠭ ᠲᠠᠷᠬᠠᠭᠠᠭᠰᠠᠨ ﹇2020﹈ 29 ᠳ᠋ᠦ᠋ᠭᠡᠷ ᠲᠣᠭᠠᠲᠤ︶ ᠢ  ᠨᠠᠶᠢᠳᠠᠪᠤᠷᠢᠵᠢᠭᠤᠯᠵᠤ᠂ ᠨᠥᠬᠦᠪᠥᠷᠢ ᠪᠠᠯᠠ ᠮᠥᠩᠭᠦ ᠶᠢ ᠴᠠᠭ ᠲᠤᠬᠠᠶ ᠳᠤᠨᠢ᠂ ᠲᠤᠭ᠎ᠠ ᠶᠣᠰᠣᠭᠠᠷ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠨ᠎ᠠ᠃ ᠡᠯ᠎ᠡ  ᠬᠤᠰᠢᠭᠤ ᠰᠢᠶᠠᠨ ᠲᠣᠭᠤᠷᠢᠭ ᠥᠪᠡᠷ ᠤᠨ ᠪᠠᠶᠢᠳᠠᠯ ᠢᠶᠠᠨ ᠦᠨᠳᠦᠰᠦᠯᠡᠨ ᠵᠢᠯ ᠪᠦᠷᠢ 1000 ᠲᠦᠮᠡᠨ ᠲᠥᠭᠦᠷᠢᠭ ᠠᠴᠠ ᠳᠣᠣᠷ᠎ᠠ ᠥᠬᠡᠶ ᠪᠠᠯᠠ ᠮᠥᠩᠭᠦ ᠶᠢᠨ  ᠳᠡᠮᠵᠢᠯᠭᠡ ᠶᠢᠨ ᠡᠷᠴᠢᠮ ᠢᠶᠠᠨ ᠳᠤᠷᠠᠳᠴᠤ᠂ ᠠᠳᠠᠯᠢᠬᠠᠨ ᠢᠶᠠᠷ ᠦᠷᠭᠦᠯᠵᠢᠯᠡᠨ ᠲᠠᠪᠤᠨ ᠵᠢᠯ ᠳᠡᠮᠵᠢᠬᠦ ᠬᠡᠷᠡᠭᠲᠡᠶ᠃ ᠬᠤᠸᠠᠷ ᠴᠡᠴᠡᠭ᠂ ᠭᠤᠸᠠ ᠵᠢᠮᠢᠰ ᠢᠶᠠᠷ  ᠭᠤᠣᠯ ᠠᠭᠤᠯᠭ᠎ᠠ ᠪᠣᠯᠭᠠᠭᠰᠠᠨ ᠬᠤᠳᠠ ᠶᠢᠨ ᠤᠳᠤ ᠦᠶ᠎ᠡ ᠶᠢᠨ ᠰᠡᠯᠡᠭᠦᠴᠡᠯ ᠵᠤᠭᠠᠴᠠᠯ ᠤᠨ ᠲᠠᠷᠢᠶᠠᠯᠠᠩ ᠢ ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ ᠶᠢ  ᠰᠤᠳᠤᠯᠤᠨ ᠲᠣᠭᠲᠠᠭᠠᠨ ᠨᠡᠶᠢᠲᠡᠯᠡᠨ᠎ᠡ᠃ ᠮᠥᠩᠭᠦᠨ ᠭᠦᠢᠯᠭᠡᠭᠡ᠂ ᠡᠳ᠋ ᠤᠨ ᠵᠠᠰᠠᠭ᠂ ᠲᠠᠷᠢᠶᠠᠯᠠᠩ ᠮᠠᠯ ᠠᠵᠤ ᠠᠬᠤᠶ᠂ ᠳᠠᠭᠠᠳᠬᠠᠯ ᠵᠡᠷᠭᠡ ᠰᠠᠯᠠᠭ᠎ᠠ  ᠮᠥᠴᠢᠷ ᠤᠳ ᠤᠨ ᠬᠠᠷᠢᠯᠴᠠᠨ ᠬᠠᠮᠵᠢᠯᠴᠠᠭᠰᠠᠨ ᠪᠠᠶᠢᠩᠭᠤ ᠶᠢᠨ ᠠᠵᠢᠯ ᠤᠨ ᠲᠣᠭᠲᠠᠴᠠ ᠶᠢ ᠪᠠᠶᠢᠭᠤᠯᠵᠤ᠂ ᠪᠠᠩᠬᠢ ᠠᠵᠤ ᠠᠬᠤᠶᠢᠯᠠᠯ ᠤᠨ ᠪᠠᠯᠠ  ᠲᠣᠬᠢᠷᠠᠭᠤᠯᠭ᠎ᠠ ᠶᠢ ᠵᠣᠯᠭᠠᠭᠤᠯᠬᠤ ᠶᠢ ᠴᠢᠩᠭᠠᠳᠬᠠᠨ᠎ᠠ᠃ ᠬᠦᠯᠡᠮᠵᠢ ᠶᠢᠨ ᠲᠣᠮᠣ ᠫᠧᠩ ᠢ ᠬᠠᠤᠯᠢ ᠲᠣᠭᠲᠠᠭᠠᠯ ᠳᠤ ᠨᠡᠶᠢᠴᠡᠭᠦᠯᠦᠨ ᠪᠠᠷᠢᠴᠠᠭᠠᠯᠠᠵᠤ ᠪᠠᠯᠠ  ᠲᠣᠬᠢᠷᠠᠭᠤᠯᠬᠤ ᠶᠢ ᠵᠣᠷᠢᠭᠵᠢᠭᠤᠯᠤᠨ᠎ᠠ ᠃ ᠲᠠᠷᠢᠶᠠᠯᠠᠩ ᠤᠨ ᠳᠠᠭᠠᠳᠬᠠᠯ ᠤᠨ ᠲᠤᠯᠭᠠᠭᠤᠷᠢᠯᠠᠯ ᠢ ᠴᠢᠩᠭᠠᠳᠬᠠᠵᠤ᠂ ᠪᠡᠯᠡᠳᠭᠡᠮᠵᠢᠳᠤ ᠲᠠᠷᠢᠶᠠᠯᠠᠩ ᠤᠨ  ᠳᠠᠭᠠᠳᠬᠠᠯ ᠢ ᠲᠦᠷᠦ ᠶᠢᠨ ᠪᠤᠳᠤᠯᠭ᠎ᠠ ᠶᠢᠨ ᠴᠢᠨᠠᠷᠲᠠᠶ ᠳᠠᠭᠠᠳᠬᠠᠯ ᠤᠨ ᠨᠥᠬᠦᠪᠥᠷᠢ ᠶᠢᠨ ᠬᠡᠪᠴᠢᠶᠡᠨ ᠳᠤ ᠣᠷᠣᠭᠤᠯᠵᠤ᠂ ᠪᠡᠯᠡᠳᠭᠡᠮᠵᠢᠳᠤ ᠲᠠᠷᠢᠶᠠᠯᠠᠩ ᠤᠨ  ᠳᠠᠭᠠᠳᠬᠠᠯ ᠤᠨ ᠲᠦᠷᠢᠮ ᠢ ᠲᠡᠭᠦᠯᠳᠡᠷᠵᠢᠭᠦᠯᠦᠨ ᠳᠡᠯᠭᠡᠷᠡᠭᠦᠯᠦᠨ᠎ᠡ᠃            ︵ᠭᠤᠷᠪᠠ︶ ᠮᠡᠳᠡᠭᠡ ᠵᠠᠩᠭᠢ ᠶᠢᠨ ᠮᠡᠷᠭᠡᠵᠢᠯ ᠤᠨ ᠳᠡᠮᠵᠢᠯᠭᠡ ᠶᠢ ᠴᠢᠩᠭᠠᠷᠠᠭᠤᠯᠤᠨ᠎ᠠ᠃ ᠬᠥᠬᠡᠬᠤᠲᠠ ᠶᠢᠨ ︽ᠮᠠᠯ ᠲᠠᠷᠢᠶᠠᠯᠠᠩ ᠮᠠᠯᠵᠢᠬᠤ ᠲᠠᠷᠢᠶᠠᠯᠠᠬᠤ  ᠣᠷᠣᠨ ᠮᠠᠯᠴᠢᠨ ᠲᠠᠷᠢᠶᠠᠴᠢᠨ︾ ᠤ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠤᠨ ᠲᠡᠭᠦᠯᠳᠡᠷᠵᠢᠭᠦᠯᠵᠦ᠂ ︽ᠬᠤᠯᠢᠰᠢᠨ ᠢᠳᠡᠰᠢ︾ ᠶᠢᠨ ᠪᠦᠲᠦᠭᠡᠭᠳᠡᠬᠦᠨ ᠤ  ᠮᠡᠳᠡᠭᠡ ᠵᠠᠩᠭᠢ ᠶᠢ ᠬᠢᠨᠠᠨ ᠠᠵᠢᠭᠯᠠᠬᠤ᠂ ᠪᠦᠲᠦᠭᠡᠭᠳᠡᠬᠦᠨ ᠢ ᠮᠥᠷᠳᠡᠬᠦ᠂ ᠬᠠᠩᠭᠠᠨ ᠪᠣᠷᠣᠯᠠᠭᠤᠯᠭ᠎ᠠ ᠶᠢᠨ ᠰᠡᠷᠡᠮᠵᠢᠯᠡᠭᠦᠯᠬᠦ ᠰᠢᠰᠲ᠋ᠧᠮᠵᠢ ᠶᠢ ᠪᠠᠶᠢᠭᠤᠯᠤᠨ᠂  ᠬᠠᠩᠭᠠᠯᠭ᠎ᠠ ᠬᠡᠷᠡᠭᠴᠡᠭᠡ᠂ ᠦᠨ᠎ᠡ ᠬᠠᠩᠰᠢ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠵᠦ ᠂ ᠪᠡᠯᠡᠳᠭᠡᠮᠵᠢᠳᠤ ᠲᠠᠷᠢᠶᠠᠯᠠᠩ ᠤᠨ ᠦᠢᠯᠡᠳᠪᠦᠷᠢᠯᠡᠯ ᠪᠠ  ᠪᠣᠷᠣᠯᠠᠭᠤᠯᠭ᠎ᠠ ᠳᠤ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠵᠤ᠂ ᠲᠠᠷᠢᠶᠠᠴᠢᠨ ᠡᠷᠦᠬᠡ ᠶᠢ ᠵᠢᠯᠣᠭᠤᠳᠤᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ  ᠪᠠᠶᠢᠳᠠᠯ ᠢ ᠣᠨᠣᠪᠴᠢᠲᠠᠶ ᠡᠵᠡᠮᠰᠢᠵᠦ᠂ ᠰᠣᠬᠤᠷ ᠪᠠᠯᠠᠶ ᠪᠠᠷ ᠳᠠᠷᠢᠬᠤ ᠶᠢ ᠪᠠᠭᠠᠰᠬᠠᠨ᠂ ᠲᠠᠷᠢᠶᠠᠯᠠᠩ ᠤᠨ ᠭᠠᠷᠤᠯᠲᠠ ᠪᠠ ᠦᠷ᠎ᠡ ᠠᠰᠢᠭ ᠢ ᠳᠡᠭᠡᠭᠰᠢᠯᠡᠭᠦᠯᠦᠨ᠎ᠡ᠃  ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ᠂ ᠡᠭᠦᠯᠡᠨ ᠪᠤᠳᠤᠯᠲᠠ ᠶᠢᠨ ᠮᠡᠷᠭᠡᠵᠢᠯ ᠢ ᠢᠳᠡᠪᠬᠢᠲᠡᠶ ᠠᠰᠢᠭᠯᠠᠨ᠂ ᠪᠡᠯᠡᠳᠭᠡᠮᠵᠢᠳᠤ ᠲᠠᠷᠢᠶᠠᠯᠠᠩ ᠤᠨ  ᠦᠢᠯᠡᠳᠪᠦᠷᠢᠯᠡᠯ ᠳᠤ ᠴᠠᠭ ᠠᠭᠤᠷ᠂ ᠬᠥᠷᠥᠰᠥ ᠰᠢᠷᠣᠶ᠂ ᠤᠰᠤ᠂ ᠳᠤᠯᠠᠭᠠᠨ ᠤ ᠬᠡᠮᠵᠢᠶ᠎ᠡ ᠵᠡᠷᠭᠡ ᠶᠢ ᠴᠠᠭ ᠲᠤᠬᠠᠶ ᠳᠤᠨᠢ ᠬᠢᠨᠠᠨ ᠬᠡᠮᠵᠢᠬᠦ ᠪᠠ ᠮᠡᠷᠭᠡᠵᠢᠯ ᠤᠨ  ᠵᠢᠯᠣᠭᠤᠳᠣᠯᠭ᠎ᠠ ᠬᠢᠨ᠎ᠡ᠃            ︵ᠳᠥᠷᠪᠡ︶ ᠰᠢᠮᠳᠠᠭᠤᠯᠤᠨ ᠵᠢᠯᠣᠭᠤᠳᠴᠤ ᠪᠠᠶᠢᠴᠠᠭᠠᠬᠤ ᠶᠢ ᠴᠢᠩᠭᠠᠳᠬᠠᠨ᠎ᠠ᠃ ᠪᠡᠯᠡᠳᠬᠡᠮᠵᠢᠲᠦ ᠲᠠᠷᠢᠶᠠᠯᠠᠩ ᠤᠨ ᠪᠥᠲᠥᠭᠡᠨ ᠪᠠᠶᠢᠭᠤᠯᠤᠯᠲᠠ ᠶᠢ  ᠬᠤᠲᠠ ᠶᠢᠨ ᠵᠠᠰᠠᠭ ᠤᠨ ᠣᠷᠳᠣᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠦᠨᠡᠯᠡᠬᠦ ᠠᠭᠤᠯᠭ᠎ᠠ ᠳᠤ ᠣᠷᠣᠭᠤᠯᠵᠤ᠂ ᠰᠢᠯᠭᠠᠨ ᠦᠨᠡᠯᠡᠬᠦ  ᠲᠣᠭᠲᠠᠴᠠ ᠶᠢ ᠪᠠᠶᠢᠭᠤᠯᠤᠨ᠂ ᠰᠢᠯᠭᠠᠨ ᠦᠨᠡᠯᠡᠬᠦ ᠠᠷᠭ᠎ᠠ ᠶᠢ ᠲᠣᠭᠲᠠᠭᠠᠵᠤ᠂ ᠰᠢᠯᠭᠠᠨ ᠦᠨᠡᠯᠡᠬᠦ ᠭᠦᠢᠴᠡᠳᠬᠡᠯ ᠲᠤᠭ᠎ᠠ ᠶᠢ ᠨᠠᠷᠢᠯᠢᠬᠵᠢᠭᠤᠯᠤᠨ᠂ ᠡᠭᠦᠷᠭᠡ  ᠬᠠᠷᠠᠯᠲᠠ ᠶᠢ ᠬᠤᠰᠢᠭᠤ ᠰᠢᠶᠠᠨ ᠲᠣᠭᠤᠷᠢᠭ ᠵᠢᠴᠢ ᠬᠠᠮᠢᠶ᠎ᠠ ᠪᠥᠬᠦᠶ ᠵᠥᠪᠯᠡᠯ ᠠᠯᠪᠠᠨ ᠬᠡᠷ ᠲᠣᠪᠴᠢᠶ᠎ᠠ ᠳᠤ ᠨᠠᠶᠢᠳᠠᠪᠤᠷᠢᠵᠢᠭᠤᠯᠵᠤ᠂ ᠬᠢᠨᠠᠨ ᠵᠢᠯᠣᠭᠤᠳᠴᠤ  ᠪᠠᠶᠢᠴᠠᠭᠠᠬᠤ ᠠᠵᠢᠯ ᠢ ᠴᠢᠩᠭᠠᠳᠬᠠᠨ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠎ᠠ᠃            ︵ᠲᠠᠪᠤ︶ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ ᠪᠡᠯᠡᠳᠭᠡᠮᠵᠢᠳᠤ ᠲᠠᠷᠢᠶᠠᠯᠠᠩ ᠤᠨ ᠬᠥᠭᠵᠢᠯᠲᠡ ᠶᠢᠨ ᠲᠡᠷᠢᠭᠦᠨ ᠤ ᠨᠡᠶᠢᠲᠡᠯᠢᠭ  ᠵᠢᠱᠢᠶ᠎ᠡ ᠶᠢ ᠤᠬᠠᠭᠤᠯᠤᠨ ᠮᠡᠳᠡᠭᠡᠯᠡᠬᠦ ᠶᠢ ᠴᠢᠩᠭᠠᠳᠬᠠᠵᠤ᠂ ︽ᠪᠢᠴᠢᠯ ᠪᠦᠷᠭᠡ᠂ ᠸᠢᠴᠠᠲ᠂ ᠨᠢᠭᠡ ᠦᠵᠦᠭᠦᠷ︾ ᠤᠨ ᠰᠢᠨ᠎ᠡ ᠵᠠᠭᠤᠴᠢᠯᠠᠭᠤᠷ ᠤᠨ ᠲᠠᠪᠴᠠᠩ ᠢ  ᠰᠠᠶᠢᠲᠤᠷ ᠬᠡᠷᠡᠭᠯᠡᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠢ ᠬᠥᠲᠥᠯᠥᠨ ᠵᠢᠯᠣᠭᠤᠳᠴᠤ ᠬᠤᠯᠪᠣᠭᠳᠠᠯ ᠪᠦᠬᠦᠢ ᠠᠵᠢᠯ ᠢ ᠠᠩᠬᠠᠷᠬᠤ ᠪᠠ ᠲᠡᠭᠦᠨ ᠳᠤ  ᠣᠷᠣᠯᠴᠠᠭᠤᠯᠵᠤ᠂ ᠪᠦᠬᠦ ᠬᠤᠳᠠ ᠶᠢᠨ ᠠᠷᠠᠳ ᠲᠦᠮᠡᠨ ᠤ ᠬᠠᠮᠲᠤ ᠪᠠᠷ ᠠᠷᠭ᠎ᠠ ᠤᠬᠠᠭᠠᠨ ᠭᠠᠷᠭᠠᠵᠤ ᠬᠠᠮᠲᠤ ᠪᠠᠷ ᠴᠢᠷᠮᠠᠶᠢᠵᠤ ᠬᠠᠮᠲᠤ ᠪᠠᠷ ᠪᠠᠶᠢᠭᠤᠯᠵᠤ  ᠬᠠᠮᠲᠤ ᠪᠠᠷ ᠡᠳ᠋ᠯᠡᠬᠦ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠨ᠎ᠠ
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号