︽ᠥᠨᠳᠦᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠰᠦᠯ ︵2021 — 2030 ᠣᠨ︶︾ ᠢ ᠳᠠᠷᠤᠮᠠᠯᠯᠠᠨ  ᠶᠠᠪᠤᠭᠤᠯᠬᠤ ᠲᠤᠬᠠᠢ ᠬᠥᠬᠡᠬᠤᠲᠠ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2022/2/25
     ᠬᠥᠬᠡᠬᠤᠲᠠ ᠵᠠᠰᠠᠭ ᠠᠯᠪᠠᠨ ᠥᠰᠥᠭ ︹ 2021 ︺94 ᠳ᠋ᠤᠭᠡᠷ ᠲᠣᠭᠠᠲᠤ                    2021ᠣᠨ ᠤ 11 ᠳ᠋ᠤᠭᠡᠷ ᠰᠠᠷ᠎ᠠ ᠶᠢᠨ 22 ᠤᠨ ᠡᠳᠦᠷ  ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ  ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠬᠠᠮᠢᠶ᠎ᠠ ᠪᠥᠬᠦᠶ ᠵᠥᠪᠯᠡᠯ᠂ ᠠᠯᠪᠠᠨ ᠬᠡᠷ᠂ ᠲᠣᠪᠴᠢᠶ᠎ᠠ ᠳᠤ᠄  ︽ᠬᠥᠬᠡᠬᠤᠲᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠰᠦᠯ ︵2021 — 2030 ᠣᠨ︶︾ ᠢ  ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ  ᠤᠶᠠᠯᠳᠤᠭᠤᠯᠤᠨ᠂  ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃                      ᠬᠥᠬᠡᠬᠤᠲᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ  ᠪᠥᠲᠥᠭᠡᠨ ᠪᠠᠶᠢᠭᠤᠯᠤᠯᠲᠠ ᠶᠢᠨ ᠲᠥᠰᠦᠯ ︵2021 — 2030 ᠣᠨ︶   ︽ᠠᠮᠤ ᠪᠤᠳᠠᠭ᠎ᠠ ᠶᠢ ᠪᠠᠳᠤᠯᠠᠬᠤ ᠳᠤ ᠭᠠᠵᠠᠷ ᠰᠢᠷᠤᠢ ᠳᠤ ᠲᠦᠰᠢᠭᠯᠡᠵᠦ  ᠂ ᠠᠮᠤ ᠪᠤᠳᠠᠭ᠎ᠠ ᠶᠢ  ᠪᠠᠳᠤᠯᠠᠬᠤ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠤ  ᠲᠦᠰᠢᠭᠯᠡᠬᠦ︾ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠪᠠᠶᠢᠯᠳᠤᠬᠤ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠤᠰᠤ ᠪᠠᠷ  ᠭᠠᠵᠠᠷ ᠰᠢᠷᠣᠶ ᠶᠢ ᠲᠣᠭᠲᠠᠭᠠᠬᠤ᠂ ᠤᠰᠤ ᠪᠠᠷ ᠤᠨᠠᠯᠲᠠ ᠶᠢ ᠲᠣᠭᠲᠠᠭᠠᠬᠤ᠂ ᠤᠰᠤᠨ ᠤ ᠬᠡᠮᠵᠢᠶ᠎ᠡ ᠪᠠᠷ ᠲᠠᠷᠢᠶᠠᠯᠠᠬᠤ︾ ᠥᠷᠭᠦᠯᠵᠢᠯᠡᠭᠦᠶᠢᠴᠡ ᠬᠥᠭᠵᠢᠯᠲᠡ ᠶᠢᠨ  ᠣᠶᠢᠯᠠᠭᠠᠭᠳᠠᠬᠤᠨ ᠢ ᠪᠠᠷᠢᠮᠲᠠᠯᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠥᠷᠭᠡᠳᠭᠡᠵᠦ᠂ ᠲᠠᠷᠢᠶᠠᠯᠠᠩ ᠤᠨ ᠰᠠᠭᠤᠷᠢ  ᠪᠡᠯᠡᠳᠬᠡᠮᠵᠢ ᠶᠢᠨ ᠨᠥᠬᠦᠴᠡᠯ ᠢ ᠰᠠᠶᠢᠵᠢᠷᠠᠭᠤᠯᠤᠨ᠂ ᠲᠠᠷᠢᠶᠠᠨ ᠭᠠᠵᠠᠷ ᠤᠨ ᠶᠠᠰᠤ ᠴᠢᠨᠠᠷ ᠤᠨ ᠬᠢᠷᠢ ᠲᠥᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂  ᠠᠮᠤ ᠪᠤᠳᠠᠭᠠᠨ ᠤ ᠤᠨᠠᠯᠲᠠ ᠶᠢ ᠲᠣᠭᠲᠠᠭᠤᠨ ᠢᠶᠠᠷ ᠨᠡᠮᠡᠭᠳᠡᠭᠦᠯᠦᠨ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠵᠤ᠂ ᠲᠠᠷᠢᠶᠠᠴᠢᠳ ᠤᠨ ᠣᠷᠣᠯᠭ᠎ᠠ ᠶᠢ  ᠨᠡᠮᠡᠭᠳᠡᠭᠦᠯᠦᠨ᠂ ᠣᠷᠣᠨ ᠤ ᠲᠥᠪ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠠᠮᠢ ᠠᠬᠤᠶ ᠶᠢᠨ ᠪᠣᠬᠢᠷᠲᠤᠯ ᠥᠬᠡᠶ ᠴᠢᠨᠠᠷ ᠰᠠᠶᠢᠲᠠᠶ ᠬᠥᠭᠵᠢᠯᠲᠡ ᠶᠢ  ᠪᠡᠶᠡᠯᠡᠭᠦᠯᠬᠦ ᠶᠢᠨ ᠲᠤᠰᠠᠳᠠ ᠲᠣᠰ ᠲᠥᠰᠦᠯ ᠢ ᠲᠣᠭᠲᠠᠭᠠᠪᠠ᠃      ᠨᠢᠭᠡ᠂ ᠵᠢᠯᠣᠭᠤᠳᠬᠤ ᠦᠵᠡᠯ ᠰᠠᠨᠠᠭ᠎ᠠ  ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ  ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ  ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ  ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠪᠠᠷ ᠤᠳᠤᠷᠢᠳᠤᠮᠵᠢ ᠪᠣᠯᠭᠠᠵᠤ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠪᠠᠷ ᠭᠤᠣᠯ ᠬᠠᠷᠠᠯᠲᠠ  ᠪᠣᠯᠭᠠᠵᠤ᠂ ᠲᠠᠷᠢᠶᠠᠯᠠᠩ ᠤᠨ ᠰᠠᠭᠤᠷᠢ ᠪᠡᠯᠡᠳᠬᠡᠮᠵᠢ ᠶᠢᠨ ᠳᠤᠲᠠᠭᠤᠳᠠᠯ ᠢ ᠨᠥᠬᠦᠪᠥᠷᠢᠯᠡᠵᠦ᠂ ᠲᠠᠷᠢᠶᠠᠨ ᠭᠠᠵᠠᠷ ᠤᠨ ᠭᠠᠮᠰᠢᠭ ᠢ ᠰᠡᠷᠭᠡᠶᠢᠯᠡᠬᠦ ᠭᠠᠮᠰᠢᠭ ᠲᠠᠢ  ᠲᠡᠮᠡᠴᠡᠵᠦ ᠭᠠᠮᠰᠢᠭ ᠢ ᠪᠠᠭᠠᠰᠬᠠᠬᠤ ᠴᠢᠳᠠᠪᠤᠷᠢ ᠶᠢ ᠦᠨᠡᠨᠬᠦ ᠴᠢᠩᠭᠠᠳᠬᠠᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠪᠣᠯᠤᠨ ᠴᠢᠬᠤᠯᠠ  ᠲᠠᠷᠢᠶᠠᠯᠠᠩ ᠤᠨ ᠪᠦᠲᠦᠭᠡᠭᠳᠡᠬᠦᠨ ᠤ ᠪᠦᠲᠦᠮᠵᠢᠲᠡᠢ ᠬᠠᠩᠭᠠᠯᠭ᠎ᠠ ᠶᠢ ᠪᠠᠲᠤᠯᠠᠬᠤ ᠳᠤ ᠪᠠᠲᠤ ᠪᠠᠬᠢ ᠰᠠᠭᠤᠷᠢ ᠲᠠᠯᠪᠢᠨ᠎ᠠ᠃        ᠬᠤᠶᠠᠷ᠂ ᠦᠨᠳᠦᠰᠦᠨ ᠵᠠᠷᠴᠢᠮ  ︵ᠨᠢᠭᠡ︶ ᠠᠮᠢ ᠠᠬᠤᠶ ᠶᠢ ᠤᠷᠢᠳᠠᠪᠡᠷ ᠪᠣᠳᠤᠯᠬᠢᠯᠠᠵᠤ᠂ ᠪᠣᠬᠢᠷᠲᠤᠯ ᠥᠬᠡᠶ ᠬᠥᠭᠵᠢᠭᠦᠯᠬᠦ ᠵᠠᠷᠴᠢᠮ ᠢ ᠪᠠᠷᠢᠮᠲᠠᠯᠠᠨ᠎ᠠ᠃ ᠠᠮᠢ ᠠᠬᠤᠶ ᠶᠢᠨ ᠣᠷᠴᠢᠨ  ᠲᠣᠭᠤᠷᠢᠨ ᠢ ᠬᠠᠮᠠᠭᠠᠯᠠᠬᠤ ᠪᠣᠯ ᠳᠠᠷᠤᠶ ᠦᠢᠯᠡᠳᠪᠦᠷᠢᠯᠡᠯ ᠤᠨ ᠬᠦᠴᠦᠨ ᠢ ᠬᠠᠮᠠᠭᠠᠯᠠᠵᠤ ᠪᠠᠶᠢᠭ᠎ᠠ ᠶᠠᠪᠤᠳᠠᠯ ᠮᠥᠨ᠂ ᠲᠠᠷᠢᠶᠠᠨ ᠭᠠᠵᠠᠷ ᠤᠨ ᠠᠮᠢ ᠠᠬᠤᠶ ᠶᠢᠨ  ᠣᠷᠴᠢᠨ ᠲᠣᠭᠤᠷᠢᠨ ᠢ ᠰᠠᠶᠢᠵᠢᠷᠠᠭᠤᠯᠬᠤ ᠪᠣᠯ ᠳᠠᠷᠤᠶ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ ᠪᠠᠶᠢᠭ᠎ᠠ ᠶᠠᠪᠤᠳᠠᠯ ᠮᠥᠨ ᠭᠡᠬᠦ ᠣᠶᠢᠯᠠᠭᠠᠭᠳᠠᠬᠤᠨ ᠢ  ᠪᠠᠲᠤ  ᠪᠣᠢ ᠪᠣᠯᠭᠠᠵᠤ᠂ ᠲᠠᠷᠢᠶᠠᠨ ᠭᠠᠵᠠᠷ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠬᠢᠭᠡᠳ ᠲᠥᠷᠥᠯ ᠵᠦᠢᠯ ᠤᠨ ᠬᠠᠮᠢᠶᠠᠷᠤᠯᠲᠠ ᠶᠢ ᠬᠠᠷᠢᠯᠴᠠᠨ  ᠤᠶᠠᠯᠳᠤᠭᠤᠯᠵᠤ᠂ ᠲᠣᠪᠤᠶᠢᠮ᠎ᠠ ᠠᠰᠠᠭᠤᠳᠠᠯ ᠠᠴᠠ ᠭᠠᠷᠳᠠᠵᠤ᠂ ᠲᠠᠷᠢᠶᠠᠨ ᠭᠠᠵᠠᠷ ᠢ ᠬᠠᠮᠠᠭᠠᠯᠠᠨ ᠵᠠᠰᠠᠬᠤ ᠡᠷᠴᠢᠮ ᠢ ᠴᠢᠩᠭᠠᠷᠠᠭᠤᠯᠤᠨ᠂ ᠪᠥᠲᠥᠭᠡᠨ ᠪᠠᠶᠢᠭᠤᠯᠬᠤ  ᠳᠤᠮᠳᠠ ᠬᠠᠮᠠᠭᠠᠯᠠᠵᠤ᠂ ᠬᠠᠮᠠᠭᠠᠯᠠᠬᠤ ᠳᠤᠮᠳᠠ ᠬᠥᠭᠵᠢᠭᠦᠯᠵᠦ᠂ ᠪᠣᠬᠢᠷᠲᠤᠯ ᠥᠬᠡᠶ ᠦᠢᠯᠡᠳᠪᠦᠷᠢᠯᠡᠯ ᠤᠨ ᠮᠡᠷᠭᠡᠵᠢᠯ ᠢ ᠳᠡᠯᠭᠡᠷᠡᠭᠦᠯᠦᠨ᠂ ᠲᠠᠷᠢᠶᠠᠨ ᠭᠠᠵᠠᠷ ᠤᠨ  ᠡᠬᠢ ᠪᠠᠶᠠᠯᠢᠭ ᠢ ᠥᠨᠢᠳᠡ ᠦᠷᠭᠦᠯᠵᠢᠯᠡᠨ ᠠᠰᠢᠭᠯᠠᠬᠤ ᠶᠢ ᠠᠬᠢᠭᠤᠯᠵᠤ᠂ ᠲᠠᠷᠢᠶᠠᠨ ᠭᠠᠵᠠᠷ ᠤᠨ ᠠᠮᠢ ᠠᠬᠤᠶ ᠶᠢᠨ ᠰᠢᠰᠲ᠋ᠧᠮ ᠤᠨ ᠥᠪᠡᠷ ᠢ ᠪᠠᠨ ᠵᠠᠰᠠᠨ  ᠰᠡᠷᠭᠦᠭᠡᠬᠦ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃  ︵ᠬᠤᠶᠠᠷ︶ ᠨᠢᠭᠡᠳᠦᠯᠲᠡᠶ ᠲᠦᠯᠦᠪᠵᠢᠭᠦᠯᠦᠨ᠂ ᠡᠮᠬᠢ ᠵᠢᠷᠤᠮ ᠲᠠᠢ ᠠᠬᠢᠭᠤᠯᠬᠤ ᠵᠠᠷᠴᠢᠮ ᠢ ᠪᠠᠷᠢᠮᠲᠠᠯᠠᠨ᠎ᠠ᠃ ᠪᠣᠬᠢᠷᠲᠤᠯ ᠥᠬᠡᠶ ᠥᠨᠳᠥᠷ ᠪᠠᠷᠢᠮᠵᠢᠶᠠᠲᠤ  ᠲᠠᠷᠢᠶᠠᠨ ᠭᠠᠵᠠᠷ᠂ ᠲᠣᠭᠠᠴᠢᠯᠠᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠬᠢᠭᠡᠳ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ  ᠪᠠᠶᠢᠭᠤᠯᠤᠯᠲᠠ ᠶᠢᠨ ᠲᠥᠯᠥᠪᠵᠢᠭᠦᠯᠭᠡ ᠶᠢ ᠬᠠᠷᠢᠯᠴᠠᠨ ᠨᠢᠭᠡᠳᠦᠯᠲᠡᠶ ᠲᠥᠯᠥᠪᠯᠡᠵᠦ᠂ ᠪᠣᠬᠢᠷᠲᠤᠯ ᠥᠬᠡᠶ᠂ ᠴᠢᠨᠠᠷ ᠰᠠᠶᠢᠲᠠᠶ ᠬᠥᠭᠵᠢᠯᠲᠡ ᠶᠢᠨ  ᠣᠶᠢᠯᠠᠭᠠᠭᠳᠠᠬᠤᠨ ᠢ ᠪᠣᠶ ᠪᠣᠯᠭᠠᠵᠤ᠂ ᠠᠳᠠᠯᠢ ᠪᠤᠰᠤ ᠣᠷᠣᠨ ᠪᠦᠰᠡ ᠠᠳᠠᠯᠢ ᠪᠤᠰᠤ ᠲᠥᠷᠥᠯ ᠬᠡᠯᠪᠡᠷᠢ ᠶᠢᠨ ᠡᠬᠢ ᠪᠠᠶᠠᠯᠢᠭ ᠤᠨ ᠳᠠᠪᠠᠭᠤᠯᠢᠭ ᠪᠠ ᠠᠮᠢ  ᠠᠬᠤᠶ ᠶᠢᠨ ᠣᠷᠴᠢᠨ ᠲᠣᠭᠤᠷᠢᠨ ᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ ᠲᠤᠷᠰᠢᠯᠲᠠ ᠬᠢᠵᠦ ᠵᠢᠱᠢᠶ᠎ᠡ ᠦᠵᠡᠭᠦᠯᠦᠨ᠂ ᠭᠤᠤᠯᠳᠠᠯᠭ᠎ᠠ ᠲᠠᠢ ᠰᠢᠪᠲᠤᠯᠤᠯᠲᠠ  ᠬᠢᠵᠦ᠂ ᠤᠷᠢᠳᠠᠪᠠᠷ ᠲᠤᠷᠰᠢᠯᠲᠠ ᠬᠢᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠣᠭᠠᠴᠢᠯᠠᠭᠰᠠᠨ᠂ ᠤᠶᠤᠨᠴᠢᠯᠠᠭᠰᠠᠨ  ᠬᠥᠭᠵᠢᠯᠲᠡ ᠶᠢᠨ ᠵᠠᠭᠪᠤᠷ ᠢ ᠬᠠᠶᠢᠨ ᠰᠦᠪᠡᠭᠴᠢᠯᠡᠨ᠎ᠡ᠃  ︵ᠭᠤᠷᠪᠠ︶ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠵᠤ᠂ ᠳᠠᠷᠢᠵᠤ ᠲᠡᠵᠢᠭᠡᠬᠦ ᠶᠢ ᠤᠶᠠᠯᠳᠤᠭᠤᠯᠬᠤ ᠵᠠᠷᠴᠢᠮ ᠢ ᠪᠠᠷᠢᠮᠲᠠᠯᠠᠨ᠎ᠠ᠃  ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠳᠤᠷᠠᠳᠤᠭᠰᠠᠨ ︽ᠳᠠᠷᠢᠵᠤ ᠲᠡᠵᠢᠭᠡᠬᠦ ᠶᠢ ᠤᠶᠠᠯᠳᠤᠭᠤᠯᠵᠤ᠂  ᠲᠠᠷᠢᠬᠤ ᠪᠠᠷ  ᠲᠡᠵᠢᠭᠡᠬᠦ ᠶᠢ ᠠᠬᠢᠭᠤᠯᠬᠤ︾ ᠲᠠᠷᠢᠶᠠᠯᠠᠩ ᠮᠠᠯ ᠠᠵᠤ ᠠᠬᠤᠶ ᠶᠢᠨ ᠣᠷᠴᠢᠯ ᠬᠥᠭᠵᠢᠯᠲᠡ ᠶᠢᠨ ᠵᠠᠭᠪᠤᠷ ᠶᠣᠰᠣᠭᠠᠷ᠂ ᠥᠨᠳᠥᠷ ᠪᠠᠷᠢᠮᠵᠢᠶᠠᠲᠤ ᠲᠠᠷᠢᠶᠠᠨ  ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠡᠵᠢᠭᠡᠯ ᠡᠪᠡᠰᠦ ᠪᠣᠷᠳᠣᠭᠠᠨ ᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠲᠠᠢ ᠤᠶᠠᠯᠳᠤᠭᠤᠯᠵᠤ᠂  ᠨᠡᠶᠢᠭᠡᠮ ᠤᠨ ᠮᠠᠯᠵᠢᠯ ᠤᠨ ᠲᠠᠯᠠᠪᠠᠶ ᠳᠤ ᠰᠢᠯᠢᠳᠡᠭ ᠲᠡᠵᠢᠭᠡᠯ ᠡᠪᠡᠰᠦ ᠪᠣᠷᠳᠣᠭᠠᠨ ᠤ ᠰᠠᠭᠤᠷᠢᠨ ᠭᠠᠵᠠᠷ ᠬᠠᠩᠭᠠᠵᠤ᠂ ᠪᠥᠬᠦ ᠬᠤᠲᠠ ᠶᠢᠨ ᠰᠦᠨ ᠤ ᠦᠢᠯᠡᠰ᠂  ᠡᠪᠡᠰᠦᠨ ᠦᠷ᠎ᠡ ᠶᠢᠨ ᠦᠢᠯᠡᠰ ᠢᠶᠠᠷ ᠭᠤᠤᠯ ᠪᠣᠯᠭᠠᠭᠰᠠᠨ ᠪᠣᠬᠢᠷᠲᠤᠯ ᠥᠬᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠠᠵᠤ  ᠦᠢᠯᠡᠰ ᠤᠨ ᠪᠦᠭᠡᠮᠨᠡᠷᠡᠯ ᠢ ᠪᠠᠶᠢᠭᠤᠯᠬᠤ ᠳᠤ ᠰᠠᠭᠤᠷᠢ ᠲᠠᠯᠪᠢᠵᠤ᠂ ᠣᠷᠣᠨ ᠤ ᠲᠥᠪ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠬᠤᠯᠪᠣᠭᠠᠯᠠᠨ  ᠬᠥᠭᠵᠢᠬᠦ ᠶᠢ ᠠᠬᠢᠭᠤᠯᠤᠨ᠎ᠠ᠃  ︵ᠲᠦᠷᠪᠡ︶ ᠲᠠᠷᠢᠶᠠᠴᠢᠳ ᠰᠠᠶᠢᠨ ᠳᠤᠷ᠎ᠠ ᠶᠢᠨ ᠪᠠᠶᠢᠬᠤ᠂ ᠪᠦᠳᠦᠭᠡᠨ ᠪᠠᠶᠢᠭᠤᠯᠬᠤ ᠪᠠ ᠬᠠᠮᠢᠶᠠᠷᠬᠤ ᠶᠢ ᠵᠡᠷᠭᠡᠪᠡᠷ ᠴᠢᠬᠤᠯᠠᠴᠢᠯᠠᠬᠤ ᠵᠠᠷᠴᠢᠮ ᠢ ᠪᠠᠷᠢᠮᠲᠠᠯᠠᠨ᠎ᠠ᠃  ᠲᠠᠷᠢᠶᠠᠴᠢᠨ᠂ ᠲᠠᠷᠢᠶᠠᠯᠠᠩ ᠤᠨ ᠬᠤᠷᠰᠢᠶ᠎ᠠ᠂ ᠠᠮᠤ ᠪᠤᠳᠠᠭ᠎ᠠ ᠳᠠᠷᠢᠬᠤ ᠲᠣᠮᠣ ᠡᠷᠦᠬᠡ ᠵᠢᠴᠢ ᠪᠤᠰᠤᠳ ᠰᠢᠨ᠎ᠡ ᠬᠡᠯᠪᠡᠷᠢ ᠶᠢᠨ ᠲᠠᠷᠢᠶᠠᠯᠠᠩ ᠤᠨ ᠦᠢᠯᠡᠳᠪᠦᠷᠢᠯᠡᠯ  ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ᠶᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ  ᠪᠠᠶᠢᠭᠤᠯᠤᠯᠲᠠ ᠳᠤ ᠬᠦᠴᠦ ᠬᠥᠳᠡᠯᠮᠦᠷᠢ ᠣᠷᠣᠭᠤᠯᠵᠤ ᠣᠷᠣᠯᠴᠠᠭᠤᠯᠤᠨ᠎ᠠ᠃ ︽ᠬᠡᠨ ᠠᠰᠢᠭ ᠭᠥᠷᠳᠡᠪᠡᠯ ᠬᠡᠨ ᠬᠠᠮᠢᠶᠠᠷᠴᠤ ᠬᠠᠮᠠᠭᠠᠯᠠᠬᠤ᠂ ᠬᠡᠨ ᠬᠡᠷᠡᠭᠯᠡᠪᠡᠯ  ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠬᠠᠮᠢᠶᠠᠷᠴᠤ ᠬᠠᠮᠠᠭᠠᠯᠠᠬᠤ ᠭᠤᠤᠯ ᠴᠣᠭᠴᠠ ᠶᠢ ᠲᠣᠳᠣᠷᠬᠠᠶᠢᠯᠠᠵᠤ᠂ ᠬᠠᠮᠢᠶᠠᠷᠴᠤ ᠬᠠᠮᠠᠭᠠᠯᠠᠬᠤ ᠲᠦᠷᠢᠮ ᠢ  ᠲᠣᠭᠲᠠᠭᠠᠨ᠂ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠪᠠ ᠬᠠᠮᠢᠶᠠᠷᠴᠤ ᠬᠠᠮᠠᠭᠠᠯᠠᠬᠤ ᠵᠠᠷᠤᠳᠠᠯ ᠢ ᠨᠠᠶᠢᠳᠠᠪᠤᠷᠢᠵᠢᠭᠤᠯᠬᠤ ᠬᠡᠷᠡᠭᠲᠡᠶ᠃ ᠲᠥᠷᠥᠯ ᠵᠦᠢᠯ ᠤᠨ  ᠪᠥᠲᠥᠭᠡᠨ ᠪᠠᠶᠢᠭᠤᠯᠤᠯᠲᠠ ᠪᠠ ᠢᠨᠵᠧᠨᠧᠷᠢᠩ ᠢ ᠬᠠᠮᠢᠶᠠᠷᠴᠤ ᠬᠠᠮᠠᠭᠠᠯᠠᠬᠤ ᠲᠣᠭᠲᠠᠴᠠ ᠶᠢ ᠵᠡᠷᠭᠡ ᠳᠤᠨᠢ ᠲᠥᠯᠥᠪᠯᠡᠵᠦ᠂ ᠵᠡᠷᠭᠡ ᠳᠤᠨᠢ ᠪᠥᠲᠥᠭᠡᠨ ᠪᠠᠶᠢᠭᠤᠯᠵᠤ᠂  ᠵᠡᠷᠭᠡ ᠳᠤᠨᠢ ᠨᠠᠶᠢᠳᠠᠪᠤᠷᠢᠵᠢᠭᠤᠯᠤᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠠᠶᠢᠭᠤᠯᠤᠭᠰᠠᠨ ᠤ ᠳᠠᠷᠠᠭ᠎ᠠ ᠬᠠᠮᠢᠶᠠᠷᠴᠤ ᠬᠠᠮᠠᠭᠠᠯᠠᠬᠤ ᠭᠤᠤᠯ ᠴᠣᠭᠴᠠ ᠳᠤ  ᠴᠠᠭ ᠲᠤᠬᠠᠶ ᠳᠤᠨᠢ ᠰᠢᠯᠵᠢᠭᠦᠯᠦᠨ ᠲᠤᠰᠢᠶᠠᠵᠤ᠂ ᠰᠢᠯᠵᠢᠭᠦᠯᠦᠨ ᠲᠤᠰᠢᠶᠠᠬᠤ ᠭᠠᠷᠳᠠᠮ ᠢ ᠵᠢᠷᠤᠮᠵᠢᠭᠤᠯᠤᠨ ᠬᠦᠢᠴᠡᠳᠬᠡᠬᠦ ᠬᠡᠷᠡᠭᠲᠡᠶ᠃  ︵ᠲᠠᠪᠤ︶ ᠲᠥᠪᠯᠡᠷᠡᠭᠦᠯᠦᠨ ᠡᠷᠴᠢᠮᠵᠢᠭᠦᠯᠬᠦ᠂ ᠬᠡᠪᠴᠢᠶᠡᠵᠢᠭᠦᠯᠦᠨ ᠡᠵᠡᠩᠨᠡᠬᠦ ᠵᠠᠷᠴᠢᠮ ᠢ ᠪᠠᠷᠢᠮᠲᠠᠯᠠᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ  ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠲᠥᠪᠯᠡᠷᠡᠭᠦᠯᠦᠨ ᠵᠠᠯᠭᠠᠯᠳᠤᠭᠤᠯᠵᠤ᠂  ᠶᠡᠷᠦᠩᠬᠡᠢ ᠳᠤᠨᠢ ᠳᠥᠯᠭᠢᠨ ᠠᠬᠢᠭᠤᠯᠵᠤ᠂ ᠭᠠᠵᠠᠷ ᠰᠢᠷᠣᠶ ᠶᠢᠨ  ᠡᠬᠢ ᠪᠠᠶᠠᠯᠢᠭ ᠢ ᠡᠷᠴᠢᠮᠵᠢᠭᠦᠯᠦᠨ ᠠᠰᠢᠭᠯᠠᠬᠤ᠂ ᠲᠠᠷᠢᠶᠠᠯᠠᠩ ᠤᠨ ᠦᠢᠯᠡᠳᠪᠦᠷᠢᠯᠡᠯ ᠢ ᠬᠡᠪᠴᠢᠶᠡᠵᠢᠭᠦᠯᠦᠨ ᠡᠵᠡᠩᠨᠡᠬᠦ  ᠬᠡᠮᠵᠢᠶᠡᠨ ᠳᠤ ᠬᠦᠷᠭᠡᠵᠦ᠂  ᠮᠧᠬᠠᠨᠢᠭᠵᠢᠭᠤᠯᠤᠨ ᠠᠵᠢᠯᠯᠠᠬᠤ ᠳᠤ ᠲᠥᠬᠦᠮ ᠪᠣᠯᠭᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠠᠮᠤ ᠪᠤᠳᠠᠭᠠᠨ ᠤ  ᠦᠢᠯᠡᠳᠪᠦᠷᠢᠯᠡᠯ ᠤᠨ ᠴᠢᠳᠠᠪᠤᠷᠢ ᠶᠢ ᠨᠡᠮᠡᠭᠳᠡᠭᠦᠯᠵᠦ᠂ ᠪᠣᠳᠠᠲᠠᠶ ᠲᠠᠢ ᠪᠠᠨ ᠤᠶᠠᠯᠳᠤᠭᠤᠯᠤᠨ᠂ ᠲᠥᠷᠥᠯ ᠵᠦᠢᠯ ᠤᠨ ᠣᠷᠣᠨ ᠤ ᠭᠠᠵᠠᠷ ᠰᠢᠷᠣᠶ ᠶᠢᠨ  ᠡᠷᠭᠢᠯᠲᠡ ᠶᠢᠨ ᠨᠣᠷᠮ᠎ᠠ ᠶᠢ 60% ᠠᠴᠠ ᠳᠡᠭᠡᠭᠰᠢ ᠳᠤ ᠬᠦᠷᠭᠡᠬᠦ ᠶᠢ ᠱᠠᠭᠠᠷᠳᠠᠨ᠎ᠠ᠃        ᠭᠤᠷᠪᠠ᠂ ᠪᠥᠳᠥᠭᠡᠨ ᠪᠠᠶᠢᠭᠤᠯᠤᠯᠲᠠ ᠶᠢᠨ ᠡᠭᠦᠷᠭᠡ  ︵ᠨᠢᠭᠡ︶ 2021 ᠣᠨ ᠤ ᠪᠥᠲᠥᠭᠡᠨ ᠪᠠᠶᠢᠭᠤᠯᠤᠯᠲᠠ ᠶᠢᠨ ᠡᠭᠦᠷᠭᠡ 51.2 ᠲᠦᠮᠡᠨ ᠮᠥ᠂ ᠡᠭᠦᠨ ᠳᠤ ᠬᠠᠭᠤᠷᠠᠶ ᠲᠠᠷᠢᠶᠠᠯᠠᠭ᠎ᠠ ᠶᠢᠨ ᠥᠨᠳᠥᠷ ᠪᠠᠷᠢᠮᠵᠢᠶᠠᠲᠤ  ᠲᠠᠷᠢᠶᠠᠨ ᠭᠠᠵᠠᠷ 1.2 ᠲᠦᠮᠡᠨ ᠮᠥ᠃  ︵ᠬᠤᠶᠠᠷ︶ 2022 — 2025 ᠣᠨ ᠳᠤ 214 ᠲᠦᠮᠡᠨ ᠮᠥ ᠶᠢ ᠬᠡᠷᠡᠭᠵᠢᠭᠦᠯᠬᠦ ᠪᠠᠷ ᠲᠥᠯᠥᠪᠯᠡᠵᠦ᠂ ᠡᠭᠦᠨ ᠳᠤ 37 ᠲᠦᠮᠡᠨ ᠮᠥ ᠶᠢ ᠰᠢᠨ᠎ᠡ ᠪᠠᠷ  ᠪᠠᠶᠢᠭᠤᠯᠵᠤ᠂ 177 ᠲᠦᠮᠡᠨ ᠮᠥ ᠶᠢ ᠥᠭᠡᠷᠡᠴᠢᠯᠡᠨ ᠰᠠᠶᠢᠵᠢᠷᠠᠭᠤᠯᠤᠨ᠎ᠠ᠃ 2022 ᠣᠨ ᠳᠤ 37 ᠲᠦᠮᠡᠨ ᠮᠥ ᠶᠢ ᠰᠢᠨ᠎ᠡ ᠪᠠᠷ ᠪᠠᠶᠢᠭᠤᠯᠬᠤ ᠪᠠᠷ   ᠲᠥᠯᠥᠪᠯᠡᠨ᠎ᠡ︔ 2023 — 2025 ᠣᠨ ᠳᠤ ᠵᠢᠯ ᠪᠦᠷᠢ 59 ᠲᠦᠮᠡᠨ ᠮᠥ ᠶᠢ ᠥᠭᠡᠷᠡᠴᠢᠯᠡᠨ  ᠰᠠᠶᠢᠵᠢᠷᠠᠭᠤᠯᠤᠨ᠎ᠠ︔ 2025 ᠣᠨ ᠪᠣᠯᠬᠤ ᠳᠤ᠂  ᠪᠥᠬᠦ ᠬᠤᠲᠠ ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠨᠡᠶᠢᠲᠡ 314 ᠲᠦᠮᠡᠨ ᠮᠥ ᠪᠠᠶᠢᠭᠤᠯᠤᠨ᠎ᠠ᠃  ︵ᠭᠤᠷᠪᠠ︶ 2026 — 2030 ᠣᠨ ᠳᠤ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠥᠷᠥᠯ ᠵᠦᠢᠯ ᠤᠨ ᠪᠠᠯᠠ ᠮᠥᠩᠭᠦ ᠶᠢ ᠢᠳᠡᠪᠬᠢᠲᠡᠶ  ᠴᠢᠷᠮᠠᠶᠢᠨ ᠣᠯᠵᠤ᠂ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠬᠦ ᠪᠠ ᠬᠤᠵᠢᠷᠯᠢᠬ ᠭᠠᠵᠠᠷ ᠢ ᠰᠠᠶᠢᠵᠢᠷᠠᠭᠤᠯᠬᠤ ᠪᠠᠷ ᠭᠤᠤᠯ ᠪᠣᠯᠭᠠᠬᠤ ᠶᠢᠨ ᠬᠠᠮᠲᠤ  ᠵᠢᠯ ᠪᠦᠷᠢ 2 ᠲᠦᠮᠡᠨ ᠮᠥ ᠬᠠᠭᠤᠷᠠᠶ ᠲᠠᠷᠢᠶᠠᠯᠠᠭ᠎ᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠵᠤ᠂ 2030 ᠣᠨ ᠪᠣᠯᠬᠤ ᠳᠤ  ᠪᠥᠬᠦ ᠬᠤᠲᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 324 ᠲᠦᠮᠡᠨ ᠮᠥ ᠳᠤ ᠬᠦᠷᠭᠡᠨ᠎ᠡ᠃        ᠳᠥᠷᠪᠡ᠂ ᠪᠥᠲᠥᠭᠡᠨ ᠪᠠᠶᠢᠭᠤᠯᠤᠯᠲᠠ ᠶᠢᠨ ᠬᠠᠷᠠᠯᠲᠠ  ︵ᠨᠢᠭᠡ︶ ᠲᠦᠷᠦᠯ ᠵᠦᠢᠯ ᠢ ᠬᠡᠷᠡᠭᠵᠢᠭᠦᠯᠬᠦ ᠪᠠᠷ ᠳᠠᠮᠵᠢᠭᠤᠯᠤᠨ᠂ ᠬᠤᠳᠠ ᠶᠢᠨ ᠨᠠᠮ ᠤᠨ ᠬᠤᠷᠢᠶ᠎ᠠ᠂  ᠬᠤᠲᠠ ᠶᠢᠨ ᠵᠠᠰᠠᠭ ᠤᠨ ᠣᠷᠳᠣᠨ ᠤ ᠳᠤᠷᠠᠳᠤᠭᠰᠠᠨ ︽ ᠬᠤᠶᠠᠷ ᠢ ᠨᠡᠮᠡᠭᠳᠡᠭᠦᠯᠬᠦ᠂ ᠲᠦᠷᠪᠡ ᠶᠢ ᠬᠢᠵᠠᠭᠠᠷᠯᠠᠬᠤ᠂ ᠲᠤᠯᠤᠭ᠎ᠠ ᠶᠢ ᠢᠵᠢ ᠪᠦᠷᠢᠳᠦᠭᠦᠯᠬᠦ︾ ᠪᠠᠷᠢᠮᠵᠢᠶ᠎ᠠ ᠳᠤ ᠬᠦᠷᠭᠡᠨ᠎ᠡ᠂ ︽ᠬᠤᠶᠠᠷ ᠢ ᠨᠡᠮᠡᠭᠳᠡᠭᠦᠯᠬᠦ︾  ᠭᠡᠳᠡᠭ ᠨᠢ ᠳᠠᠷᠤᠶ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠵᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ᠂ ᠠᠮᠤ ᠪᠤᠳᠠᠭᠠᠨ ᠤ ᠤᠨᠠᠯᠲᠠ ᠶᠢ 10  %— 20 % ᠪᠠᠷ ᠨᠡᠮᠡᠭᠳᠡᠭᠦᠯᠵᠦ᠂ ᠲᠠᠷᠢᠶᠠᠴᠢᠳ ᠤᠨ ᠣᠷᠣᠯᠭ᠎ᠠ ᠶᠢ ᠮᠦ ᠪᠦᠷᠢ 300 ᠲᠥᠭᠦᠷᠢᠭ ᠣᠷᠴᠢᠮ ᠨᠡᠮᠡᠭᠳᠡᠭᠦᠯᠦᠨ᠎ᠡ︔ ︽ᠲᠦᠷᠪᠡ ᠶᠢ  ᠬᠢᠵᠠᠭᠠᠷᠯᠠᠬᠤ︾ ᠭᠡᠳᠡᠭ ᠨᠢ ᠳᠠᠷᠤᠶ ᠤᠰᠤ ᠶᠢ ᠬᠢᠵᠠᠭᠠᠷᠯᠠᠬᠤ᠂ ᠪᠤᠷᠳᠤᠭᠤᠷ ᠢ ᠬᠢᠵᠠᠭᠠᠷᠯᠠᠬᠤ᠂ ᠡᠮ ᠢ ᠬᠢᠵᠠᠭᠠᠷᠯᠠᠬᠤ᠂ ᠪᠦᠷᠬᠦᠪᠴᠢ ᠶᠢ ᠬᠢᠵᠠᠭᠠᠷᠯᠠᠬᠤ᠂  ᠥᠨᠳᠥᠷ ᠪᠦᠲᠦᠮᠵᠢᠲᠡᠶ ᠤᠰᠤ ᠠᠷᠪᠢᠯᠠᠨ ᠳᠤᠰᠤᠯᠭᠠᠨ ᠤᠰᠤᠯᠠᠵᠤ ᠤᠰᠤ ᠶᠢ ᠳᠤᠮᠳᠠᠴᠢ ᠪᠠᠷ 40 % ᠠᠴᠠ ᠳᠡᠭᠡᠭᠰᠢ ᠠᠷᠪᠢᠯᠠᠵᠤ᠂ ᠳᠣᠲᠤᠷᠯᠠᠭᠰᠠᠨ  ᠰᠤᠪᠠᠭ ᠢᠶᠠᠷ ᠤᠰᠤᠯᠠᠨ ᠤᠰᠤ ᠶᠢ ᠳᠤᠮᠳᠠᠴᠢ ᠪᠠᠷ 15 % ᠣᠷᠴᠢᠮ ᠠᠷᠪᠢᠯᠠᠵᠤ᠂ ᠬᠢᠮᠢ ᠶᠢᠨ ᠪᠤᠷᠳᠤᠭᠤᠷ᠂ ᠲᠠᠷᠢᠶᠠᠨ ᠡᠮ᠂ ᠰᠦᠯᠢᠶᠣᠣ ᠪᠦᠷᠬᠦᠪᠴᠢ ᠶᠢ  ᠬᠡᠷᠡᠭᠯᠡᠬᠦ ᠬᠡᠮᠵᠢᠶ᠎ᠡ ᠶᠢ ᠵᠢᠯ ᠳᠠᠷᠠᠭᠠᠯᠠᠨ ᠪᠠᠭᠠᠰᠬᠠᠵᠤ᠂ ᠰᠥᠭᠡᠷᠭᠦ ᠨᠡᠮᠡᠭᠳᠡᠯ ᠢ ᠪᠡᠶᠡᠯᠡᠭᠦᠯᠦᠨ᠎ᠡ︔ ︽ᠲᠤᠯᠤᠭ᠎ᠠ ᠶᠢ ᠢᠵᠢ ᠪᠦᠷᠢᠳᠦᠭᠦᠯᠬᠦ︾ ᠭᠡᠳᠡᠭ ᠨᠢ ᠲᠠᠷᠢᠶ᠎ᠠ᠂ ᠤᠰᠤ᠂ ᠵᠠᠮ᠂ ᠰᠤᠪᠠᠭ᠂ ᠤᠢ ᠰᠢᠭᠤᠶ᠂ ᠴᠠᠬᠢᠯᠭᠠᠨ᠂ ᠮᠡᠷᠭᠡᠵᠢᠯ ᠢ ᠶᠡᠷᠦᠩᠬᠡᠶᠢᠯᠡᠨ ᠢᠵᠢ ᠪᠦᠷᠢᠳᠦᠭᠦᠯᠦᠨ ᠲᠡᠭᠦᠯᠳᠡᠷᠵᠢᠭᠦᠯᠬᠦ ᠶᠢ ᠬᠡᠯᠡᠵᠦ ᠪᠠᠶᠢᠨ᠎ᠠ᠃  ︵ᠬᠤᠶᠠᠷ︶ ᠪᠠᠯᠠ ᠣᠷᠣᠭᠤᠯᠤᠯᠲᠠ ᠶᠢᠨ ᠲᠥᠯᠥᠪᠯᠡᠭᠡ᠄ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠲᠥᠯᠥᠪᠯᠡᠭᠡ ᠨᠢ 1500 ᠲᠥᠭᠦᠷᠢᠭ / ᠮᠥ᠂  ᠤᠯᠤᠰ᠂ ᠥᠪᠡᠷᠲᠡᠭᠡᠨ ᠵᠠᠰᠠᠬᠤ ᠣᠷᠣᠨ ᠤ ᠨᠥᠬᠦᠪᠥᠷᠢ ᠪᠠᠯᠠ ᠮᠥᠩᠭᠦ ᠠᠴᠠ ᠭᠠᠳᠠᠨ᠎ᠠ᠂  ᠦᠯᠡᠳᠡᠭᠰᠡᠨ ᠬᠡᠰᠡᠭ ᠢ ᠬᠤᠲᠠ᠂ ᠬᠤᠰᠢᠭᠤ ᠰᠢᠶᠠᠨ  ᠲᠣᠭᠤᠷᠢᠭ ᠠᠴᠠ 1᠄ 1 ᠶᠢᠨ ᠬᠠᠷᠢᠴᠠᠯ ᠢᠶᠠᠷ ᠢᠵᠢ ᠪᠥᠷᠢᠳᠦᠭᠦᠯᠵᠦ᠂ ᠡᠯ᠎ᠡ ᠲᠥᠷᠥᠯ ᠵᠦᠢᠯ ᠤᠨ ᠬᠤᠰᠢᠭᠤ ᠰᠢᠶᠠᠨ ᠲᠣᠭᠤᠷᠢᠭ ᠠᠴᠠ ᠢᠵᠢ ᠪᠥᠷᠢᠳᠦᠭᠦᠯᠬᠦ  ᠪᠠᠯᠠ ᠮᠥᠩᠭᠦ ᠶᠢᠨ ᠲᠠᠯ᠎ᠠ ᠪᠠᠷ ᠠᠮᠠᠯᠠᠯᠲᠠ ᠬᠢᠵᠦ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠯᠤᠭ᠎ᠠ ᠬᠠᠷᠢᠭᠤᠴᠠᠯᠭ᠎ᠠ ᠶᠢᠨ ᠪᠢᠴᠢᠭ ᠲᠣᠭᠲᠠᠨ᠎ᠠ᠂  2022 ᠣᠨ ᠳᠤ ᠬᠤᠲᠠ ᠶᠢᠨ ᠲᠣᠰ ᠱᠠᠲᠤ 8000 ᠲᠦᠮᠡᠨ ᠲᠥᠭᠦᠷᠢᠭ ︵216 ᠲᠥᠭᠦᠷᠢᠭ / ᠮᠥ︶ ᠤᠨ ᠪᠠᠯᠠ ᠮᠥᠩᠭᠦ ᠶᠢ ᠢᠵᠢ  ᠪᠦᠷᠢᠳᠦᠭᠦᠯᠦᠨ᠎ᠡ︔ ᠥᠭᠡᠷᠡᠴᠢᠯᠡᠨ ᠰᠠᠶᠢᠵᠢᠷᠠᠭᠤᠯᠬᠤ ᠲᠥᠷᠥᠯ ᠵᠦᠢᠯ ᠢ ᠮᠥ ᠪᠦᠷᠢ ᠳᠤ 1000 ᠲᠥᠭᠦᠷᠢᠭ ᠢᠶᠠᠷ ᠲᠥᠯᠥᠪᠯᠡᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ ᠤ  ᠨᠥᠬᠦᠪᠥᠷᠢ ᠪᠠᠯᠠ ᠮᠥᠩᠭᠦ ᠠᠴᠠ ᠭᠠᠳᠠᠨ᠎ᠠ᠂ ᠦᠯᠡᠳᠡᠭᠰᠡᠨ ᠪᠠᠯᠠ ᠮᠥᠩᠭᠦ ᠶᠢ ᠬᠤᠲᠠ᠂ ᠰᠢᠶᠠᠨ ᠤ ᠱᠠᠲᠤᠨ ᠤ ᠡᠳ᠋ ᠤᠨ ᠵᠠᠰᠠᠭ ᠠᠴᠠ ᠬᠠᠮᠲᠤᠪᠠᠷ ᠢᠵᠢ  ᠪᠥᠷᠢᠳᠦᠭᠦᠯᠦᠨ᠎ᠡ᠃ ᠡᠭᠦᠨ  ᠤ ᠵᠡᠷᠭᠡᠪᠡᠷ᠂ ᠪᠥᠳᠥᠭᠡᠨ ᠪᠠᠶᠢᠭᠤᠯᠤᠯᠲᠠ ᠶᠢᠨ ᠣᠨ ᠤ ᠡᠭᠦᠷᠭᠡ ᠶᠢᠨ ᠶᠣᠰᠣᠭᠠᠷ᠂ ᠲᠥᠷᠥᠯ ᠵᠦᠢᠯ ᠤᠨ ᠬᠤᠰᠢᠭᠤ ᠰᠢᠶᠠᠨ  ᠲᠣᠭᠤᠷᠢᠭ ᠠᠴᠠ 10 ᠲᠥᠭᠦᠷᠢᠭ /  ᠮᠦ ᠶᠢᠨ ᠪᠠᠷᠢᠮᠵᠢᠶ᠎ᠠ ᠪᠠᠷ ᠬᠠᠮᠢᠶᠠᠷᠴᠤ ᠬᠠᠮᠠᠭᠠᠯᠠᠬᠤ ᠵᠠᠷᠤᠳᠠᠯ ᠲᠣᠬᠢᠷᠠᠭᠤᠯᠤᠨ᠎ᠠ᠃        ᠲᠠᠪᠤ᠂  ᠪᠦᠲᠦᠭᠡᠨ ᠪᠠᠶᠢᠭᠤᠯᠤᠯᠲᠠ ᠶᠢᠨ ᠠᠭᠤᠯᠭ᠎ᠠ  ︵ᠨᠢᠭᠡ︶ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢᠨ ᠠᠭᠤᠯᠭ᠎ᠠ  ᠤᠯᠤᠰ ᠤᠨ ︽ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠶᠡᠷᠦᠩᠬᠡᠶ ᠲᠦᠷᠢᠮ︾ ︵GB/T30600 — 2014︶  ᠤᠨ ᠮᠡᠷᠭᠡᠵᠢᠯ ᠤᠨ ᠪᠠᠷᠢᠮᠵᠢᠶ᠎ᠠ ᠶᠢᠨ ᠱᠠᠭᠠᠷᠳᠠᠯᠭ᠎ᠠ ᠶᠣᠰᠣᠭᠠᠷ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠭᠤᠯᠭ᠎ᠠ ᠳᠤ  ᠭᠤᠤᠯᠳᠠᠭᠤ᠄ ᠭᠠᠵᠠᠷ ᠢ ᠲᠡᠭᠰᠢᠯᠡᠬᠦ᠂ ᠬᠥᠷᠥᠰᠥ ᠰᠢᠷᠣᠶ ᠶᠢ ᠰᠠᠶᠢᠵᠢᠷᠠᠭᠤᠯᠬᠤ ᠪᠠ ᠰᠢᠮᠡᠵᠢᠭᠦᠯᠬᠦ᠂ ᠤᠰᠤᠯᠠᠬᠤ ᠪᠠ ᠤᠰᠤ ᠭᠠᠳᠠᠭᠰᠢᠯᠠᠭᠤᠯᠬᠤ᠂ ᠲᠠᠷᠢᠶᠠᠨ  ᠳᠤᠮᠳᠠᠬᠢ ᠵᠠᠮ᠂ ᠲᠠᠷᠢᠶᠠᠨ ᠭᠠᠵᠠᠷ ᠤᠨ ᠬᠠᠮᠠᠭᠠᠯᠠᠯᠲᠠ ᠪᠠ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ  ᠦᠢᠯᠡᠴᠢᠯᠡᠭᠡ ᠪᠠ ᠪᠠᠶᠢᠭᠤᠯᠵᠤ ᠳᠠᠭᠤᠰᠤᠭᠰᠠᠨ ᠤ ᠳᠠᠷᠠᠭᠠᠬᠢ ᠬᠠᠮᠢᠶᠠᠷᠤᠯᠲᠠ ᠬᠠᠮᠠᠭᠠᠯᠠᠯᠲᠠ ᠵᠡᠷᠭᠡ ᠪᠠᠭᠲᠠᠨ᠎ᠠ᠃  1. ᠭᠠᠵᠠᠷ ᠲᠡᠭᠰᠢᠯᠡᠬᠦ ᠲᠠᠷᠢᠶᠠᠨ ᠭᠠᠵᠠᠷ ᠤᠨ ᠳᠣᠲᠣᠷᠠᠬᠢ ᠢᠯᠡᠭᠦᠴᠡ ᠲᠠᠷᠢᠶᠠᠨ ᠳᠠᠯᠠᠩ᠂ ᠳᠣᠪᠣᠴᠠᠭ ᠢ  ᠴᠡᠪᠡᠷᠯᠡᠵᠦ ᠵᠦᠭᠡᠭᠡᠪᠦᠷᠢᠯᠡᠵᠦ ᠭᠠᠷᠭᠠᠨ᠎ᠠ︔ ᠵᠣᠷᠢᠭᠤᠳᠠ ᠶᠢᠨ ᠪᠤᠶᠤ  ᠪᠠᠶᠢᠭᠠᠯᠢ ᠶᠢᠨ ᠬᠦᠴᠦᠨ ᠵᠦᠢᠯ ᠠᠴᠠ ᠪᠣᠯᠤᠭᠰᠠᠨ ᠮᠧᠬᠠᠨᠢᠭᠵᠢᠭᠤᠯᠤᠨ ᠠᠵᠢᠯᠯᠠᠬᠤ ᠶᠢ ᠨᠥᠯᠥᠭᠡᠯᠡᠬᠦ  ᠬᠡᠷᠡᠭᠯᠡᠭᠡᠨ ᠠᠴᠠ ᠭᠠᠷᠤᠭᠰᠠᠨ ᠰᠤᠪᠠᠭ᠂ ᠵᠠᠮ᠂  ᠬᠤᠪᠠᠭ᠋ᠠᠶ ᠮᠣᠳᠣ᠂ ᠰᠤᠯᠠ ᠲᠦᠷ ᠴᠠᠭ ᠤᠨ ᠪᠠᠷᠢᠯᠭ᠎ᠠ ᠪᠠ ᠬᠤᠭ ᠨᠣᠪᠰᠢ ᠡᠯᠳᠡᠪ ᠪᠣᠳᠠᠰ ᠢ ᠴᠡᠪᠡᠷᠯᠡᠨ᠎ᠡ︔ ᠭᠤᠤᠯ ᠵᠠᠮ ᠤᠨ ᠬᠤᠶᠠᠷ ᠬᠠᠵᠠᠭᠤ ᠶᠢᠨ  ᠲᠠᠷᠢᠶᠠᠯᠠᠬᠤ ᠭᠠᠵᠠᠷ ᠤᠨ ᠳᠤᠮᠳᠠᠬᠢ ᠡᠵᠡᠭᠦᠶ ᠲᠠᠩ ᠬᠤᠭᠤᠰᠣᠨ ᠭᠠᠵᠠᠷ᠂ ᠨᠠᠮᠤᠭ ᠭᠠᠵᠠᠷ᠂ ᠬᠤᠲᠣᠭᠤᠷ ᠭᠠᠵᠠᠷ ᠲᠤ ᠤᠰᠤ ᠬᠤᠷᠠᠬᠤ ᠶᠢ ᠵᠠᠰᠠᠨ᠎ᠠ︔  ᠲᠠᠷᠢᠶᠠᠨ ᠭᠠᠵᠠᠷ ᠲᠠᠷᠬᠠᠵᠤ ᠪᠠᠶᠢᠭ᠎ᠠ ᠪᠤᠯᠠᠰᠢ ᠶᠢ ᠲᠤᠬᠠᠶ ᠶᠢᠨ ᠭᠠᠵᠠᠷ ᠤᠨ ᠵᠠᠩ ᠳᠠᠳᠬᠠᠯ ᠢ ᠬᠦᠨᠳᠦᠳᠬᠡᠵᠦ᠂ ᠲᠣᠬᠢᠷᠠᠮᠵᠢᠲᠠᠶ ᠬᠤᠭᠤᠰᠣᠨ ᠭᠠᠵᠠᠷ ᠢ  ᠰᠣᠩᠭᠤᠵᠤ ᠪᠠᠭ᠎ᠠ ᠬᠡᠯᠪᠡᠷᠢ ᠶᠢᠨ ᠨᠡᠶᠢᠲᠡ ᠶᠢᠨ ᠪᠤᠯᠠᠰᠢ ᠪᠠᠶᠢᠭᠤᠯᠤᠨ ᠲᠥᠪᠯᠡᠷᠡᠭᠦᠯᠦᠨ ᠣᠷᠤᠰᠢᠭᠤᠯᠵᠤ᠂ ᠨᠢᠭᠡᠳᠦᠯᠲᠡᠶ ᠬᠠᠮᠢᠶᠠᠷᠤᠨ᠎ᠠ᠃  2. ᠬᠥᠷᠥᠰᠥ ᠰᠢᠷᠣᠶ ᠶᠢ ᠰᠠᠶᠢᠵᠢᠷᠠᠭᠤᠯᠬᠤ ᠪᠠ ᠰᠢᠮᠡᠵᠢᠭᠦᠯᠬᠦ‍ ᠨᠢᠭᠡ ᠳᠤ ᠲᠠᠷᠢᠶᠠᠯᠠᠩ ᠵᠦᠢ ᠶᠢᠨ ᠠᠷᠭ᠎ᠠ ᠬᠡᠮᠵᠢᠶ᠎ᠡ᠂ ᠭᠤᠣᠯᠳᠠᠭᠤ ᠣᠷᠭᠠᠨᠢᠭ ᠪᠤᠷᠳᠤᠭᠤᠷ ᠨᠡᠮᠡᠵᠦ ᠣᠷᠣᠭᠤᠯᠬᠤ᠂ ᠳᠡᠭᠡᠭᠦᠷ ᠨᠢ ᠰᠦᠯᠢᠶᠤᠤ ᠪᠦᠷᠬᠦᠪᠴᠢ  ᠪᠦᠷᠬᠦᠬᠦ᠂ ᠳᠤᠤᠭᠤᠷ ᠨᠢ ᠡᠰᠢ ᠰᠦᠷᠡᠯ ᠳᠡᠪᠢᠰᠬᠦ᠂ ᠡᠰᠢ ᠰᠦᠷᠡᠯ ᠢ ᠲᠠᠷᠢᠶᠠᠨ ᠳᠤ ᠣᠷᠣᠭᠤᠯᠬᠤ᠂ ᠳᠠᠯᠳᠠ ᠬᠤᠭᠤᠯᠠᠶ ᠪᠠᠷ ᠤᠰᠤ ᠭᠠᠳᠠᠭᠰᠢᠯᠠᠭᠤᠯᠬᠤ᠂  ᠨᠣᠭᠤᠭᠠᠨ ᠪᠤᠷᠳᠤᠭᠤᠷ ᠲᠠᠷᠢᠬᠤ ᠵᠡᠷᠭᠡ ᠠᠷᠭ᠎ᠠ ᠬᠡᠮᠵᠢᠶ᠎ᠡ᠂ ᠬᠤᠶᠠᠷ ᠲᠤ ᠢᠨᠵᠧᠨᠧᠷᠢᠩ ᠤᠨ ᠠᠷᠭ᠎ᠠ ᠬᠡᠮᠵᠢᠶ᠎ᠡ᠂ ᠭᠤᠣᠯᠳᠠᠭᠤ ᠤᠰᠤ ᠭᠠᠳᠠᠭᠰᠢᠯᠠᠭᠤᠯᠬᠤ  ᠢᠨᠵᠧᠨᠧᠷᠢᠩ ᠢᠶᠠᠷ ᠬᠥᠷᠥᠰᠥ ᠰᠢᠷᠣᠶ ᠳᠣᠲᠣᠷᠠᠬᠢ ᠳᠠᠪᠤᠰᠤᠨ ᠤ ᠬᠡᠮᠵᠢᠶ᠎ᠡ ᠶᠢ ᠴᠠᠭ ᠲᠤᠬᠠᠢ ᠳᠤᠨᠢ ᠭᠠᠳᠠᠭᠰᠢᠯᠠᠭᠤᠯᠵᠤ᠂  ᠬᠤᠵᠢᠷᠰᠢᠭᠰᠠᠨ ᠭᠠᠵᠠᠷ ᠤᠨ  ᠳᠠᠪᠤᠰᠤᠨ ᠤ ᠬᠡᠮᠵᠢᠶ᠎ᠡ ᠶᠢ ᠪᠠᠭᠠᠰᠬᠠᠨ᠎ᠠ︔ ᠭᠤᠷᠪᠠ ᠳᠤ ᠠᠮᠢᠳᠤ ᠪᠤᠳᠠᠰ ᠬᠢᠮᠢ ᠶᠢᠨ ᠠᠷᠭ᠎ᠠ ᠬᠡᠮᠵᠢᠶ᠎ᠡ ᠶᠢ ᠬᠡᠷᠡᠭᠯᠡᠨ᠂ ᠬᠦᠬᠦᠷ ᠦᠭᠡᠶᠢᠳᠡᠭᠦᠯᠦᠭᠰᠡᠨ ᠵᠤᠭᠠᠩ᠂  ᠬᠦᠷᠦᠰᠦ ᠰᠢᠷᠤᠢ ᠶᠢ ᠰᠠᠶᠢᠵᠢᠷᠠᠭᠤᠯᠬᠤ ᠡᠮ ᠨᠡᠮᠡᠬᠦ ᠵᠡᠷᠭᠡ ᠠᠷᠭ᠎ᠠ ᠬᠡᠮᠵᠢᠶ᠎ᠡ ᠨᠦᠭᠦᠳ ᠢ ᠬᠡᠷᠡᠭᠯᠡᠬᠦ ᠪᠠᠷ ᠳᠠᠮᠵᠢᠭᠤᠯᠤᠨ᠂ ᠲᠠᠷᠢᠶᠠᠯᠠᠬᠤ ᠭᠠᠵᠠᠷ ᠲᠠᠬᠢ ᠤᠷᠭᠠᠨᠢᠭ  ᠪᠤᠳᠠᠰ ᠤᠨ ᠠᠭᠤᠯᠤᠭᠳᠠᠴᠠ ᠶᠢ 0.1-0.3 ᠵᠠᠭᠤᠨ ᠤ ᠬᠤᠪᠢ ᠳᠡᠭᠡᠭᠰᠢᠯᠡᠭᠦᠯᠵᠦ᠂ ᠲᠠᠷᠢᠶᠠᠯᠠᠬᠤ ᠭᠠᠵᠠᠷ ᠤᠨ ᠶᠠᠰᠤ ᠴᠢᠨᠠᠷ ᠢ 0.3 ᠳᠡᠰ ᠳᠡᠭᠡᠭᠰᠢᠯᠡᠭᠦᠯᠦᠨ᠎ᠡ  ᠃  3. ᠤᠰᠤᠯᠠᠬᠤ ᠪᠠ ᠤᠰᠤ ᠭᠠᠳᠠᠭᠰᠢᠯᠠᠭᠤᠯᠬᠤ ᠤᠰᠤᠯᠠᠬᠤ ᠪᠠ ᠤᠰᠤ ᠭᠠᠳᠠᠭᠰᠢᠯᠠᠭᠤᠯᠬᠤ ᠢᠨᠵᠧᠨᠧᠷᠢᠩ ᠳᠤ ᠤᠰᠤᠨ ᠤ ᠰᠤᠷᠪᠤᠯᠵᠢ ᠶᠢᠨ ᠢᠨᠵᠧᠨᠧᠷᠢᠩ᠂ ᠤᠰᠤ ᠳᠠᠮᠵᠢᠭᠤᠯᠬᠤ ᠢᠨᠵᠧᠨᠧᠷᠢᠩ᠂ ᠪᠢᠴᠢᠯ  ᠤᠰᠤᠯᠠᠯᠲᠠ᠂ ᠳᠤᠰᠤᠯᠭᠠᠨ ᠤᠰᠤᠯᠠᠬᠤ ᠢᠨᠵᠧᠨᠧᠷᠢᠩ᠂ ᠤᠰᠤ  ᠭᠠᠳᠠᠭᠰᠢᠯᠠᠭᠤᠯᠬᠤ ᠢᠨᠵᠧᠨᠧᠷᠢᠩ᠂ ᠰᠤᠪᠠᠭ ᠤᠨ ᠰᠢᠰᠲ᠋ᠧᠮ ᠤᠨ ᠪᠠᠷᠢᠯᠭ᠎ᠠ ᠶᠢᠨ  ᠢᠨᠵᠧᠨᠧᠷᠢᠩ ᠪᠠ ᠬᠡᠷᠡᠭᠯᠡᠭᠰᠡᠨ ᠤᠰᠤ ᠶᠢ ᠬᠡᠮᠵᠢᠬᠦ ᠪᠠ ᠰᠦᠢᠳᠬᠡᠯ ᠪᠤᠳᠤᠬᠤ ᠪᠡᠯᠡᠳᠬᠡᠮᠵᠢ ᠶᠢ ᠢᠵᠢ ᠪᠦᠷᠢᠳᠦᠭᠦᠯᠦᠨ ᠤᠭᠰᠠᠷᠠᠬᠤ ᠢᠨᠵᠧᠨᠧᠷᠢᠩ ᠵᠡᠷᠭᠡ  ᠪᠠᠭᠲᠠᠨ᠎ᠠ᠃ ᠤᠰᠤᠨ ᠤ ᠡᠬᠢ ᠰᠤᠷᠪᠤᠯᠵᠢ ᠶᠢ ᠠᠰᠢᠭᠯᠠᠬᠤ ᠳᠠᠭᠠᠨ ᠭᠠᠵᠠᠷ ᠳᠡᠭᠡᠷᠡᠬᠢ ᠤᠰᠤ ᠪᠠᠷ ᠭᠤᠣᠯ ᠪᠣᠯᠭᠠᠵᠤ᠂ ᠭᠠᠵᠠᠷ ᠳᠣᠣᠷᠠᠬᠢ ᠤᠰᠤ ᠶᠢ ᠵᠦᠢ  ᠵᠣᠬᠢᠰᠲᠠᠶ ᠬᠡᠷᠡᠭᠯᠡᠵᠦ᠂ ᠭᠦᠨ ᠳᠠᠪᠬᠤᠷᠭ᠎ᠠ ᠶᠢᠨ ᠭᠠᠵᠠᠷ ᠳᠣᠣᠷᠠᠬᠢ ᠤᠰᠤ ᠶᠢ ᠨᠡᠭᠡᠭᠡᠨ ᠮᠠᠯᠲᠠᠬᠤ ᠶᠢ ᠴᠢᠩᠭ᠎ᠠ ᠬᠢᠵᠠᠭᠠᠷᠯᠠᠵᠤ᠂ ᠤᠰᠤ  ᠭᠠᠳᠠᠭᠰᠢᠯᠠᠭᠤᠯᠬᠤ  ᠪᠠᠷᠢᠯᠭ᠎ᠠ ᠨᠢ ᠲᠠᠷᠢᠶᠠᠨ ᠭᠠᠵᠠᠷ ᠤᠨ ᠤᠰᠤᠲᠤᠯ ᠢ ᠵᠠᠯᠠᠬᠤ᠂ ᠬᠥᠷᠥᠰᠥ ᠰᠢᠷᠣᠶ ᠶᠢᠨ ᠬᠤᠵᠢᠷᠰᠢᠬᠤ ᠶᠢ ᠰᠡᠷᠭᠡᠶᠢᠯᠡᠨ ᠵᠠᠰᠠᠬᠤ ᠵᠡᠷᠭᠡ ᠱᠠᠭᠠᠷᠳᠠᠯᠭ᠎ᠠ ᠶᠢ ᠬᠠᠩᠭᠠᠨ᠎ᠠ  ᠃ 4.ᠲᠠᠷᠢᠶᠠᠨ ᠳᠤᠮᠳᠠᠬᠢ ᠵᠠᠮ ᠲᠠᠷᠢᠶᠠᠨ ᠳᠤᠮᠳᠠᠬᠢ ᠵᠠᠮ ᠤᠨ ᠢᠨᠵᠧᠨᠧᠷᠢᠩ ᠳᠤ ᠲᠠᠷᠢᠶᠠᠨ ᠳᠤᠮᠳᠠᠬᠢ ᠵᠠᠮ ︵ᠮᠠᠰᠢᠨ ᠢᠶᠠᠷ ᠲᠠᠷᠢᠶᠠᠯᠠᠬᠤ ᠵᠠᠮ︶ ᠪᠠ ᠦᠢᠯᠡᠳᠪᠦᠷᠢᠯᠡᠯ ᠤᠨ ᠵᠠᠮ ᠪᠠᠭᠲᠠᠨ᠎ᠠ᠃  ᠬᠠᠶᠢᠷ ᠴᠢᠯᠠᠭᠤᠨ ᠵᠠᠮ ᠤᠨ ᠭᠠᠳᠠᠷᠭᠤ ᠪᠠᠷ ᠭᠤᠣᠯ ᠪᠣᠯᠭᠠᠨ᠂ ᠲᠠᠷᠢᠶᠠᠨ ᠳᠤᠮᠳᠠᠬᠢ ᠵᠠᠮ ︵ᠮᠠᠰᠢᠨ ᠢᠶᠠᠷ ᠲᠠᠷᠢᠶᠠᠯᠠᠬᠤ ᠵᠠᠮ︶  ᠤᠨ ᠥᠷᠭᠡᠨ ᠤ ᠬᠡᠮᠵᠢᠶ᠎ᠡ ᠨᠢ 3   ᠮᠧᠲᠷ — 6 ᠮᠧᠲᠷ ᠪᠠᠶᠢᠵᠤ᠂ ᠦᠢᠯᠡᠳᠪᠦᠷᠢᠯᠡᠯ ᠤᠨ ᠵᠠᠮ ᠤᠨ ᠥᠷᠭᠡᠨ ᠨᠢ 3 ᠮᠧᠲᠷ ᠠᠴᠠ ᠶᠡᠭᠡ ᠪᠠᠶᠢᠵᠤ ᠪᠣᠯᠬᠤ ᠥᠭᠡᠢ᠂ ᠲᠠᠷᠢᠶᠠᠨ  ᠳᠤᠮᠳᠠᠬᠢ  ᠵᠠᠮ ᠤᠨ  ᠪᠠᠶᠢᠷᠢᠰᠢᠭᠤᠯᠤᠯᠲᠠ ᠶᠢ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠲᠠᠷᠢᠶᠠᠯᠠᠩ ᠤᠨ ᠦᠢᠯᠡᠳᠪᠦᠷᠢᠯᠡᠯ ᠤᠨ ᠠᠵᠢᠯ ᠤᠨ  ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠤᠯᠤᠨ᠂ ᠲᠠᠷᠢᠶᠠᠨ ᠳᠤᠮᠳᠠᠬᠢ ᠵᠠᠮ ᠤᠨ ᠨᠡᠪᠲᠡᠷᠡᠬᠦ ᠨᠤᠷᠮ᠎ᠠ ᠶᠢ ᠲᠠᠯ᠎ᠠ ᠭᠠᠵᠠᠷ ᠣᠷᠣᠨ  ᠳᠤ 100% ᠳᠤ ᠬᠦᠷᠭᠡᠵᠦ᠂  ᠳᠣᠪᠣᠷᠬᠠᠭ ᠣᠷᠣᠨ ᠳᠤ 90 % ᠠᠴᠠ ᠳᠣᠣᠷ᠎ᠠ ᠪᠠᠶᠢᠯᠭᠠᠵᠤ ᠪᠣᠯᠬᠤ ᠥᠭᠡᠢ᠂      5. ᠲᠠᠷᠢᠶᠠᠨ ᠭᠠᠵᠠᠷ ᠢ ᠬᠠᠮᠠᠭᠠᠯᠠᠬᠤ ᠪᠠ ᠠᠮᠢ ᠠᠬᠤᠶ ᠶᠢᠨ ᠣᠷᠴᠢᠨ  ᠲᠣᠭᠤᠷᠢᠨ ᠢ ᠪᠠᠲᠤᠯᠠᠬᠤ  ᠲᠠᠷᠢᠶᠠᠨ ᠭᠠᠵᠠᠷ ᠢ ᠬᠠᠮᠠᠭᠠᠯᠠᠬᠤ ᠪᠠ ᠠᠮᠢ ᠠᠬᠤᠶ ᠶᠢᠨ ᠣᠷᠴᠢᠨ ᠲᠣᠭᠤᠷᠢᠨ ᠢ ᠪᠠᠲᠤᠯᠠᠬᠤ ᠢᠨᠵᠧᠨᠧᠷᠢᠩ ᠳᠤ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠢ  ᠰᠢᠭᠤᠶ ᠶᠢᠨ ᠢᠨᠵᠧᠨᠧᠷᠢᠩ᠂ ᠡᠷᠭᠢ ᠳᠠᠯᠠᠩ ᠠᠴᠠ ᠬᠠᠮᠠᠭᠠᠯᠠᠬᠤ ᠢᠨᠵᠧᠨᠧᠷᠢᠩ ᠂ ᠭᠤᠤ ᠰᠤᠪᠠᠭ ᠢ ᠵᠠᠰᠠᠬᠤ ᠢᠨᠵᠧᠨᠧᠷᠢᠩ ᠪᠠ ᠨᠠᠯᠠᠤ ᠭᠠᠳᠠᠷᠭᠤ ᠠᠴᠠ  ᠬᠠᠮᠠᠭᠠᠯᠠᠬᠤ ᠢᠨᠵᠧᠨᠧᠷᠢᠩ ᠵᠡᠷᠭᠡ ᠪᠠᠭᠲᠠᠨ᠎ᠠ ᠃ ᠡᠩ ᠤᠨ ᠴᠢᠨᠠᠷᠲᠠᠶ ᠪᠠᠶᠢᠭᠠᠯᠢ ᠶᠢᠨ ᠭᠠᠶ ᠭᠠᠮᠰᠢᠭ ᠤᠨ ᠲᠠᠷᠢᠶᠠᠨ ᠭᠠᠵᠠᠷ ᠲᠤ ᠤᠴᠠᠷᠠᠭᠤᠯᠬᠤ ᠬᠤᠬᠢᠷᠠᠯ ᠢ  ᠪᠦᠲᠦᠮᠵᠢᠲᠡᠶ ᠪᠠᠷ ᠰᠡᠷᠭᠡᠶᠢᠯᠡᠨ ᠵᠠᠰᠠᠵᠤ᠂ ᠬᠠᠮᠠᠭᠠᠯᠠᠯᠲᠠ ᠳᠤ ᠣᠷᠤᠬᠤ ᠲᠠᠷᠢᠶᠠᠨ ᠭᠠᠵᠠᠷ ᠤᠨ ᠲᠠᠯᠠᠪᠠᠶ ᠶᠢᠨ ᠪᠥᠲᠥᠭᠡᠨ ᠪᠠᠶᠢᠭᠤᠯᠤᠯᠲᠠ ᠶᠢᠨ ᠣᠷᠣᠨ ᠤ  ᠲᠠᠯᠠᠪᠠᠶ ᠳᠠᠬᠢ ᠡᠵᠡᠯᠡᠬᠦ ᠬᠠᠷᠢᠴᠠᠯ ᠢ 90% ᠠᠴᠠ ᠳᠣᠤᠷ᠎ᠠ ᠪᠠᠶᠢᠯᠭᠠᠵᠤ ᠪᠣᠯᠬᠤ ᠥᠬᠡᠶ᠃  6.ᠲᠠᠷᠢᠶᠠᠨ ᠭᠠᠵᠠᠷ ᠲᠤ ᠴᠠᠬᠢᠯᠭᠠᠨ ᠬᠦᠷᠭᠡᠬᠦ ᠪᠠ ᠬᠦᠴᠦᠳᠡᠯ ᠥᠭᠡᠷᠡᠴᠢᠯᠡᠬᠦ ᠲᠠᠷᠢᠶᠠᠨ ᠭᠠᠵᠠᠷ ᠲᠤ ᠴᠠᠬᠢᠯᠭᠠᠨ ᠬᠦᠷᠭᠡᠬᠦ ᠪᠠ ᠬᠦᠴᠦᠳᠡᠯ ᠦᠭᠡᠷᠡᠴᠢᠯᠡᠬᠦ ᠢᠨᠵᠧᠨᠧᠷᠢᠩ ᠳᠤ ᠴᠠᠬᠢᠯᠭᠠᠨ ᠬᠦᠷᠭᠡᠬᠦ ᠱᠤᠭᠤᠮ ᠤᠨ ᠢᠨᠵᠧᠨᠧᠷᠢᠩ ᠪᠠ ᠬᠦᠴᠦᠳᠡᠯ  ᠥᠭᠡᠷᠡᠴᠢᠯᠡᠵᠦ ᠴᠠᠬᠢᠯᠭᠠᠨ ᠤᠭᠰᠠᠷᠠᠬᠤ ᠲᠣᠨᠣᠭᠯᠠᠯ ᠪᠠᠭᠲᠠᠨ᠎ᠠ᠃  ᠲᠠᠷᠢᠶᠠᠨ ᠭᠠᠵᠠᠷ ᠲᠤ ᠴᠠᠬᠢᠯᠭᠠᠨ ᠬᠦᠷᠭᠡᠬᠦ ᠪᠠ ᠬᠦᠴᠦᠳᠡᠯ ᠥᠭᠡᠷᠡᠴᠢᠯᠡᠬᠦ ᠢᠨᠵᠧᠨᠧᠷᠢᠩ ᠤᠨ ᠪᠠᠶᠢᠷᠢᠯᠠᠭᠤᠯᠤᠯᠲᠠ ᠶᠢ ᠲᠠᠷᠢᠶᠠᠨ ᠳᠤᠮᠳᠠᠬᠢ ᠵᠠᠮ᠂ ᠤᠰᠤᠯᠠᠬᠤ  ᠪᠠ ᠤᠰᠤ ᠭᠠᠳᠠᠭᠰᠢᠯᠠᠭᠤᠯᠬᠤ ᠵᠡᠷᠭᠡ ᠢᠨᠵᠧᠨᠧᠷᠢᠩ ᠯᠦᠭᠡ ᠬᠠᠷᠢᠯᠴᠠᠨ ᠤᠶᠠᠯᠳᠤᠭᠤᠯᠵᠤ᠂ ᠤᠰᠤᠯᠠᠬᠤ ᠪᠠ ᠤᠰᠤ ᠭᠠᠳᠠᠭᠰᠢᠯᠠᠭᠤᠯᠬᠤ ᠢᠨᠵᠧᠨᠧᠷᠢᠩ ᠤᠨ  ᠢᠵᠢ ᠪᠥᠷᠢᠳᠦᠭᠰᠡᠨ ᠬᠥᠳᠡᠯᠭᠡᠬᠦ ᠬᠦᠴᠦᠨ ᠤ ᠪᠡᠯᠡᠳᠬᠡᠮᠵᠢ ᠪᠠᠶᠢᠵᠤ᠂ ᠲᠡᠭᠦᠨ ᠤ ᠳᠠᠭᠠᠭᠠᠴᠠ ᠨᠢ ᠤᠰᠤᠯᠠᠬᠤ ᠪᠠ ᠤᠰᠤ ᠭᠠᠳᠠᠭᠰᠢᠯᠠᠭᠤᠯᠬᠤ  ᠲᠥᠬᠦᠭᠡᠷᠦᠮᠵᠢ ᠶᠢᠨ ᠬᠡᠪ ᠢᠶᠠᠷ ᠠᠵᠢᠯᠯᠠᠬᠤ ᠳᠤ ᠬᠡᠷᠡᠭᠰᠡᠬᠦ ᠬᠦᠳᠡᠯᠭᠡᠬᠦ ᠬᠦᠴᠦᠨ ᠢ ᠬᠠᠩᠭᠠᠬᠤ ᠬᠡᠷᠡᠭᠲᠡᠢ᠃ 7. ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠳᠤ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠢᠵᠢ ᠪᠦᠷᠢᠳᠦᠭᠦᠯᠬᠦ ᠪᠠ  ᠬᠡᠷᠡᠭᠯᠡᠯᠲᠡ ᠶᠢ ᠴᠢᠩᠭᠠᠳᠬᠠᠬᠤ ᠬᠡᠷᠡᠭᠲᠡᠶ᠃ ᠲᠠᠷᠢᠶᠠᠯᠠᠩ ᠤᠨ ᠦᠢᠯᠡᠳᠪᠦᠷᠢᠯᠡᠯ ᠤᠨ ᠪᠦᠬᠦ ᠶᠠᠪᠤᠴᠠ ᠶᠢ ᠮᠧᠬᠠᠨᠢᠭᠵᠢᠭᠤᠯᠬᠤ᠂ ᠤᠶᠤᠨᠵᠢᠭᠤᠯᠬᠤ ᠶᠢ  ᠳᠡᠯᠭᠡᠷᠡᠭᠦᠯᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠷᠢ ᠲᠥᠪᠰᠢᠨ ᠢ ᠳᠡᠭᠡᠭᠰᠢᠯᠡᠭᠦᠯᠬᠦ ᠬᠡᠷᠡᠭᠲᠡᠢ᠃ ᠮᠡᠷᠭᠡᠵᠢᠯ ᠤᠨ  ᠪᠣᠯᠪᠠᠰᠤᠷᠠᠭᠤᠯᠤᠯ ᠤᠨ ᠡᠷᠴᠢᠮ ᠢ ᠴᠢᠩᠭᠠᠷᠠᠭᠤᠯᠵᠤ ᠂ ᠬᠤᠯᠪᠤᠭᠳᠠᠯ ᠪᠦᠬᠦᠢ ᠬᠦᠮᠦᠰ ᠤᠨ ᠮᠡᠷᠭᠡᠵᠢᠯ ᠤᠨ ᠬᠠᠮᠢᠶᠠᠷᠤᠯᠲᠠ ᠶᠢᠨ ᠬᠢᠷᠢ ᠲᠦᠪᠰᠢᠨ ᠢ  ᠲᠡᠭᠡᠭᠰᠢᠯᠡᠭᠦᠯᠬᠦ ᠬᠡᠷᠡᠭᠲᠡᠢ᠃ ︵ᠬᠤᠶᠠᠷ︶ ᠥᠭᠡᠷᠡᠴᠢᠯᠡᠨ ᠰᠠᠶᠢᠵᠢᠷᠠᠭᠤᠯᠬᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠭᠤᠯᠭ᠎ᠠ  1.ᠭᠠᠵᠠᠷ ᠲᠡᠭᠰᠢᠯᠡᠬᠦ  ᠲᠠᠷᠢᠶᠠᠨ ᠭᠠᠵᠠᠷ ᠤᠨ ᠳᠣᠲᠣᠷᠠᠬᠢ ᠵᠣᠷᠢᠭᠤᠳᠠ ᠶᠢᠨ ᠪᠤᠶᠤ ᠪᠠᠶᠢᠭᠠᠯᠢ ᠶᠢᠨ ᠬᠦᠴᠦᠨ ᠵᠦᠢᠯ ᠠᠴᠠ ᠪᠣᠯᠵᠤ ᠪᠦᠷᠢᠯᠳᠦᠭᠰᠡᠨ ᠮᠠᠰᠢᠨ ᠢᠶᠠᠷ ᠠᠵᠢᠯᠯᠠᠬᠤ ᠶᠢ  ᠨᠥᠯᠥᠭᠡᠯᠡᠬᠦ ᠳᠣᠪᠣᠴᠠᠭ᠂ ᠢᠯᠡᠭᠦᠴᠡ ᠲᠠᠷᠢᠶᠠᠨ ᠳᠠᠯᠠᠩ᠂ ᠬᠡᠷᠡᠭᠯᠡᠭᠡᠨ ᠠᠴᠠ ᠭᠠᠷᠤᠭᠰᠠᠨ ᠭᠤᠤ ᠰᠤᠪᠠᠭ ᠪᠠ ᠵᠠᠮ ᠵᠢᠴᠢ ᠬᠤᠪᠠᠭ᠋ᠠᠶ ᠮᠣᠳᠣ᠂ ᠰᠤᠯᠠ ᠲᠦᠷ  ᠴᠠᠭ ᠤᠨ ᠪᠠᠷᠢᠯᠭ᠎ᠠ ᠶᠢ ᠴᠡᠪᠡᠷᠯᠡᠵᠦ᠂ ᠲᠠᠷᠢᠶᠠᠴᠢᠨ ᠡᠷᠦᠬᠡ ᠶᠢᠨ ᠲᠠᠷᠢᠶᠠᠯᠠᠬᠤ ᠭᠠᠵᠠᠷ ᠤᠨ ᠠᠭᠤᠯᠵᠠᠷ ᠲᠤ ᠪᠣᠢ ᠪᠣᠯᠤᠭᠰᠠᠨ ᠲᠠᠷᠢᠶᠠᠨ ᠳᠠᠯᠠᠩ ᠢ ᠬᠤᠰᠤᠵᠤ  ᠠᠷᠢᠯᠭᠠᠨ᠂ ᠬᠡᠪᠴᠢᠶᠡᠵᠢᠭᠦᠯᠦᠭᠰᠡᠨ ᠦᠢᠯᠡᠳᠪᠦᠷᠢᠯᠡᠯ ᠡᠵᠡᠩᠨᠡᠯᠲᠡ ᠳᠤ ᠵᠣᠬᠢᠴᠠᠭᠤᠯᠤᠨ᠎ᠠ᠃  2.ᠬᠥᠷᠥᠰᠥ ᠰᠢᠷᠣᠶ ᠶᠢ ᠰᠠᠶᠢᠵᠢᠷᠠᠭᠤᠯᠬᠤ  ᠲᠠᠷᠢᠶᠠᠯᠠᠩ ᠤᠨ ᠠᠷᠭ᠎ᠠ ᠬᠡᠮᠵᠢᠶ᠎ᠡ ᠪᠠ ᠪᠠᠷᠢᠯᠭ᠎ᠠ ᠶᠢᠨ ᠠᠷᠭ᠎ᠠ ᠬᠡᠮᠵᠢᠶ᠎ᠡ ᠶᠢ ᠠᠪᠴᠤ ᠪᠠᠶᠢᠭᠠᠳ ᠲᠠᠷᠢᠶᠠᠯᠠᠬᠤ ᠭᠠᠵᠠᠷ ᠤᠨ ᠭᠠᠵᠠᠷ ᠰᠢᠷᠤᠢ ᠶᠢᠨ ᠰᠢᠮ᠎ᠡ ᠶᠠᠰᠤ  ᠴᠢᠨᠠᠷ ᠨᠢ ᠮᠠᠭᠤᠳᠠᠭᠰᠠᠨ ᠲᠠᠷᠢᠶᠠᠨ ᠭᠠᠵᠠᠷ ᠢ ᠰᠢᠮᠡᠵᠢᠭᠦᠯᠵᠦ ᠰᠠᠶᠢᠵᠢᠷᠠᠭᠤᠯᠤᠨ᠎ᠠ᠃  3.ᠤᠰᠤᠯᠠᠬᠤ ᠪᠠ ᠤᠰᠤ ᠭᠠᠳᠠᠭᠰᠢᠯᠠᠭᠤᠯᠬᠤ ᠤᠳᠠᠭᠠᠨ ᠵᠢᠯ ᠵᠠᠰᠠᠭᠰᠠᠨ ᠥᠬᠡᠶ᠂ ᠬᠡᠪ ᠤᠨ ᠪᠠᠶᠢᠳᠠᠯ ᠢᠶᠠᠷ ᠬᠡᠷᠡᠭᠯᠡᠵᠦ ᠳᠡᠶᠢᠯᠬᠦ ᠥᠬᠡᠶ ᠪᠧᠲ᠋ᠤᠨ ᠢᠶᠠᠷ ᠲᠤᠳᠤᠷᠯᠠᠭᠰᠠᠨ ᠰᠤᠪᠠᠭ ᠢ ᠵᠠᠰᠠᠬᠤ ᠶᠢᠨ ᠬᠠᠮᠲᠤ  ᠰᠤᠪᠠᠭ ᠤᠨ ᠳᠠᠭᠠᠯᠲᠠ ᠪᠡᠯᠡᠳᠬᠡᠮᠵᠢ᠂ ᠪᠠᠷᠢᠯᠭ᠎ᠠ ᠶᠢ ᠢᠵᠢ ᠪᠥᠷᠢᠳᠦᠭᠦᠯᠦᠨ ᠲᠡᠭᠦᠯᠳᠡᠷᠵᠢᠭᠦᠯᠦᠨ᠎ᠡ︔ ᠲᠠᠷᠢᠶᠠᠨ ᠭᠠᠵᠠᠷ ᠤᠨ ᠥᠨᠳᠥᠷ ᠦᠷ᠎ᠡ ᠪᠦᠲᠦᠮᠵᠢᠲᠡᠶ  ᠤᠰᠤ ᠠᠷᠪᠢᠯᠠᠬᠤ ᠳᠤᠰᠤᠯᠭᠠᠨ ᠤᠰᠤᠯᠠᠬᠤ ᠰᠢᠰᠲ᠋ᠧᠮ ᠵᠢᠴᠢ ᠪᠤᠰᠤᠳ ᠤᠰᠤ ᠠᠷᠪᠢᠯᠠᠬᠤ ᠤᠰᠤᠯᠠᠯᠲᠠ ᠶᠢᠨ ᠵᠠᠭᠪᠤᠷ ᠤᠨ ᠬᠤᠭᠤᠯᠠᠶ᠂ ᠪᠡᠯᠡᠳᠬᠡᠮᠵᠢ᠂ ᠢᠵᠢ  ᠪᠥᠷᠢᠳᠦᠭᠰᠡᠨ ᠪᠠᠷᠢᠯᠭ᠎ᠠ ᠶᠢ ᠰᠣᠯᠢᠵᠤ ᠰᠡᠯᠪᠢᠨ ᠵᠠᠰᠠᠨ᠎ᠠ᠃  4.ᠲᠠᠷᠢᠶᠠᠨ ᠳᠤᠮᠳᠠᠬᠢ ᠵᠠᠮ  ᠦᠢᠯᠡᠳᠪᠦᠷᠢᠯᠡᠯ ᠲᠠᠷᠢᠶᠠᠯᠠᠭ᠎ᠠ ᠶᠢᠨ ᠬᠡᠷᠡᠭᠴᠡᠭᠡ ᠶᠢ ᠬᠠᠩᠭᠠᠵᠤ ᠳᠡᠶᠢᠯᠬᠦ ᠦᠭᠡᠢ ᠲᠠᠷᠢᠶᠠᠨ ᠳᠤᠮᠳᠠᠬᠢ ᠵᠠᠮ᠂  ᠲᠠᠷᠢᠶᠠᠯᠠᠩ ᠤᠨ ᠮᠠᠰᠢᠨ ᠤ ᠵᠠᠮ ᠢ ᠵᠠᠰᠠᠵᠤ᠂   ᠬᠡᠷᠡᠭᠯᠡᠭᠡᠨ ᠤ ᠴᠢᠳᠠᠪᠤᠷᠢ ᠶᠢᠨ ᠱᠠᠭᠠᠷᠳᠠᠯᠭ᠎ᠠ ᠶᠢ  ᠬᠠᠩᠭᠠᠨ᠎ᠠ᠃  5.ᠲᠠᠷᠢᠶᠠᠨ ᠭᠠᠵᠠᠷ ᠢ ᠬᠠᠮᠠᠭᠠᠯᠠᠬᠤ ᠪᠠ ᠠᠮᠢ ᠠᠬᠤᠶ ᠶᠢᠨ ᠣᠷᠴᠢᠨ ᠲᠣᠭᠤᠷᠢᠨ ᠢ ᠪᠠᠲᠤᠯᠠᠬᠤ  ᠪᠠᠶᠢᠭᠠᠯᠢ ᠶᠢᠨ ᠬᠦᠴᠦᠨ ᠵᠦᠢᠯ ᠠᠴᠠ ᠪᠣᠯᠤᠭᠰᠠᠨ ᠪᠤᠶᠤ ᠵᠣᠷᠢᠭᠤᠳᠠ ᠡᠪᠳᠡᠯᠡᠵᠦ ᠰᠦᠢᠳᠬᠡᠭᠰᠡᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠢ ᠶᠢ ᠨᠥᠬᠦᠵᠦ  ᠲᠠᠷᠢᠨ᠎ᠠ᠃  6.ᠲᠠᠷᠢᠶᠠᠨ ᠭᠠᠵᠠᠷ ᠲᠤ ᠴᠠᠬᠢᠯᠭᠠᠨ ᠬᠦᠷᠭᠡᠬᠦ ᠪᠠ ᠬᠦᠴᠦᠳᠡᠯ ᠥᠭᠡᠷᠡᠴᠢᠯᠡᠬᠦ ᠨᠥᠬᠦᠴᠡᠯ ᠳᠤ ᠦᠯᠦ ᠨᠡᠶᠢᠴᠡᠬᠦ ᠲᠠᠷᠢᠶᠠᠯᠠᠩ ᠤᠨ ᠴᠠᠬᠢᠯᠭᠠᠨ ᠪᠡᠯᠡᠳᠬᠡᠮᠵᠢ ᠶᠢᠨ ᠳᠠᠭᠠᠭᠠᠴᠠ ᠶᠢ ᠶᠡᠬᠡᠰᠬᠡᠵᠦ᠂ ᠰᠡᠯᠪᠢᠨ ᠵᠠᠰᠠᠬᠤ ᠪᠠ ᠢᠵᠢ ᠪᠦᠷᠢᠳᠦᠭᠦᠯᠦᠨ᠎ᠡ᠃   7.ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ ᠲᠠᠷᠢᠶᠠᠯᠠᠩ ᠤᠨ ᠤᠶᠤᠨᠴᠢᠯᠠᠭᠰᠠᠨ ᠦᠢᠯᠡᠴᠢᠯᠡᠭᠡᠨ ᠤ ᠪᠡᠯᠡᠳᠬᠡᠮᠵᠢ ᠶᠢ ᠨᠡᠮᠡᠭᠳᠡᠭᠦᠯᠦᠨ᠎ᠡ᠃  ᠳᠡᠭᠡᠷᠡᠬᠢ ᠢᠨᠵᠧᠨᠧᠷᠢᠩ ᠤᠨ ᠠᠭᠤᠯᠭ᠎ᠠ ᠶᠢ ᠬᠡᠷᠡᠭᠵᠢᠭᠦᠯᠬᠦ ᠪᠠᠷ ᠳᠠᠮᠵᠢᠭᠤᠯᠤᠨ᠂  ᠲᠠᠷᠢᠶ᠎ᠠ᠂ ᠤᠰᠤ᠂ ᠵᠠᠮ᠂ ᠰᠤᠪᠠᠭ᠂ ᠣᠶ ᠰᠢᠭᠤᠶ᠂ ᠴᠠᠬᠢᠯᠭᠠᠨ᠂  ᠮᠡᠷᠭᠡᠵᠢᠯ ᠢ ᠢᠵᠢ ᠪᠥᠷᠢᠳᠦᠭᠦᠯᠦᠨ ᠲᠡᠭᠦᠯᠳᠡᠷᠵᠢᠭᠦᠯᠦᠭᠰᠡᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠥᠲᠥᠭᠡᠨ ᠪᠠᠶᠢᠭᠤᠯᠤᠨ᠎ᠠ᠃        ᠵᠢᠷᠭᠤᠭ᠎ᠠ᠂ ᠠᠵᠢᠯ ᠤᠨ ᠱᠠᠭᠠᠷᠳᠠᠯᠭ᠎ᠠ  ︵ᠨᠢᠭᠡ︶ ᠬᠠᠷᠠᠯᠲᠠ ᠪᠠᠨ ᠲᠣᠳᠣᠷᠬᠠᠶᠢᠯᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠬᠤ ᠬᠡᠷᠡᠭᠲᠡᠶ᠃ ︽ᠬᠤᠶᠠᠷ ᠢ ᠨᠡᠮᠡᠭᠳᠡᠭᠦᠯᠬᠦ᠂ ᠲᠦᠷᠪᠡ ᠶᠢ  ᠬᠢᠵᠠᠭᠠᠷᠯᠠᠬᠤ᠂ ᠲᠤᠯᠤᠭ᠎ᠠ ᠶᠢ ᠢᠵᠢ ᠪᠦᠷᠢᠳᠦᠭᠦᠯᠬᠦ︾ ᠪᠦᠳᠤᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠣᠰᠣᠭᠠᠷ᠂ ︽ᠠᠷᠪᠠ ᠶᠢ ᠲᠥᠪᠯᠡᠷᠡᠭᠦᠯᠬᠦ︾ ᠪᠣᠳᠠᠲᠠᠶ  ᠬᠡᠷᠡᠭᠵᠢᠭᠦᠯᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠂ ᠲᠤᠬᠠᠶᠢᠯᠠᠪᠠᠯ ᠲᠥᠪᠯᠡᠷᠡᠭᠦᠯᠦᠨ ᠵᠣᠬᠢᠶᠠᠨ ᠪᠠᠶᠢᠭᠤᠯᠵᠤ᠂ ᠭᠠᠵᠠᠷ ᠰᠢᠷᠣᠶ ᠶᠢ ᠲᠥᠪᠯᠡᠷᠡᠭᠦᠯᠦᠨ᠂  ᠬᠦᠴᠦᠨ ᠢ ᠲᠥᠪᠯᠡᠷᠡᠭᠦᠯᠦᠨ᠂ ᠪᠦᠳᠤᠭᠡᠨ ᠪᠠᠶᠢᠭᠤᠯᠤᠯᠲᠠ ᠶᠢᠨ ᠵᠦᠢᠯᠡᠰ ᠢ ᠲᠥᠪᠯᠡᠷᠡᠭᠦᠯᠦᠨ᠂ ᠪᠡᠯᠡ ᠮᠥᠩᠭᠦ ᠶᠢ ᠲᠥᠪᠯᠡᠷᠡᠭᠦᠯᠦᠨ᠂ ᠲᠥᠪᠯᠡᠷᠡᠭᠦᠯᠦᠨ  ᠲᠣᠬᠢᠷᠠᠭᠤᠯᠵᠤ᠂ ᠲᠥᠪᠯᠡᠷᠡᠭᠦᠯᠦᠨ ᠪᠠᠷᠢᠵᠤ᠂ ᠲᠥᠪᠯᠡᠷᠡᠭᠦᠯᠦᠨ ᠪᠣᠯᠪᠠᠰᠤᠷᠠᠭᠤᠯᠵᠤ᠂ ᠲᠥᠪᠯᠡᠷᠡᠭᠦᠯᠦᠨ ᠬᠠᠮᠢᠶᠠᠷᠴᠤ᠂ ᠲᠥᠪᠯᠡᠷᠡᠭᠦᠯᠦᠨ ᠰᠢᠯᠭᠠᠨ ᠠᠪᠴᠤ᠂  ᠲᠦᠷᠦᠯ ᠵᠦᠢᠯ ᠤᠨ ᠪᠦᠳᠤᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠤᠨ᠎ᠠ᠃ ᠬᠤᠲᠠ᠂ ᠰᠢᠶᠠᠨ ᠬᠤᠶᠠᠷ ᠱᠠᠲᠤᠨ ᠤ ᠬᠢᠨ  ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠠᠵᠢᠯ ᠤᠨ ᠡᠭᠦᠷᠭᠡ ᠪᠠᠨ ᠲᠣᠳᠣᠷᠬᠠᠶᠢᠯᠠᠵᠤ᠂ ᠠᠵᠢᠯ ᠤᠨ  ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠲᠦᠷᠦᠯ ᠵᠦᠢᠯ ᠤᠨ ᠵᠢᠱᠢᠭᠰᠡᠨ ᠬᠠᠷᠠᠯᠲᠠ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃  ︵ᠬᠤᠶᠠᠷ︶ ᠲᠠᠰ ᠳᠠᠷᠠᠭᠠᠯᠠᠯ ᠢ ᠵᠢᠷᠤᠮᠵᠢᠭᠤᠯᠵᠤ᠂ ᠲᠥᠷᠥᠯ ᠵᠦᠢᠯ ᠤᠨ ᠬᠠᠮᠢᠶᠠᠷᠤᠯᠲᠠ ᠶᠢ  ᠴᠢᠩᠭᠠᠳᠬᠠᠬᠤ ᠬᠡᠷᠡᠭᠲᠡᠢ᠃ ᠲᠥᠷᠥᠯ ᠵᠦᠢᠯ ᠢ ᠬᠡᠷᠡᠭᠵᠢᠭᠦᠯᠬᠦ  ᠪᠥᠬᠦ ᠶᠠᠪᠤᠴᠠ ᠶᠢᠨ ᠬᠠᠮᠢᠶᠠᠷᠤᠯᠲᠠ ᠶᠢ  ᠴᠢᠩᠳᠠᠯᠠᠨ᠎ᠠ᠃ ᠲᠥᠷᠥᠯ ᠵᠦᠢᠯ ᠢ ᠭᠤᠶᠤᠴᠢᠯᠠᠨ ᠮᠡᠳᠡᠭᠦᠯᠬᠦ᠂ ᠪᠣᠯᠤᠮᠵᠢ ᠶᠢᠨ ᠰᠤᠳᠤᠯᠤᠯ ᠬᠢᠬᠦ᠂ ᠬᠠᠶᠢᠨ  ᠪᠠᠶᠢᠴᠠᠭᠠᠵᠤ ᠵᠢᠷᠤᠭᠯᠠᠨ ᠲᠥᠯᠥᠪᠯᠡᠬᠦ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠪᠠᠷᠢᠯᠭ᠎ᠠ ᠶᠢᠨ ᠠᠵᠢᠯ ᠬᠢᠬᠦ᠂ ᠪᠠᠷᠢᠯᠭ᠎ᠠ ᠶᠢ ᠬᠢᠨᠠᠨ  ᠬᠠᠮᠢᠶᠠᠷᠬᠤ᠂ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ᠂ ᠬᠢᠨᠠᠯᠲᠠ ᠲᠠᠯᠪᠢᠵᠤ ᠪᠠᠶᠢᠴᠠᠭᠠᠬᠤ᠂ ᠲᠥᠷᠥᠯ ᠵᠦᠢᠯ ᠢ ᠪᠦᠷᠢᠳᠬᠡᠯ ᠳᠤ ᠣᠷᠤᠭᠤᠯᠬᠤ ᠵᠢᠴᠢ  ᠪᠡᠯᠡ ᠣᠷᠣᠭᠤᠯᠤᠯᠲᠠ ᠶᠢ ᠮᠡᠳᠡᠭᠦᠯᠦᠨ ᠬᠦᠷᠭᠡᠬᠦ ᠵᠡᠷᠭᠡ ᠡᠯ᠎ᠡ ᠭᠤᠭᠴᠤᠭ᠎ᠠ ᠶᠢᠨ ᠠᠵᠢᠯᠯᠠᠬᠤ ᠳᠦᠷᠢᠮ ᠢ ᠤᠯᠠᠮ ᠨᠢᠭᠡ ᠠᠯᠬᠤᠮ ᠵᠢᠷᠤᠮᠵᠢᠭᠤᠯᠤᠨ᠎ᠠ᠃ ᠲᠤᠭ᠎ᠠ  ᠬᠡᠮᠵᠢᠶ᠎ᠡ᠂ ᠶᠠᠰᠤ ᠴᠢᠨᠠᠷ ᠢ ᠵᠡᠷᠭᠡᠪᠡᠷ ᠴᠢᠬᠤᠯᠠᠴᠢᠯᠠᠬᠤ ᠵᠠᠷᠴᠢᠮ ᠢ ᠪᠠᠷᠢᠮᠲᠠᠯᠠᠨ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ  ᠨᠠᠷᠢᠯᠢᠭᠵᠢᠭᠤᠯᠵᠤ᠂ ᠭᠤᠶᠤᠴᠢᠯᠠᠨ ᠮᠡᠳᠡᠭᠦᠯᠵᠦ ᠬᠢᠨᠠᠨ ᠵᠥᠪᠰᠢᠶᠡᠷᠡᠭᠦᠯᠬᠦ ᠴᠤᠪᠤᠷᠠᠯ ᠢ ᠳᠠᠮᠵᠢᠭᠰᠠᠨ ᠥᠬᠡᠶ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠵᠤ  ᠳᠠᠭᠠᠭᠠᠴᠢᠯᠠᠯᠲᠠ ᠬᠦᠯᠢᠶᠡᠬᠦ ᠪᠠ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠴᠢᠩᠭ᠎ᠠ ᠴᠠᠭᠠᠵᠠᠯᠠᠨ᠎ᠠ᠃ ᠪᠠᠶᠢᠭᠤᠯᠬᠤ ᠳᠤ ᠣᠷᠣᠯᠴᠠᠭᠰᠠᠨ ᠡᠯ᠎ᠡ  ᠨᠢᠭᠡᠴᠡ ᠶᠢ ᠬᠢᠨᠠᠨ ᠬᠠᠮᠢᠶᠠᠷᠬᠤ ᠡᠷᠴᠢᠮ ᠢ ᠴᠢᠩᠭᠠᠳᠬᠠᠵᠤ᠂ ᠬᠤᠯᠪᠤᠭᠳᠠᠯ ᠪᠥᠬᠦᠶ ᠠᠵᠢᠯ ᠲᠥᠷᠥᠯ ᠤᠨ ᠲᠦᠷᠢᠮ ᠲᠣᠭᠲᠠᠭᠠᠯ᠂ ᠵᠢᠷᠤᠮᠵᠢᠯ ᠪᠠ ᠪᠠᠷᠢᠮᠵᠢᠶ᠎ᠠ ᠶᠢ  ᠴᠢᠩᠭ᠎ᠠ ᠵᠢᠷᠤᠮᠯᠠᠨ ᠠᠵᠢᠯ ᠢᠶᠠᠨ ᠥᠷᠨᠢᠭᠦᠯᠵᠦ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠢ ᠦᠨᠡᠨᠬᠦ ᠪᠠᠲᠤᠯᠠᠵᠤ᠂ ᠪᠥᠲᠥᠭᠡᠨ  ᠪᠠᠶᠢᠭᠤᠯᠤᠯᠲᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠬᠡᠷᠡᠭᠲᠡᠶ᠃  ︵ᠭᠤᠷᠪᠠ︶ ᠠᠮᠢ ᠠᠬᠤᠶ ᠶᠢ ᠤᠷᠢᠳᠠᠪᠡᠷ ᠪᠣᠳᠤᠯᠬᠢᠯᠠᠵᠤ᠂ ᠤᠰᠤ ᠠᠷᠪᠢᠯᠠᠬᠤ ᠤᠰᠤᠯᠠᠯᠲᠠ ᠶᠢ ᠲᠥᠯᠬᠢᠨ ᠠᠬᠢᠭᠤᠯᠤᠨ᠎ᠠ᠃ ᠲᠥᠷᠥᠯ ᠵᠦᠢᠯ ᠢ ᠵᠢᠷᠤᠭᠯᠠᠨ  ᠲᠥᠯᠥᠪᠯᠡᠬᠦ᠂ ᠪᠥᠲᠥᠭᠡᠨ ᠪᠠᠶᠢᠭᠤᠯᠬᠤ᠂ ᠬᠡᠷᠡᠭᠯᠡᠬᠦ ᠪᠥᠬᠦ ᠶᠠᠪᠤᠴᠠ ᠳᠤ ᠲᠤᠬᠠᠶ ᠶᠢᠨ ᠭᠠᠵᠠᠷ ᠤᠨ ᠬᠥᠷᠥᠰᠥ ᠰᠢᠷᠣᠶ ᠶᠢ ᠬᠠᠮᠠᠭᠠᠯᠠᠬᠤ᠂ ᠬᠠᠲᠤᠨ ᠭᠤᠤᠯ ᠤᠨ  ᠰᠠᠪᠠ ᠭᠠᠵᠠᠷ ᠤᠨ ᠠᠮᠢ ᠠᠬᠤᠶ ᠶᠢ ᠵᠠᠰᠠᠬᠤ ᠂ ᠲᠠᠷᠢᠶᠠᠨ ᠭᠠᠵᠠᠷ ᠤᠨ ᠶᠠᠰᠤ ᠴᠢᠨᠠᠷ ᠢ ᠬᠠᠮᠠᠭᠠᠯᠠᠨ ᠳᠡᠭᠡᠭᠰᠢᠯᠡᠭᠦᠯᠬᠦ ᠶᠢ ᠨᠢᠭᠡᠳᠦᠯᠲᠡᠶ ᠲᠥᠯᠥᠪᠯᠡᠨ ᠨᠡᠶᠢᠲᠡ ᠳᠤᠨᠢ  ᠬᠠᠷᠠᠭᠠᠯᠵᠠᠵᠤ᠂ ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠨ᠂ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠪᠠᠷ ᠭᠤᠤᠯ  ᠪᠣᠯᠭᠠᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠥᠷᠨᠢᠭᠦᠯᠵᠦ᠂ ᠤᠰᠤ ᠠᠷᠪᠢᠯᠠᠬᠤ ᠲᠠᠷᠢᠶᠠᠯᠠᠩ᠂ ᠠᠮᠢ ᠠᠬᠤᠶ ᠶᠢᠨ  ᠪᠥᠲᠥᠭᠡᠨ ᠪᠠᠶᠢᠭᠤᠯᠤᠯᠲᠠ᠂ ᠪᠣᠬᠢᠷᠲᠤᠯ ᠥᠬᠡᠶ ᠬᠥᠭᠵᠢᠯᠲᠡ ᠶᠢ ᠬᠠᠷᠢᠯᠴᠠᠨ ᠠᠭᠤᠰᠤᠯᠴᠠᠭᠤᠯᠵᠤ᠂ ᠣᠷᠣᠨ ᠤ ᠲᠥᠪ  ᠬᠤᠲᠠ ᠶᠢᠨ ᠲᠠᠷᠢᠶᠠᠯᠠᠩ ᠮᠠᠯ ᠠᠵᠤ  ᠠᠬᠤᠶ ᠶᠢᠨ ᠠᠮᠢ ᠠᠬᠤᠶ ᠶᠢᠨ ᠪᠣᠬᠢᠷᠲᠤᠯ ᠥᠬᠡᠶ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠬᠡᠷᠡᠭᠲᠡᠶ ᠃        ᠳᠣᠯᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ  ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ  ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠬᠤ ᠶᠢᠨ ᠲᠤᠰᠠᠳᠠ᠂ ᠬᠤᠲᠠ ᠶᠢᠨ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ ᠪᠠᠷ  ᠳᠤᠭᠤᠶᠢᠯᠠᠩ ᠤᠨ ᠳᠠᠷᠤᠭ᠎ᠠ  ᠪᠣᠯᠭᠠᠵᠤ᠂ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠪᠠᠷ ᠳᠤᠭᠤᠶᠢᠯᠠᠩ ᠤᠨ ᠳᠡᠳ᠋ ᠳᠠᠷᠤᠭ᠎ᠠ ᠪᠣᠯᠭᠠᠵᠤ᠂ ᠬᠤᠯᠪᠤᠭᠳᠠᠯ  ᠪᠥᠬᠦᠶ ᠰᠠᠯᠠᠭ᠎ᠠ ᠮᠥᠴᠢᠷ ᠤᠨ ᠭᠤᠤᠯ ᠤᠳᠤᠷᠢᠳᠤᠯᠭ᠎ᠠ ᠪᠠᠷ ᠭᠡᠰᠢᠭᠦᠨ ᠪᠣᠯᠭᠠᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ  ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠠᠵᠢᠯ ᠢ ᠳᠥᠯᠭᠢᠨ ᠠᠬᠢᠭᠤᠯᠬᠤ ᠳᠤᠮᠳᠠ ᠣᠷᠣᠰᠢᠵᠤ ᠪᠠᠶᠢᠭ᠎ᠠ ᠡᠯ᠎ᠡ ᠵᠦᠢᠯ ᠤᠨ  ᠠᠰᠠᠭᠤᠳᠠᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠤᠨ ᠰᠢᠢᠳᠪᠦᠷᠢᠯᠡᠨ᠎ᠡ᠃ ᠲᠥᠷᠥᠯ  ᠵᠦᠢᠯ ᠢ ᠡᠭᠦᠷᠭᠡᠯᠡᠭᠰᠡᠨ ᠬᠤᠰᠢᠭᠤ ᠰᠢᠶᠠᠨ ᠲᠣᠭᠤᠷᠢᠭ ᠨᠢ ᠥᠨᠳᠥᠷ  ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠲᠤᠰᠬᠠᠶ ᠠᠩᠭᠢ ᠶᠢ ᠵᠣᠬᠢᠶᠠᠨ ᠪᠠᠶᠢᠭᠤᠯᠵᠤ᠂ ᠭᠤᠤᠯ  ᠤᠳᠤᠷᠢᠳᠤᠯᠭ᠎ᠠ ᠶᠡᠷᠦᠩᠬᠡᠶ ᠬᠠᠷᠢᠭᠤᠴᠠᠯᠭ᠎ᠠ ᠶᠢ ᠡᠭᠦᠷᠭᠡᠯᠡᠵᠦ᠂ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠪᠣᠳᠠᠲᠠᠶ ᠬᠠᠷᠢᠭᠤᠴᠠᠨ᠂ ᠳᠡᠭᠡᠳᠦ  ᠬᠡᠮᠵᠢᠶ᠎ᠡ ᠪᠠᠷ ᠴᠢᠬᠤᠯᠠᠴᠢᠯᠠᠵᠤ᠂ ᠨᠠᠷᠢᠨ ᠬᠢᠨᠠᠮᠠᠭᠠᠶ ᠰᠤᠳᠤᠯᠤᠨ᠂ ᠡᠭᠦᠷᠭᠡ ᠪᠠᠨ ᠨᠠᠷᠢᠯᠢᠬᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠨ᠂  ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠲᠡᠷᠡ ᠶᠣᠰᠤᠭᠠᠷ ᠨᠢ ᠨᠠᠶᠢᠳᠠᠪᠤᠷᠢᠵᠢᠭᠤᠯᠬᠤ ᠬᠡᠷᠡᠭᠲᠡᠶ᠃  ︵ᠬᠤᠶᠠᠷ︶ ᠰᠢᠮᠳᠠᠭᠤᠯᠤᠨ ᠵᠢᠯᠣᠭᠤᠳᠴᠤ ᠪᠠᠶᠢᠴᠠᠭᠠᠬᠤ ᠶᠢ ᠴᠢᠩᠭᠠᠳᠬᠠᠨ᠎ᠠ᠃ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠲᠦᠷᠦᠭᠦᠯᠡᠨ  ᠬᠤᠯᠪᠤᠭᠳᠠᠯ ᠪᠥᠬᠦᠶ ᠰᠠᠯᠠᠭ᠎ᠠ ᠮᠥᠴᠢᠷ ᠤᠳ ᠬᠠᠮᠵᠢᠯᠴᠠᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ  ᠠᠬᠢᠭᠤᠯᠬᠤ ᠠᠵᠢᠯ ᠤᠨ ᠲᠤᠰᠬᠠᠶ ᠠᠩᠭᠢ ᠪᠠᠶᠢᠭᠤᠯᠵᠤ᠂ ᠲᠥᠷᠥᠯ ᠵᠦᠢᠯ ᠤᠨ ᠪᠠᠶᠢᠭ᠎ᠠ ᠣᠷᠣᠨ ᠳᠤ ᠭᠦᠨᠵᠡᠭᠡᠶᠢᠷᠡᠨ ᠵᠢᠯᠣᠭᠤᠳᠤᠨ ᠰᠢᠮᠳᠠᠭᠤᠯᠵᠤ᠂ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠵᠦ᠂ ᠠᠵᠢᠯ ᠤᠨ ᠦᠷ᠎ᠡ  ᠪᠦᠲᠦᠮᠵᠢ ᠶᠢ ᠳᠡᠭᠡᠭᠰᠢᠯᠡᠭᠦᠯᠦᠨ᠎ᠡ᠃ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠣᠭᠲᠠᠮᠠᠯ ᠬᠤᠭᠤᠴᠠᠭ᠎ᠠ ᠲᠠᠢ ᠪᠠᠷ ᠳᠣᠭᠢᠷᠠᠭᠤᠯᠤᠨ᠂  ᠪᠠᠯᠠ ᠮᠥᠩᠭᠦ ᠰᠠᠯᠭᠠᠨ ᠥᠭᠭᠦᠭᠰᠡᠨ ᠪᠠᠶᠢᠳᠠᠯ ᠢ ᠮᠥᠷᠳᠡᠵᠦ᠂ ᠲᠣᠬᠢᠷᠠᠭᠤᠯᠤᠯᠲᠠ ᠶᠢᠨ ᠡᠬᠡ ᠲᠠᠩᠰᠠ ᠪᠠᠶᠢᠭᠤᠯᠤᠨ᠂ ᠲᠥᠷᠥᠯ  ᠵᠦᠢᠯ ᠤᠨ ᠪᠠᠶᠢᠭ᠎ᠠ ᠡᠯ᠎ᠡ  ᠬᠤᠰᠢᠭᠤ ᠰᠢᠶᠠᠨ ᠲᠣᠭᠤᠷᠢᠭ ᠨᠢ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠠᠵᠢᠯ ᠤᠨ ᠲᠥᠯᠥᠪᠯᠡᠭᠡ ᠲᠣᠭᠲᠠᠭᠠᠵᠤ᠂ ᠠᠵᠢᠯ ᠤᠨ ᠡᠭᠦᠷᠭᠡ ᠪᠠᠨ  ᠨᠠᠷᠢᠯᠢᠬᠵᠢᠭᠤᠯᠤᠨ᠂ ᠪᠥᠲᠥᠭᠡᠨ ᠪᠠᠶᠢᠭᠤᠯᠤᠯᠲᠠ ᠶᠢᠨ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃  ︵ᠭᠤᠷᠪᠠ︶ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠨ᠎ᠡ᠃ ᠬᠤᠲᠠ ᠰᠢᠶᠠᠨ ᠤ ᠬᠤᠶᠠᠷ ᠱᠠᠲᠤᠨ ᠤ ᠡᠳ᠋ ᠤᠨ ᠵᠠᠰᠠᠭ ᠤᠨ  ᠢᠵᠢ ᠪᠦᠷᠢᠳᠦᠭᠦᠯᠬᠦ ᠪᠡᠯᠡ ᠮᠥᠩᠭᠦ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠮᠦ  ᠪᠦᠷᠢ ᠶᠢᠨ ᠳᠤᠮᠳᠠᠴᠢ ᠣᠷᠣᠭᠤᠯᠤᠯᠲᠠ ᠶᠢ ᠨᠡᠮᠡᠭᠳᠡᠭᠦᠯᠵᠦ᠂ ᠪᠦᠳᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ᠎ᠡ᠃ ᠲᠠᠷᠢᠶᠠᠯᠠᠩ ᠤᠨ ᠬᠤᠷᠰᠢᠶ᠎ᠠ᠂ ᠲᠠᠷᠢᠶᠠᠯᠠᠩ ᠤᠨ ᠲᠣᠮᠣ ᠡᠷᠦᠬᠡ ᠵᠢᠴᠢ ᠰᠢᠨ᠎ᠡ ᠬᠡᠯᠪᠡᠷᠢ ᠶᠢᠨ ᠲᠠᠷᠢᠶᠠᠯᠠᠩ ᠤᠨ ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ᠶᠢᠨ ᠥᠨᠳᠥᠷ  ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠬᠦᠴᠦ ᠬᠥᠳᠡᠯᠮᠦᠷᠢ ᠵᠠᠷᠤᠴᠠᠭᠤᠯᠤᠨ ᠣᠷᠣᠯᠴᠠᠬᠤ ᠶᠢ ᠵᠣᠷᠢᠭᠵᠢᠭᠤᠯᠤᠨ᠎ᠠ᠃      ᠳᠠᠭᠠᠯᠳᠤᠭᠤᠯᠤᠯ᠄ 1. ᠪᠥᠬᠦ ᠬᠤᠲᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠳᠥᠯᠭᠢᠨ ᠠᠬᠢᠭᠤᠯᠬᠤ  ᠤᠳᠤᠷᠢᠳᠬᠤ ᠳᠤᠭᠤᠶᠢᠯᠠᠩ  2. ᠪᠥᠬᠦ ᠬᠤᠲᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠯᠡᠭᠡ ︵2022 — 2030 ᠣᠨ︶ ᠳᠠᠭᠠᠯᠳᠤᠭᠤᠯᠤᠯ 1  ᠪᠦᠬᠦ ᠬᠤᠲᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠲᠦᠯᠬᠢᠨ ᠠᠬᠢᠭᠤᠯᠬᠤ ᠤᠳᠤᠷᠢᠳᠬᠤ  ᠳᠤᠭᠤᠶᠢᠯᠠᠩ  ᠳᠤᠭᠤᠶᠢᠯᠠᠩ ᠤᠨ ᠳᠠᠷᠤᠭ᠎ᠠ᠄ ᠾᠧ ᠬᠠᠶ ᠳ᠋ᠦᠩ    ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ  ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ  ᠳᠡᠳ᠋ ᠳᠤᠭᠤᠶᠢᠯᠠᠩ ᠤᠨ ᠳᠠᠷᠤᠭ᠎ᠠ ᠄ ᠰᠢᠤᠢ ᠱᠸᠤ ᠵᠢᠶ     ᠬᠤᠲᠠ ᠶᠢᠨ ᠳᠡᠳ᠋ ᠳᠠᠷᠤᠭ᠎ᠠ  ᠭᠡᠰᠢᠭᠦᠨ᠄ ᠯᠢᠦ ᠵᠢᠶᠠᠨ ᠸᠧᠨ    ᠬᠤᠲᠠ ᠶᠢᠨ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ  ᠳ᠋ᠤᠸᠠᠨ ᠯᠢ ᠪᠢᠨ   ᠬᠤᠲᠠ ᠶᠢᠨ ᠵᠠᠰᠠᠭ ᠤᠨ ᠣᠷᠳᠤᠨ ᠤ ᠳᠡᠳ᠋ ᠨᠠᠷᠢᠨ ᠪᠢᠴᠢᠭ ᠤᠨ ᠳᠠᠷᠤᠭ᠎ᠠ ᠯᠢ ᠰᠢᠶᠤᠤ ᠶᠠᠨ    ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ  ᠵᠤᠤ ᠶᠢᠩ ᠵᠢᠶᠧ ᠬᠤᠲᠠ ᠶᠢᠨ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ  ᠸᠠᠩ ᠶᠦᠩ ᠯᠢᠶᠠᠩ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠠᠷᠤᠭ᠎ᠠ  ᠳ᠋ᠦᠩ ᠱᠧᠩ   ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶᠠᠨ ᠤ ᠳᠠᠷᠤᠭ᠎ᠠ  ᠵᠠᠩ ᠸᠧᠶ‌ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶᠠᠨ ᠤ ᠳᠠᠷᠤᠭ᠎ᠠ  ᠵᠢᠶᠤᠤ ᠬᠤᠩ    ᠬᠤᠲᠠ ᠶᠢᠨ ᠵᠠᠮ ᠲᠡᠭᠡᠭᠡᠪᠦᠷᠢ ᠶᠢᠨ ᠲᠣᠪᠴᠢᠶᠠᠨ ᠤ ᠳᠠᠷᠤᠭ᠎ᠠ  ᠵᠠᠩ ᠯᠢ ᠫᠢᠩ  ᠬᠤᠲᠠ ᠶᠢᠨ ᠤᠰᠤᠨ ᠤ ᠶᠠᠪᠤᠳᠠᠯ ᠤᠨ ᠲᠣᠪᠴᠢᠶᠠᠨ ᠤ ᠳᠠᠷᠤᠭ᠎ᠠ  ᠯᠢᠦ ᠶᠤᠸᠠᠢ ᠫᠢᠩ‌ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶᠠᠨ ᠤ ᠳᠠᠷᠤᠭ᠎ᠠ  ᠽᠧᠩ ᠯᠢᠩ ᠮᠢᠩ     ᠬᠤᠲᠠ ᠶᠢᠨ ᠬᠢᠨᠠᠨ ᠪᠤᠳᠤᠬᠤ ᠲᠣᠪᠴᠢᠶᠠᠨ ᠤ ᠳᠠᠷᠤᠭ᠎ᠠ   ᠶᠢᠨ ᠱᠣᠣ ᠯᠢᠨ ᠬᠤᠲᠠ ᠶᠢᠨ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠶᠢᠨ ᠳᠡᠳ᠋ ᠳᠠᠷᠤᠭ᠎ᠠ  ᠵᠧᠨ ᠵᠢᠶᠠᠨ ᠵᠢᠶᠦ᠋ᠨ    ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶᠠᠨ ᠤ ᠳᠠᠷᠤᠭ᠎ᠠ  ᠵᠤᠤ ᠯᠢ ᠮᠢᠨ   ᠲᠦᠮᠡᠳ ᠵᠡᠭᠦᠨ ᠬᠤᠰᠢᠭᠤᠨ ᠤ ᠣᠷᠣᠯᠠᠭᠴᠢ ᠳᠠᠷᠤᠭ᠎ᠠ  ᠭᠤᠤ ᠵᠧᠩ     ᠲᠤᠭᠲᠠᠬᠤ ᠰᠢᠶᠠᠨ ᠤ ᠣᠷᠣᠯᠠᠭᠴᠢ ᠳᠠᠷᠤᠭ᠎ᠠ  ᠭᠤᠤ ᠹᠧᠩ     ᠬᠤᠷᠢᠨᠬᠡᠷ ᠰᠢᠶᠠᠨ ᠤ ᠣᠷᠣᠯᠠᠭᠴᠢ ᠳᠠᠷᠤᠭ᠎ᠠ  ᠴᠧᠨ ᠬᠤᠷᠴᠠ  ᠴᠢᠩ ᠱᠦᠢ ᠾᠧ ᠰᠢᠶᠠᠨ ᠤ ᠣᠷᠣᠯᠠᠭᠴᠢ ᠳᠠᠷᠤᠭ᠎ᠠ  ᠬᠠᠳᠠ  ᠦᠴᠤᠸᠠᠨ ᠰᠢᠶᠠᠨ ᠤ ᠣᠷᠣᠯᠠᠭᠴᠢ ᠳᠠᠷᠤᠭ᠎ᠠ  ᠯᠢᠦ ᠵᠣᠣ ᠵᠢᠶᠠᠩ‌‍ᠰᠢᠨ᠎ᠡ ᠬᠤᠲᠠ ᠲᠣᠭᠤᠷᠢᠭ ᠤᠨ ᠣᠷᠣᠯᠠᠭᠴᠢ ᠳᠠᠷᠤᠭ᠎ᠠ  ᠵᠤᠤ ᠶᠠᠨ ᠷᠦ   ᠬᠤᠳᠤᠩ ᠠᠷᠠᠳ ᠤᠨ ᠲᠣᠭᠤᠷᠢᠭ ᠤᠨ ᠣᠷᠣᠯᠠᠭᠴᠢ ᠳᠠᠷᠤᠭ᠎ᠠ  ᠸᠠᠩ ᡁᠢ ᠴᠢᠶᠠᠩ     ᠢᠦᠢ ᠴᠢᠤᠸᠠᠨ ᠲᠣᠭᠤᠷᠢᠭ ᠤᠨ ᠣᠷᠣᠯᠠᠭᠴᠢ ᠳᠠᠷᠤᠭ᠎ᠠ  ᠯᠢ ᠢᠦᠢ ᠵᠢᠶᠤᠤ ᠰᠠᠶᠢᠬᠠᠨ ᠲᠣᠭᠤᠷᠢᠭ ᠤᠨ ᠣᠷᠣᠯᠠᠭᠴᠢ ᠳᠠᠷᠤᠭ᠎ᠠ  ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠤ᠂ ᠠᠯᠪᠠᠨ ᠭᠡᠷ ᠢ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠳᠤ  ᠲᠣᠬᠢᠷᠠᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠯᠢᠦ ᠶᠤᠸᠠᠢ ᠫᠢᠩ ᠨᠥᠬᠦᠷ ᠬᠠᠪᠰᠤᠷᠭᠠᠨ ᠬᠠᠷᠢᠭᠤᠴᠠᠵᠤ᠂ ᠠᠯᠪᠠᠨ ᠭᠡᠷ ᠤᠨ ᠳᠡᠳ᠋  ᠡᠷᠬᠢᠯᠡᠭᠴᠢ ᠶᠢᠨ ᠲᠤᠰᠢᠶᠠᠯ ᠢ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶᠠᠨ ᠤ ᠳᠡᠳ᠋ ᠳᠠᠷᠤᠭ᠎ᠠ ᠵᠠᠩ ᡁᠢ ᠯᠢᠨ ᠨᠥᠬᠦᠷ ᠬᠠᠪᠰᠤᠷᠭᠠᠨ   ᠬᠠᠷᠢᠭᠤᠴᠠᠨ᠎ᠠ᠂ ᠠᠯᠪᠠᠨ ᠭᠡᠷ ᠤᠨ ᠳᠣᠣᠷ᠎ᠠ ᠬᠤᠶᠠᠷ ᠲᠤᠰᠬᠠᠶ ᠠᠵᠢᠯ ᠤᠨ ᠳᠤᠭᠤᠶᠢᠯᠠᠩ ᠭᠠᠷᠭᠠᠵᠤ᠂ ᠲᠤᠰ ᠲᠤᠰ ᠪᠠᠷᠢᠯᠭ᠎ᠠ ᠶᠢᠨ ᠶᠠᠰᠤ ᠴᠢᠨᠠᠷ ᠤᠨ  ᠳᠤᠭᠤᠶᠢᠯᠠᠩ ᠪᠠ ᠪᠡᠯᠡ ᠮᠥᠩᠭᠦᠨ ᠤ ᠪᠠᠲᠤᠯᠠᠭ᠎ᠠ ᠶᠢᠨ ᠳᠤᠭᠤᠶᠢᠯᠠᠩ᠂ ᠪᠠᠷᠢᠯᠭ᠎ᠠ ᠶᠢᠨ ᠶᠠᠰᠤ ᠴᠢᠨᠠᠷ ᠤᠨ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠵᠠᠩ  ᡁᠢ ᠯᠢᠨ ᠡᠭᠦᠷᠭᠡᠯᠡᠵᠦ᠂ ᠪᠡᠯᠡ ᠮᠥᠩᠭᠦᠨ ᠤ ᠪᠠᠲᠤᠯᠠᠭ᠎ᠠ ᠶᠢᠨ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠬᠤᠲᠠ ᠶᠢᠨ ᠡᠳ᠋ ᠤᠨ ᠵᠠᠰᠠᠭ ᠤᠨ  ᠲᠣᠪᠴᠢᠶᠠᠨ ᠤ ᠳᠠᠷᠤᠭ᠎ᠠ ᠵᠣᠣ ᠶᠢᠩ ᠵᠢᠶᠧ ᠡᠭᠦᠷᠭᠡᠯᠡᠨ᠎ᠡ᠃ ᠠᠯᠪᠠᠨ ᠬᠡᠷ ᠨᠢ  ᠬᠤᠯᠪᠤᠭᠳᠠᠯ ᠪᠥᠬᠦᠶ ᠬᠥᠮᠦᠰ ᠢ ᠲᠡᠳᠡᠨ ᠰᠢᠯᠵᠢᠭᠦᠯᠬᠦ ᠶᠢ ᠬᠠᠷᠢᠭᠤᠴᠠᠵᠤ᠂  ᠲᠥᠷᠥᠯ ᠵᠦᠢᠯ ᠤᠨ ᠪᠠᠶᠢᠭ᠎ᠠ ᠡᠯ᠎ᠡ ᠬᠤᠰᠢᠭᠤ ᠰᠢᠶᠠᠨ ᠲᠣᠭᠤᠷᠢᠭ ᠤᠨ ᠪᠣᠳᠠᠲᠠᠶ ᠠᠵᠢᠯ ᠢ ᠵᠢᠯᠣᠭᠤᠳᠴᠤ᠂ ᠲᠥᠷᠥᠯ ᠵᠦᠢᠯ ᠤᠨ ᠤᠷᠤᠭᠰᠢᠲᠠᠶ ᠶᠠᠪᠤᠭᠳᠠᠬᠤ ᠶᠢ  ᠪᠠᠲᠤᠯᠠᠨ᠎ᠠ᠃      ᠳᠠᠭᠠᠯᠳᠤᠭᠤᠯᠤᠯ 2  
 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号