ᠬᠥᠬᠡᠬᠤᠲᠠ ᠵᠠᠰᠠᠭ ᠲᠠᠷᠬᠠᠭᠠᠭᠰᠠᠨ ︹ 2021 ︺ 24 ᠳ᠋ᠤᠭᠡᠷ ᠲᠣᠭᠠᠲᠤ | | 2021 ᠤᠨ ᠤ 11 ᠰᠠᠷ᠎ᠠ ᠶᠢᠨ 8 ᠤ ᠡᠳᠦᠷ ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄ | ᠡᠳᠦᠭᠡ ︽ᠬᠥᠬᠡᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠪᠡᠯᠡ ᠮᠦᠩᠭᠦ ᠪᠠᠷ | ᠲᠤᠰᠠᠯᠠᠬᠤ ᠵᠢᠴᠢ ᠱᠠᠩᠨᠠᠬᠤ ᠠᠷᠭ᠎ᠠ︾ ᠶᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ | ᠤᠶᠠᠯᠳᠤᠭᠤᠯᠤᠨ᠂ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ | ᠬᠥᠬᠡᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠪᠡᠯᠡ ᠮᠦᠩᠭᠦ ᠪᠠᠷ ᠲᠤᠰᠠᠯᠠᠬᠤ | ᠵᠢᠴᠢ ᠱᠠᠩᠨᠠᠬᠤ ᠠᠷᠭ᠎ᠠ ᠨᠢᠭᠡᠳᠦᠭᠡᠷ ᠵᠦᠢᠯ ︽ᠰᠢᠨ᠎ᠡ ᠪᠠᠶᠢᠳᠠᠯ ᠳᠣᠤᠷᠠᠬᠢ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠬᠦᠴᠦᠷᠬᠡᠭ ᠤᠯᠤᠰ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠬᠦ ᠲᠤᠬᠠᠶ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠰᠠᠨᠠᠯ ᠤᠳ︾ ︵ᠲᠥᠷᠥ ᠲᠠᠷᠬᠠᠭᠠᠭᠰᠠᠨ ︹ 2015 ︺ 71 ᠳ᠋ᠤᠭᠡᠷ ᠲᠣᠭᠠᠲᠤ︶ | ᠂ ︽ᠲᠠᠸᠠᠷ ᠤᠨ ᠲᠡᠮᠳᠡᠭ ᠤᠨ ᠲᠥᠷᠥᠯ ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠶᠢ ᠤᠯᠠᠮ ᠨᠢᠭᠡ ᠠᠯᠬᠤᠮ | ᠬᠡᠷᠡᠭᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠰᠠᠨᠠᠯ︾ ︵ᠥᠪᠥᠷ ᠵᠠᠰᠠᠭ ᠲᠠᠷᠬᠠᠭᠠᠭᠰᠠᠨ ︹ 2017 ︺ 142 ᠳ᠋ᠤᠭᠠᠷ ᠲᠣᠭᠠᠲᠤ︶ ᠵᠡᠷᠭᠡ ᠬᠤᠯᠪᠣᠭᠳᠠᠯ | ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠨ᠂ ᠰᠢᠨ᠎ᠡ ᠶᠢ ᠡᠭᠦᠳᠬᠦ ᠪᠠᠷ | ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠪᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠬᠠᠮᠠᠭᠠᠯᠠᠯᠲᠠ ᠶᠢ ᠴᠢᠩᠭᠠᠳᠬᠠᠨ᠂ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢ ᠶᠡᠬᠡᠪᠡᠷ ᠲᠡᠳᠬᠦᠬᠦ ᠪᠠ ᠪᠤᠶᠢᠵᠢᠭᠤᠯᠵᠤ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ | ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠬᠥᠬᠡᠬᠤᠲᠠ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ | ᠨᠡᠮᠡᠷᠢᠯᠡᠬᠦ ᠶᠢᠨ ᠲᠤᠰᠠᠲᠠ᠂ ᠲᠣᠰ ᠬᠤᠲᠠ ᠶᠢᠨ ᠪᠣᠳᠠᠲᠠᠶ ᠲᠠᠢ ᠤᠶᠠᠯᠳᠤᠭᠤᠯᠤᠨ᠂ ᠲᠤᠰ ᠠᠷᠭ᠎ᠠ ᠶᠢ ᠲᠤᠭᠲᠠᠭᠠᠪᠠ᠃ | | ᠬᠤᠶᠠᠳᠤᠭᠠᠷ ᠵᠦᠢᠯ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢ ᠲᠤᠰᠠᠯᠠᠵᠤ ᠱᠠᠩᠨᠠᠬᠤ ᠲᠤᠰᠬᠠᠶ ᠪᠠᠯᠠ ᠮᠥᠩᠭᠦ ᠪᠠᠶᠢᠭᠤᠯᠵᠤ᠂ ᠭᠤᠤᠯᠳᠠᠭᠤ | ᠲᠣᠰ ᠬᠤᠲᠠ ᠶᠢᠨ ᠲᠤᠰᠬᠠᠶ ᠠᠰᠢᠭ᠂ ᠲᠠᠸᠠᠷ ᠤᠨ ᠲᠡᠮᠳᠡᠭ᠂ ᠭᠠᠵᠠᠷ ᠵᠦᠶ ᠶᠢᠨ ᠲᠡᠮᠳᠡᠭ ᠲᠠᠢ ᠲᠠᠸᠠᠷ ᠤᠨ | ᠲᠡᠮᠳᠡᠭ ᠢ ᠡᠭᠦᠳᠬᠦ᠂ ᠬᠡᠷᠡᠭᠯᠡᠬᠦ ᠵᠡᠷᠭᠡ ᠬᠠᠮᠢᠶ᠎ᠠ ᠪᠥᠬᠦᠶ ᠠᠵᠢᠯᠯᠠᠭ᠎ᠠ ᠶᠢ ᠳᠡᠮᠵᠢᠬᠦ ᠳᠤ ᠬᠡᠷᠡᠭᠯᠡᠵᠦ᠂ ᠬᠤᠲᠠ ᠶᠢᠨ | ᠡᠳ᠋ ᠤᠨ ᠵᠠᠰᠠᠭ ᠠᠴᠠ ᠣᠨ ᠤ ᠲᠥᠰᠦᠪ ᠤᠨ ᠪᠠᠲᠤᠯᠠᠭ᠎ᠠ ᠳᠤ ᠣᠷᠣᠭᠤᠯᠤᠨ᠎ᠠ᠃ | ᠭᠤᠷᠪᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠳᠤ ᠲᠤᠰᠬᠠᠶ ᠠᠰᠢᠭ᠂ ᠲᠠᠸᠠᠷ ᠤᠨ ᠲᠡᠮᠳᠡᠭ ᠵᠡᠷᠭᠡ ᠪᠠᠭᠲᠠᠨ᠎ᠠ᠃ ᠳᠥᠷᠪᠡᠳᠦᠭᠡᠷ ᠵᠦᠢᠯ | ᠬᠥᠬᠡᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠰᠠᠭ ᠵᠠᠬᠢᠷᠭᠠᠨ ᠤ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠲᠣᠰ ᠠᠷᠭ᠎ᠠ ᠶᠢ ᠬᠡᠷᠡᠭᠵᠢᠭᠦᠯᠬᠦ ᠠᠵᠢᠯ ᠢ ᠬᠠᠷᠢᠭᠤᠴᠠᠵᠤ᠂ ᠲᠤᠰᠬᠠᠶ ᠪᠠᠯᠠ | ᠮᠥᠩᠭᠦ ᠶᠢᠨ ᠮᠡᠳᠡᠭᠦᠯᠬᠦ᠂ ᠬᠢᠨᠠᠨ ᠬᠠᠷᠭᠤᠭᠤᠯᠬᠤ᠂ ᠦᠨᠡᠯᠡᠨ ᠵᠢᠱᠢᠬᠦ ᠵᠡᠷᠭᠡ ᠠᠵᠢᠯ ᠢ ᠵᠣᠬᠢᠶᠠᠨ ᠪᠠᠶᠢᠭᠤᠯᠤᠨ᠎ᠠ᠃ | | ᠲᠠᠪᠤᠳᠤᠭᠠᠷ ᠵᠦᠢᠯ ᠲᠤᠰ ᠬᠤᠳᠠ ᠳᠤ ᠲᠤᠰᠬᠠᠶ ᠪᠡᠯᠡ ᠮᠥᠩᠭᠦ ᠶᠢᠨ ᠭᠤᠶᠤᠴᠢᠯᠠᠭᠴᠢ ᠭᠡᠳᠡᠭ ᠨᠢ | ᠳᠠᠩᠰᠠᠯᠠᠭᠤᠯᠤᠭᠰᠠᠨ ᠪᠤᠶᠤ ᠪᠦᠷᠢᠳᠭᠦᠯᠦᠭᠰᠡᠨ ᠨᠢᠭᠡᠴᠡ ᠪᠤᠶᠤ ᠲᠤᠰ ᠬᠤᠳᠠ ᠶᠢᠨ ᠡᠷᠥᠭᠡ ᠠᠮᠠ ᠶᠢᠨ ᠲᠠᠩᠰᠠ | ᠪᠤᠶᠤ ᠣᠷᠣᠰᠢᠨ ᠰᠠᠭᠤᠬᠤ ᠦᠨᠡᠮᠯᠡᠯ ᠲᠠᠢ ᠪᠠᠶᠢᠭᠠᠯᠢ ᠬᠥᠮᠦᠨ ᠢ ᠵᠢᠭᠠᠵᠤ ᠪᠤᠢ᠃ ᠤᠯᠠᠨ ᠡᠷᠬᠡᠲᠦ ᠬᠥᠮᠦᠨ ᠳᠤ | ᠬᠤᠯᠪᠣᠭᠳᠠᠭᠰᠠᠨ ᠲᠤᠰᠬᠠᠶ ᠠᠰᠢᠭ᠂ ᠲᠠᠸᠠᠷ ᠤᠨ ᠲᠡᠮᠳᠡᠭ ᠪᠤᠶᠤ ᠭᠠᠵᠠᠷ ᠵᠦᠢ ᠶᠢᠨ ᠳᠡᠮᠳᠡᠭ ᠢ ᠨᠢᠭᠡᠳᠦᠭᠡᠷ | ᠲᠤᠰᠬᠠᠶ ᠠᠰᠢᠭ ᠤᠨ ᠡᠷᠬᠡᠲᠦ ᠬᠥᠮᠦᠨ᠂ ᠬᠠᠮᠲᠤ ᠶᠢᠨ ᠲᠠᠸᠠᠷ ᠤᠨ ᠲᠡᠮᠳᠡᠭ ᠤᠨ ᠲᠥᠯᠥᠭᠡᠯᠡᠭᠴᠢ ᠪᠤᠶᠤ ᠭᠠᠵᠠᠷ | ᠵᠦᠢ ᠶᠢᠨ ᠳᠡᠮᠳᠡᠭ ᠤᠨ ᠨᠢᠭᠡᠳᠦᠭᠡᠷ ᠭᠤᠶᠤᠴᠢᠯᠠᠭᠴᠢ ᠶᠢ ᠲᠤᠰᠠᠯᠠᠬᠤ ᠪᠡᠯᠡ ᠮᠥᠩᠭᠦ ᠶᠢᠨ ᠭᠤᠶᠤᠴᠢᠯᠠᠭᠴᠢ | ᠪᠣᠯᠭᠠᠨ᠎ᠠ︔ ᠡᠷᠬᠡᠲᠦ ᠬᠥᠮᠦᠨ ᠤ ᠲᠡᠰ ᠳᠠᠷᠠᠭᠠᠯᠠᠯ ᠢ ᠢᠯᠭᠠᠬᠤ ᠦᠭᠡᠢ ᠭᠠᠳᠠᠭᠠᠳᠤ ᠶᠢᠨ ᠲᠤᠰᠬᠠᠶ ᠠᠰᠢᠭ ᠤᠨ | ᠡᠷᠬᠡ ᠶᠢ ᠪᠣᠯ ᠲᠤᠰᠬᠠᠶ ᠠᠰᠢᠭ ᠭᠤᠶᠤᠴᠢᠯᠠᠬᠤ ᠦᠶ᠎ᠡ ᠶᠢᠨ ᠨᠢᠭᠡᠳᠦᠭᠡᠷ ᠭᠤᠶᠤᠴᠢᠯᠠᠭᠴᠢ ᠪᠠᠷ ᠪᠡᠯᠡ ᠮᠥᠩᠭᠦ ᠪᠠᠷ | ᠲᠤᠰᠠᠯᠠᠨ ᠱᠠᠩᠨᠠᠬᠤ ᠭᠤᠶᠤᠴᠢᠯᠠᠭᠴᠢ ᠪᠤᠯᠭᠠᠨ᠎ᠠ︔ ᠭᠠᠵᠠᠷ ᠵᠦᠢ ᠶᠢᠨ ᠳᠡᠮᠳᠡᠭ ᠤᠨ ᠲᠤᠰᠠᠯᠠᠬᠤ ᠪᠡᠯᠡ | ᠮᠥᠩᠭᠦ ᠶᠢᠨ ᠭᠤᠶᠤᠴᠢᠯᠠᠭᠴᠢ ᠨᠢ ᠡᠷᠬᠡᠪᠰᠢ ᠨᠡᠶᠢᠭᠡᠮ ᠤᠨ ᠪᠦᠯᠬᠦᠮ ᠪᠠᠶᠢᠬᠤ ᠬᠡᠷᠡᠭᠲᠡᠶ᠃ | ᠵᠢᠷᠭᠤᠳᠤᠭᠠᠷ ᠵᠦᠢᠯ ᠪᠡᠯᠡ ᠮᠦᠩᠭᠦ ᠪᠠᠷ ᠲᠤᠰᠠᠯᠠᠬᠤ ᠬᠡᠪᠴᠢᠶ᠎ᠡ | ︵ᠨᠢᠭᠡ︶ ᠤᠯᠡᠠ ᠤᠯᠤᠰ ᠤᠨ ᠳᠠᠩᠰᠠᠯᠠᠭᠤᠯᠤᠭᠰᠠᠨ ᠲᠠᠸᠠᠷ ᠤᠨ ᠲᠡᠮᠳᠡᠭ︔ | ︵ᠬᠤᠶᠠᠷ︶ ᠲᠤᠰᠬᠠᠶ ᠠᠰᠢᠭ ᠢ ᠬᠤᠪᠢᠷᠠᠭᠤᠯᠬᠤ︔ | ︵ᠭᠤᠷᠪᠠ︶ ᠤᠯᠤᠰ ᠤᠨ ᠳᠣᠲᠣᠭᠠᠳᠤ ᠭᠠᠳᠠᠭᠠᠳᠤ ᠶᠢᠨ ᠲᠤᠰᠬᠠᠶ ᠠᠰᠢᠭ ᠤᠨ ᠱᠠᠩᠨᠠᠯ︔ | ︵ᠲᠦᠷᠪᠡ︶ ᠭᠠᠵᠠᠷ ᠵᠦᠢ ᠶᠢᠨ ᠲᠡᠮᠳᠡᠭ ᠲᠠᠢ ᠲᠠᠸᠠᠷ ᠤᠨ ᠲᠡᠮᠳᠡᠭ︔ | ︵ᠲᠠᠪᠤ︶ ᠭᠠᠵᠠᠷ ᠵᠦᠢ ᠶᠢᠨ ᠪᠡᠯᠭᠡ ᠳᠡᠮᠳᠡᠭ ᠤᠨ ᠬᠠᠮᠠᠭᠠᠯᠠᠯᠲᠠ ᠶᠢᠨ ᠪᠦᠲᠦᠭᠡᠭᠳᠡᠬᠦᠨ︔ | ︵ᠵᠢᠷᠭᠤᠭ᠎ᠠ︶ ︽ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠬᠠᠮᠢᠶᠠᠷᠤᠯᠲᠠ ᠶᠢᠨ ᠵᠢᠷᠤᠮᠵᠢᠯ GB/T29490 — 2013︾ ᠤᠨ ᠭᠡᠷᠡᠴᠢᠯᠡᠯ ᠢ ᠤᠯᠤᠭᠰᠠᠨ ᠠᠵᠤ | ᠠᠬᠤᠶᠢᠯᠠᠯ︔ | ︵ᠳᠣᠯᠤᠭ᠎ᠠ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠢᠱᠢᠶ᠎ᠡ ᠦᠵᠡᠭᠦᠯᠬᠦ᠂ ᠳᠠᠪᠠᠭᠤᠯᠢᠭ | ᠠᠵᠤ ᠠᠬᠤᠶᠢᠯᠠᠯ︔ | ︵ᠨᠠᠢᠮᠠ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠰᠢᠶᠠᠨ ᠤ | ᠲᠤᠷᠰᠢᠯᠲᠠ ᠶᠢᠨ ᠰᠢᠶᠠᠨ ︵ᠤᠯᠠᠮᠵᠢᠯᠠᠯᠲᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ | ᠲᠤᠷᠰᠢᠯᠲᠠ ᠶᠢᠨ ᠰᠢᠶᠠᠨ︶︔ | ︵ᠶᠢᠰᠦ︶ ᠳᠤᠮᠳᠠᠳᠤ ᠪᠠᠭ᠎ᠠ ᠰᠤᠷᠭᠠᠭᠤᠯᠢ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠲᠤᠷᠰᠢᠯᠲᠠ ᠶᠢᠨ ᠰᠤᠷᠭᠠᠭᠤᠯᠢ︔ | ︵ᠠᠷᠪᠠ︶ ᠪᠡᠯᠡ ᠮᠥᠩᠭᠦ ᠪᠠᠷ ᠲᠤᠰᠠᠯᠠᠵᠤ ᠱᠠᠩᠨᠠᠬᠤ ᠴᠢᠬᠤᠯᠠ ᠲᠠᠢ ᠪᠤᠰᠤᠳ ᠪᠠᠶᠢᠳᠠᠯ᠃ | ᠳᠣᠯᠣᠳᠤᠭᠠᠷ ᠵᠦᠢᠯ ᠪᠡᠯᠡ ᠮᠥᠩᠭᠦ ᠪᠠᠷ ᠲᠤᠰᠠᠯᠠᠨ ᠱᠠᠩᠨᠠᠬᠤ ᠨᠥᠬᠦᠴᠡᠯ | ︵ᠨᠢᠭᠡ︶ ᠪᠡᠯᠡ ᠮᠥᠩᠭᠦᠨ ᠤ ᠲᠤᠰᠠᠯᠠᠮᠵᠢ ᠶᠢ ᠭᠤᠶᠤᠴᠢᠯᠠᠭᠰᠠᠨ ᠲᠤᠰᠬᠠᠶ ᠠᠰᠢᠭ ᠨᠢ ᠨᠢᠭᠡᠨᠲᠡ ᠡᠷᠬᠡ | ᠤᠯᠤᠭᠰᠠᠨ ᠮᠦᠷᠲᠡᠬᠡᠨ ᠶᠠᠮᠠᠷ ᠴᠤ ᠪᠡᠯᠡ ᠮᠥᠩᠭᠦᠨ ᠤ ᠲᠤᠰᠠᠯᠠᠮᠵᠢ ᠶᠢ ᠡᠳ᠋ᠯᠡᠭᠡ ᠦᠭᠡᠢ ᠡᠭᠦᠳᠦᠯᠲᠡ ᠶᠢᠨ ᠲᠤᠰᠬᠠᠶ | ᠠᠰᠢᠭ ᠪᠠᠶᠢᠬᠤ ᠬᠡᠷᠡᠭᠲᠡᠶ︔ | ︵ᠬᠤᠶᠠᠷ︶ ᠪᠡᠯᠡ ᠮᠥᠩᠭᠦᠨ ᠤ ᠲᠤᠰᠠᠯᠠᠮᠵᠢ ᠶᠢ ᠭᠤᠶᠤᠴᠢᠯᠠᠭᠰᠠᠨ ᠲᠤᠰᠬᠠᠶ ᠠᠰᠢᠭ ᠨᠢ ᠨᠡᠯᠢᠶᠡᠳ ᠥᠨᠳᠥᠷ | ᠮᠡᠷᠭᠡᠵᠢᠯ ᠤᠨ ᠠᠭᠤᠯᠤᠭᠳᠠᠴᠠ ᠲᠠᠢ ᠪᠠ ᠨᠡᠯᠢᠶᠡᠳ ᠰᠠᠶᠢᠨ ᠵᠠᠬ᠎ᠠ ᠳᠡᠯᠭᠡᠭᠦᠷ ᠤᠨ ᠬᠡᠷᠡᠭᠯᠡᠭᠡᠨ ᠤ ᠢᠷᠡᠭᠡᠳᠦᠢ ᠲᠠᠢ | ᠪᠠᠶᠢᠵᠤ᠂ ᠮᠠᠨ ᠤ ᠬᠤᠲᠠ ᠶᠢᠨ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠳᠤ ᠨᠡᠶᠢᠴᠡᠭᠰᠡᠨ ᠪᠠᠶᠢᠬᠤ ᠬᠡᠷᠡᠭᠲᠡᠶ︔ | | ︵ᠭᠤᠷᠪᠠ︶ ᠲᠤᠰᠬᠠᠶ ᠠᠰᠢᠭ ᠤᠨ ᠡᠷᠬᠡ ᠶᠢᠨ ᠬᠠᠷᠢᠶᠠᠯᠠᠯ ᠨᠢ ᠲᠣᠳᠣᠷᠬᠠᠶ︔ | ︵ᠲᠦᠷᠪᠡ︶ ᠨᠢᠭᠡᠨᠲᠡ ᠲᠠᠸᠠᠷ ᠤᠨ ᠲᠡᠮᠳᠡᠭ ᠤᠨ ᠦᠨᠡᠮᠯᠡᠯ ᠣᠯᠤᠭᠰᠠᠨ᠃ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠡᠭᠦᠳᠦᠯᠲᠡ ᠶᠢᠨ ᠲᠤᠰᠬᠠᠶ ᠠᠰᠢᠭ ᠤᠨ ᠵᠠᠷᠤᠳᠠᠯ ᠢ ᠪᠡᠯᠡ ᠮᠦᠩᠭᠦ ᠪᠠᠷ ᠲᠤᠰᠠᠯᠠᠬᠤ | ᠠᠷᠭ᠎ᠠ︾ ᠳᠤ ᠲᠣᠭᠲᠠᠭᠠᠭᠰᠠᠨ ᠪᠡᠯᠡ ᠮᠦᠩᠬᠦ ᠪᠠᠷ ᠲᠤᠰᠠᠯᠠᠬᠤ ᠨᠥᠬᠦᠴᠡᠯ ᠳᠤ ᠨᠡᠶᠢᠴᠡᠭᠰᠡᠨ ᠪᠠᠶᠢᠪᠠᠯ᠂ | ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠰᠠᠭ ᠵᠠᠬᠢᠷᠭᠠᠨ ᠤ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠪᠡᠯᠡ ᠮᠥᠩᠭᠦᠨ ᠤ ᠲᠤᠰᠠᠯᠠᠮᠵᠢ ᠭᠤᠶᠤᠴᠢᠯᠠᠨ᠎ᠠ︔ | ᠥᠪᠡᠷᠲᠡᠭᠡᠨ ᠵᠠᠰᠠᠬᠤ ᠣᠷᠣᠨ ᠤ ᠲᠤᠰᠬᠠᠶ ᠠᠰᠢᠭ ᠤᠨ ᠪᠡᠯᠡ ᠮᠥᠩᠭᠦᠨ ᠤ ᠲᠤᠰᠠᠯᠠᠮᠵᠢ ᠶᠢ ᠨᠢᠭᠡᠨᠲᠡ ᠭᠤᠶᠤᠴᠢᠯᠠᠵᠤ | ᠣᠯᠤᠭᠰᠠᠨ ᠲᠥᠷᠥᠯ ᠵᠦᠢᠯ ᠢ ᠮᠠᠨ ᠤ ᠬᠤᠲᠠ ᠠᠴᠠ ᠳᠠᠭᠢᠵᠤ ᠳᠠᠪᠬᠤᠷᠳᠠᠭᠤᠯᠤᠨ ᠲᠤᠰᠠᠯᠠᠬᠤ ᠥᠬᠡᠶ᠃ | ᠨᠠᠢᠮᠠᠳᠤᠭᠠᠷ ᠵᠦᠢᠯ ᠪᠡᠯᠡ ᠮᠥᠩᠭᠦ ᠪᠠᠷ ᠲᠤᠰᠠᠯᠠᠨ ᠱᠠᠩᠨᠠᠬᠤ ᠪᠠᠷᠢᠮᠵᠢᠶ᠎ᠠ | ︵ᠨᠢᠭᠡ︶ ᠤᠯᠤᠰ ᠤᠨ ᠭᠠᠳᠠᠭᠠᠳᠤ ᠳᠤ ᠳᠠᠩᠰᠠᠯᠠᠭᠤᠯᠤᠭᠰᠠᠨ ᠲᠠᠸᠠᠷ ᠤᠨ ᠲᠡᠮᠳᠡᠭ ᠢ ᠣᠯᠤᠭᠰᠠᠨ | ᠭᠤᠶᠤᠴᠢᠯᠠᠭᠴᠢ ᠶᠢ ᠳᠣᠣᠷᠠᠬᠢ ᠪᠠᠷᠢᠮᠵᠢᠶ᠎ᠠ ᠪᠠᠷ ᠲᠤᠰᠠᠯᠠᠨ᠎ᠠ᠄ | 1. ᠮᠠᠲᠷᠢᠳ᠋ ᠤᠨ ᠰᠢᠰᠲ᠋ᠧᠮᠵᠢ ᠪᠠᠷ ᠳᠡᠮᠵᠢᠨ ᠳᠠᠩᠰᠠᠯᠠᠭᠤᠯᠤᠭᠰᠠᠨ ᠪᠠᠶᠢᠪᠠᠯ᠂ ᠤᠯᠤᠰ ︵ᠭᠠᠵᠠᠷ ᠣᠷᠣᠨ︶ | ᠤᠨ ᠵᠦᠢᠯ ᠪᠦᠷᠢ ᠶᠢ 5000 ᠲᠥᠭᠦᠷᠢᠭ ᠢᠶᠠᠷ ᠲᠤᠰᠠᠯᠠᠵᠤ᠂ ᠬᠠᠮᠤᠭ ᠠᠷᠪᠢᠨ ᠳᠠᠭᠠᠨ 5 ᠤᠯᠤᠰ ︵ᠭᠠᠵᠠᠷ | ᠣᠷᠣᠨ︶ ᠠᠴᠠ ᠬᠡᠲᠦᠷᠡᠵᠦ ᠪᠣᠯᠬᠤ ᠥᠬᠡᠶ᠃ | 2. ᠭᠠᠭᠴᠠᠬᠠᠨ ᠤᠯᠤᠰ ᠲᠤ ᠳᠠᠩᠰᠠᠯᠠᠭᠤᠯᠤᠭᠰᠠᠨ ᠪᠠᠶᠢᠪᠠᠯ᠂ ᠤᠯᠤᠰ ︵ᠭᠠᠵᠠᠷ ᠣᠷᠣᠨ︶ ᠨᠢᠭᠡᠪᠦᠷᠢ ᠶᠢᠨ | ᠵᠦᠢᠯ ᠪᠦᠷᠢ ᠶᠢᠨ ᠲᠤᠰᠠᠯᠠᠮᠵᠢ ᠶᠢᠨ ᠮᠥᠩᠭᠦ ᠶᠢ 3000 ᠲᠥᠭᠦᠷᠢᠭ ᠠᠴᠠ ᠬᠡᠲᠦᠷᠡᠭᠦᠯᠵᠦ ᠪᠣᠯᠬᠤ ᠥᠬᠡᠶ᠃ ︵ | ᠬᠤᠶᠠᠷ︶ ᠬᠤᠲᠠ ᠶᠢᠨ ᠬᠠᠷᠢᠶ᠎ᠠ ᠵᠢᠴᠢ ᠬᠥᠬᠡᠬᠤᠲᠠ ᠳᠤ ᠰᠠᠭᠤᠭ᠎ᠠ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ | ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠤᠨ ᠮᠡᠷᠭᠡᠵᠢᠯ ᠤᠨ ᠭᠡᠷ᠎ᠡ ᠪᠠᠷ ᠨᠢᠭᠡᠨᠲᠡ ᠲᠤᠭᠲᠠᠭᠠᠯᠭᠠᠵᠤ᠂ | ᠮᠠᠨ ᠤ ᠬᠤᠲᠠ ᠳᠤ ᠤᠯᠠᠷᠢᠭᠤᠯᠤᠨ ᠬᠡᠷᠡᠭᠯᠡᠬᠦ ᠶᠢᠨ ᠬᠠᠮᠲᠤ ᠨᠡᠯᠢᠶᠡᠳ ᠰᠠᠶᠢᠨ ᠠᠵᠤ ᠠᠬᠤᠶ ᠶᠢᠨ ᠦᠷ᠎ᠡ ᠠᠰᠢᠭ | ᠭᠠᠷᠭᠠᠭᠰᠠᠨ ᠲᠤᠰᠬᠠᠶ ᠠᠰᠢᠭ ᠢ ᠤᠯᠠᠷᠢᠭᠤᠯᠬᠤ ᠲᠥᠷᠥᠯ ᠵᠦᠢᠯ ᠢ ᠲᠤᠰᠬᠠᠶ ᠮᠡᠷᠭᠡᠵᠢᠯᠲᠡᠨ ᠤ ᠬᠢᠨᠠᠨ ᠲᠣᠭᠲᠠᠭᠠᠭᠰᠠᠨ | ᠰᠠᠨᠠᠯ ᠢ ᠦᠨᠳᠦᠰᠦᠯᠡᠨ ᠰᠢᠯᠢᠳᠡᠭ ᠢ ᠨᠢ ᠰᠣᠩᠭᠤᠨ ᠱᠠᠩᠨᠠᠵᠤ᠂ ᠲᠥᠷᠥᠯ ᠵᠦᠢᠯ ᠨᠢᠭᠡᠪᠦᠷᠢ ᠶᠢ ᠨᠢᠭᠡ ᠤᠳᠠᠭ᠎ᠠ ᠳᠤ | 10 ᠲᠦᠮᠡᠨ ᠲᠥᠭᠦᠷᠢᠭ ᠢᠶᠠᠷ ᠱᠠᠩᠨᠠᠵᠤ᠂ ᠵᠢᠯ ᠪᠦᠷᠢ 10 ᠲᠥᠷᠥᠯ ᠵᠦᠢᠯ ᠠᠴᠠ ᠬᠡᠲᠦᠷᠡᠭᠦᠯᠬᠦ ᠥᠬᠡᠶ᠃ | ︵ᠭᠤᠷᠪᠠ︶ ᠤᠯᠤᠰ ᠤᠨ ᠳᠣᠲᠣᠭᠠᠳᠤ ᠶᠢᠨ ᠪᠠ ᠭᠠᠳᠠᠭᠠᠳᠤ ᠶᠢᠨ ᠲᠤᠰᠬᠠᠶ ᠠᠰᠢᠭ ᠤᠨ ᠠᠯᠳᠠᠨ ᠱᠠᠩᠨᠠᠯ᠂ | ᠮᠥᠩᠭᠦᠨ ᠱᠠᠩᠨᠠᠯ ᠪᠠ ᠰᠢᠯᠢᠳᠡᠭ ᠱᠠᠩᠨᠠᠯ ᠢ ᠣᠯᠤᠭᠰᠠᠨ ᠪᠠᠶᠢᠪᠠᠯ᠂ ᠵᠦᠢᠯ ᠨᠢᠭᠡᠪᠦᠷᠢ ᠶᠢ ᠲᠤᠰ ᠲᠤᠰ 50 ᠲᠦᠮᠡᠨ | ᠲᠥᠭᠦᠷᠢᠭ᠂ 20 ᠲᠦᠮᠡᠨ ᠲᠥᠭᠦᠷᠢᠭ᠂ 10 ᠲᠦᠮᠡᠨ ᠲᠥᠭᠦᠷᠢᠭ ᠢᠶᠠᠷ ᠱᠠᠩᠨᠠᠨ᠎ᠠ︔ ᠭᠠᠳᠠᠷ ᠳᠦᠷᠰᠦ ᠶᠢᠨ | ᠵᠢᠷᠤᠭ ᠲᠥᠯᠥᠪᠯᠡᠭᠡᠨ ᠤ ᠠᠯᠲᠠᠨ ᠱᠠᠩᠨᠠᠯ᠂ ᠮᠥᠩᠭᠦᠨ ᠱᠠᠩᠨᠠᠯ ᠪᠠ ᠰᠢᠯᠢᠳᠡᠭ ᠱᠠᠩᠨᠠᠯ ᠭᠥᠷᠳᠡᠭᠰᠡᠳ ᠢ ᠲᠣᠰ ᠲᠣᠰ | 15 ᠲᠦᠮᠡᠨ ᠲᠥᠭᠦᠷᠢᠭ᠂ 10 ᠲᠦᠮᠡᠨ ᠲᠥᠭᠦᠷᠢᠭ᠂ 5 ᠲᠦᠮᠡᠨ ᠲᠥᠭᠦᠷᠢᠭ ᠢᠶᠠᠷ ᠱᠠᠩᠨᠠᠨ᠎ᠠ︔ ᠬᠡᠷᠡᠭᠯᠡᠭᠡᠨ ᠤ | ᠰᠢᠨ᠎ᠡ ᠬᠡᠯᠪᠡᠷᠢ ᠶᠢᠨ ᠵᠢᠷᠤᠭ ᠲᠥᠯᠥᠪᠯᠡᠭᠡ ᠶᠢᠨ ᠠᠯᠲᠠᠨ ᠱᠠᠩᠨᠠᠯ᠂ ᠮᠥᠩᠭᠦᠨ ᠱᠠᠩᠨᠠᠯ ᠪᠠ ᠰᠢᠯᠢᠳᠡᠭ ᠱᠠᠩᠨᠠᠯ | ᠭᠥᠷᠳᠡᠭᠰᠡᠳ ᠢ ᠲᠣᠰ ᠲᠣᠰ 10 ᠲᠦᠮᠡᠨ ᠲᠥᠭᠦᠷᠢᠭ᠂ 5 ᠲᠦᠮᠡᠨ ᠲᠥᠭᠦᠷᠢᠭ᠂ 3 ᠲᠦᠮᠡᠨ ᠲᠥᠭᠦᠷᠢᠭ ᠢᠶᠠᠷ | ᠱᠠᠩᠨᠠᠨ᠎ᠠ᠃ ᠠᠳᠠᠯᠢ ᠨᠢᠭᠡᠨ ᠲᠤᠰᠬᠠᠶ ᠠᠰᠢᠭ ᠤᠨ ᠵᠦᠢᠯ ᠨᠢ ᠠᠳᠠᠯᠢ ᠪᠤᠰᠤ ᠲᠡᠰ ᠤᠨ ᠲᠤᠰᠬᠠᠶ ᠠᠰᠢᠭ ᠤᠨ | ᠱᠠᠩᠨᠠᠯ ᠤᠨ ᠵᠦᠢᠯ ᠢ ᠣᠯᠤᠭᠰᠠᠨ ᠪᠠᠶᠢᠪᠠᠯ᠂ ᠣᠯᠤᠭᠰᠠᠨ ᠬᠠᠮᠤᠭ ᠤᠨ ᠥᠨᠳᠥᠷ ᠱᠠᠩᠨᠠᠯ ᠤᠨ ᠵᠦᠢᠯ ᠤᠨ | ᠱᠠᠩᠨᠠᠯ ᠤᠨ ᠵᠣᠭᠤᠰ ᠤᠨ ᠲᠤᠭ᠎ᠠ ᠪᠠᠷ ᠱᠠᠩᠨᠠᠨ᠎ᠠ᠂ ᠳᠠᠪᠬᠤᠷᠳᠠᠭᠤᠯᠤᠨ ᠱᠠᠩᠨᠠᠬᠤ ᠦᠭᠡᠢ᠃ | ︵ᠳᠥᠷᠪᠡ︶ ᠭᠠᠵᠠᠷ ᠵᠦᠶ ᠶᠢᠨ ᠲᠡᠮᠳᠡᠭ ᠤᠨ ᠭᠡᠷᠡᠴᠢᠯᠡᠯ ︵ᠬᠠᠮᠲᠤ ᠨᠡᠶᠢᠲᠡ︶ ᠤᠨ ᠲᠠᠸᠠᠷ ᠤᠨ ᠲᠡᠮᠳᠡᠭ ᠢ | ᠠᠮᠵᠢᠯᠲᠠ ᠲᠠᠢ ᠳᠠᠩᠰᠠᠯᠠᠭᠤᠯᠤᠭᠰᠠᠨ ᠪᠠᠶᠢᠪᠠᠯ ᠨᠢᠭᠡ ᠯᠡ ᠤᠳᠠᠭ᠎ᠠ ᠳᠤ 50 ᠲᠦᠮᠡᠨ ᠲᠥᠭᠦᠷᠢᠭ ᠢᠶᠠᠷ ᠱᠠᠩᠨᠠᠨ᠎ᠠ︔ | ᠭᠠᠵᠠᠷ ᠵᠦᠢ ᠶᠢᠨ ᠳᠡᠮᠳᠡᠭ ᠢ ᠰᠢᠨ᠎ᠡ ᠪᠠᠷ ᠣᠯᠤᠭᠰᠠᠨ ᠦᠢᠯᠡᠳᠬᠦᠨ ᠤ ᠨᠢᠭᠡ ᠵᠦᠢᠯ ᠢ ᠨᠢᠭᠡ ᠤᠳᠠᠭ᠎ᠠ ᠳᠤ 50 | ᠲᠦᠮᠡᠨ ᠲᠥᠭᠦᠷᠢᠭ ᠢᠶᠠᠷ ᠱᠠᠩᠨᠠᠨ᠎ᠠ᠃ | ︵ᠲᠠᠪᠤ︶ ︽ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠬᠠᠮᠢᠶᠠᠷᠤᠯᠲᠠ ᠶᠢᠨ ᠵᠢᠷᠤᠮᠵᠢᠯ GB/T29490 — 2013︾ ᠤᠨ ᠭᠡᠷᠡᠴᠢᠯᠡᠯ ᠢ ᠤᠯᠵᠤ ᠦᠨᠡᠮᠯᠡᠯ | ᠭᠠᠷᠳᠠᠭᠰᠠᠨ ᠠᠵᠤ ᠠᠬᠤᠶᠢᠯᠠᠯ ᠳᠤ᠂ ᠤᠳᠠᠭ᠎ᠠ ᠪᠦᠷᠢ ᠶᠢᠨ ᠲᠤᠰᠠᠯᠠᠮᠵᠢ ᠶᠢ ᠭᠡᠷᠡᠴᠢᠯᠡᠯ ᠤᠨ ᠪᠠᠶᠢᠭᠤᠯᠤᠮᠵᠢ ᠠᠴᠠ | ᠬᠤᠷᠢᠶᠠᠭᠰᠠᠨ ︽ᠠᠩᠬᠠᠨ ᠤ ᠭᠡᠷᠡᠴᠢᠯᠡᠯ᠂ ᠬᠢᠨᠠᠯᠲᠠ ᠲᠠᠯᠪᠢᠵᠤ ᠬᠢᠨᠠᠨ ᠬᠠᠷᠭᠤᠭᠤᠯᠬᠤ ᠠᠴᠠ ᠳᠠᠬᠢᠨ ᠭᠡᠷᠡᠴᠢᠯᠡᠯ ᠬᠢᠬᠦ | ᠬᠦᠷᠲᠡᠯᠡᠬᠢ︾ ᠠᠩᠬᠠᠳᠠᠭᠴᠢ ᠭᠡᠷᠡᠴᠢᠯᠡᠯ ᠤᠨ ᠦᠶᠡᠯᠡᠯ ᠤᠨ ᠬᠤᠭᠤᠴᠠᠭᠠᠨ ᠳᠤ ᠪᠣᠳᠠᠲᠠᠶ ᠡᠭᠦᠰᠦᠭᠰᠡᠨ | ᠭᠡᠷᠡᠴᠢᠯᠡᠯ ᠤᠨ ᠵᠠᠷᠤᠳᠠᠯ᠂ ᠭᠡᠷᠡᠴᠢᠯᠡᠯ ᠤᠨ ᠪᠠᠶᠢᠭᠤᠯᠤᠮᠵᠢ ᠠᠴᠠ ᠭᠠᠷᠭᠠᠭᠰᠠᠨ ᠰᠦᠢᠳᠭᠡᠯ ᠬᠤᠷᠢᠶᠠᠬᠤ ᠫᠢᠶᠣᠣ | ᠪᠠᠷᠢᠮᠲᠠ ᠪᠠᠷ ᠪᠠᠷᠢᠮᠵᠢᠶ᠎ᠠ ᠪᠣᠯᠭᠠᠨ᠎ᠠ᠃ ︵ᠵᠢᠷᠭᠤᠭ᠎ᠠ︶ ᠵᠦᠪᠰᠢᠶᠡᠷᠡᠭᠳᠡᠭᠰᠡᠨ ᠤᠯᠤᠰ ᠤᠨ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠢᠱᠢᠶ᠎ᠡ ᠦᠵᠡᠭᠦᠯᠬᠦ᠂ ᠳᠠᠪᠠᠭᠤᠯᠢᠭ ᠠᠵᠤ ᠠᠬᠤᠶᠢᠯᠠᠯ ᠳᠤ ᠲᠣᠰ ᠲᠣᠰ | ᠨᠢᠭᠡ ᠤᠳᠠᠭ᠎ᠠ ᠶᠢᠨ ᠴᠢᠨᠠᠷᠲᠠᠢ ᠪᠠᠷ 50 ᠲᠦᠮᠡᠨ ᠲᠥᠭᠦᠷᠢᠭ ᠪᠠ 30 ᠲᠦᠮᠡᠨ ᠲᠥᠭᠦᠷᠢᠭ ᠤᠨ ᠱᠠᠩᠨᠠᠯ ᠣᠯᠭᠤᠨ᠎ᠠ | ︔ ᠵᠦᠪᠰᠢᠶᠡᠷᠡᠭᠳᠡᠭᠰᠡᠨ ᠥᠪᠡᠷᠲᠡᠭᠡᠨ ᠵᠠᠰᠠᠬᠤ ᠣᠷᠣᠨ ᠤ ᠳᠠᠪᠠᠭᠤᠯᠢᠭ ᠠᠵᠤ ᠠᠬᠤᠶᠢᠯᠠᠯ ᠳᠤ ᠨᠢᠭᠡ ᠤᠳᠠᠭ᠎ᠠ ᠶᠢᠨ | ᠴᠢᠨᠠᠷᠲᠠᠶ ᠪᠠᠷ 20 ᠲᠦᠮᠡᠨ ᠲᠥᠭᠦᠷᠢᠭ ᠤᠨ ᠱᠠᠩᠨᠠᠯ ᠣᠯᠭᠤᠨ᠎ᠠ︔ ᠪᠤᠶᠢᠵᠢᠭᠤᠯᠬᠤ ᠳᠤ ᠬᠢᠷᠢ ᠲᠡᠩᠴᠡᠭᠰᠡᠨ | ᠪᠥᠭᠡᠳ ᠵᠦᠪᠰᠢᠶᠡᠷᠡᠭᠳᠡᠭᠰᠡᠨ ᠬᠥᠬᠡᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠳᠠᠪᠠᠭᠤᠯᠢᠭ ᠠᠵᠤ ᠠᠬᠤᠶᠢᠯᠠᠯ ᠳᠤ ᠨᠢᠭᠡ ᠤᠳᠠᠭ᠎ᠠ ᠶᠢᠨ ᠴᠢᠨᠠᠷᠲᠠᠢ ᠪᠠᠷ 10 ᠲᠦᠮᠡᠨ ᠲᠥᠭᠦᠷᠢᠭ ᠤᠨ ᠱᠠᠩᠨᠠᠯ | ᠣᠯᠭᠤᠨ᠎ᠠ᠃ ᠣᠯᠠᠨ ᠲᠦᠷᠦᠯ᠂ ᠣᠯᠠᠨ ᠱᠠᠲᠤ ᠪᠠᠷ ᠵᠦᠪᠰᠢᠶᠡᠷᠡᠭᠳᠡᠭᠰᠡᠨ ᠪᠠᠶᠢᠪᠠᠯ᠂ ᠵᠥᠷᠢᠶ᠎ᠡ ᠶᠢ ᠨᠥᠬᠦᠪᠥᠷᠢᠯᠡᠬᠦ᠂ | ᠥᠨᠳᠥᠷ ᠢ ᠪᠠᠲᠤᠯᠠᠬᠤ ᠵᠠᠷᠴᠢᠮ ᠢᠶᠠᠷ ᠱᠠᠩᠨᠠᠨ᠎ᠠ᠃ | ︵ᠳᠣᠯᠤᠭ᠎ᠠ︶ ᠵᠦᠪᠰᠢᠶᠡᠷᠡᠭᠳᠡᠭᠰᠡᠨ ᠤᠯᠤᠰ᠂ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠰᠢᠶᠠᠨ ᠢᠶᠠᠨ ᠬᠦᠴᠦᠷᠬᠡᠭᠵᠢᠭᠦᠯᠬᠦ ᠢᠨᠵᠧᠨᠧᠷᠢᠩ ᠤᠨ ᠲᠤᠷᠰᠢᠯᠲᠠ ᠶᠢᠨ | ᠰᠢᠶᠠᠨ ︵ᠤᠯᠠᠮᠵᠢᠯᠠᠯᠲᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠲᠤᠷᠰᠢᠯᠲᠠ ᠶᠢᠨ | ᠰᠢᠶᠠᠨ︶ ᠳᠤ ᠲᠣᠰ ᠲᠣᠰ ᠨᠢᠭᠡ ᠤᠳᠠᠭ᠎ᠠ ᠶᠢᠨ ᠴᠢᠨᠠᠷᠲᠠᠶ 50 ᠲᠦᠮᠡᠨ ᠲᠥᠭᠦᠷᠢᠭ᠂ 30 ᠲᠦᠮᠡᠨ | ᠲᠥᠭᠦᠷᠢᠭ ᠤᠨ ᠱᠠᠩᠨᠠᠯ ᠣᠯᠭᠤᠨ᠎ᠠ᠃ ︵ᠨᠠᠢᠮᠠ︶ ᠵᠦᠪᠰᠢᠶᠡᠷᠡᠭᠳᠡᠭᠰᠡᠨ ᠤᠯᠤᠰ᠂ ᠥᠪᠡᠷᠲᠡᠭᠡᠨ ᠵᠠᠰᠠᠬᠤ | ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠲᠤᠷᠰᠢᠯᠲᠠ ᠶᠢᠨ ᠰᠤᠷᠭᠠᠭᠤᠯᠢ ᠳᠤ ᠲᠣᠰ ᠲᠣᠰ ᠨᠢᠭᠡ ᠤᠳᠠᠭ᠎ᠠ ᠶᠢᠨ ᠴᠢᠨᠠᠷᠲᠠᠶ ᠪᠠᠷ 20 ᠲᠦᠮᠡᠨ ᠲᠥᠭᠦᠷᠢᠭ᠂ | 10 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ | ᠶᠢᠰᠦᠳᠦᠭᠡᠷ ᠵᠦᠢᠯ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠪᠡᠯᠡ ᠮᠥᠩᠭᠦ ᠪᠠᠷ ᠲᠤᠰᠠᠯᠠᠵᠤ ᠱᠠᠩᠨᠠᠬᠤ | ᠥᠭᠡᠢ᠃ | ︵ᠨᠢᠭᠡ︶ ᠬᠦᠴᠦᠨ ᠤᠢᠭᠡᠢ ᠪᠣᠯᠤᠭᠰᠠᠨ ᠲᠤᠰᠬᠠᠶ ᠠᠰᠢᠭ᠂ ᠲᠠᠸᠠᠷ ᠤᠨ ᠲᠡᠮᠳᠡᠭᠲᠦ︔ | ︵ᠬᠤᠶᠠᠷ︶ ᠬᠤᠳᠠ ᠶᠢᠨ ᠱᠠᠲᠤᠨ ᠤ ᠡᠳ᠋ ᠤᠨ ᠵᠠᠰᠠᠭ ᠤᠨ ᠪᠤᠰᠤᠳ ᠳᠡᠮᠵᠢᠯᠭᠡ ᠶᠢ ᠣᠯᠤᠭᠰᠠᠨ ᠲᠤᠰᠬᠠᠶ | ᠠᠰᠢᠭ᠂ ᠲᠠᠸᠠᠷ ᠤᠨ ᠲᠡᠮᠳᠡᠭᠲᠦ︔ | ︵ᠭᠤᠷᠪᠠ︶ ᠡᠷᠬᠡ ᠶᠢᠨ ᠬᠠᠷᠢᠶᠠᠯᠠᠯ ᠤᠨ ᠵᠢᠭᠤᠷᠠᠯᠳᠤᠭᠠᠨ ᠲᠠᠢ ᠲᠤᠰᠬᠠᠶ ᠠᠰᠢᠭ᠂ ᠲᠠᠸᠠᠷ ᠤᠨ ᠲᠡᠮᠳᠡᠭ︔ | | ︵ᠲᠦᠷᠪᠡ︶ ᠲᠤᠰᠬᠠᠶ ᠠᠰᠢᠭ ᠭᠤᠶᠤᠴᠢᠯᠠᠬᠤ ᠦᠶ᠎ᠡ ᠶᠢᠨ ᠨᠢᠭᠡᠳᠦᠭᠡᠷ ᠭᠤᠶᠤᠴᠢᠯᠠᠭᠴᠢ ᠨᠢ ᠪᠤᠰᠤᠳ | ᠬᠤᠳᠠ ᠶᠢᠨ︔ | ︵ᠲᠠᠪᠤ︶ ᠢᠲᠡᠭᠡᠯ ᠢᠶᠠᠨ ᠠᠯᠳᠠᠭᠰᠠᠳ ᠢ ᠬᠠᠮᠲᠤᠷᠠᠨ ᠵᠠᠯᠬᠠᠭᠠᠨ ᠴᠡᠭᠡᠷᠯᠡᠭᠦᠯᠬᠦ ᠨᠡᠷᠡᠰ ᠲᠤ ᠵᠢᠭᠰᠠᠭᠠᠭᠳᠠᠭᠰᠠᠨ | ᠭᠤᠶᠤᠴᠢᠯᠠᠭᠴᠢ︔ ︵ᠵᠢᠷᠭᠤᠭ᠎ᠠ︶ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠪᠡᠯᠡ | ᠮᠥᠩᠭᠦ ᠪᠠᠷ ᠲᠤᠰᠠᠯᠠᠨ ᠱᠠᠩᠨᠠᠵᠤ ᠪᠣᠯᠬᠤ ᠥᠭᠡᠢ ᠪᠤᠰᠤᠳ ᠪᠠᠶᠢᠳᠠᠯ᠃ | ᠠᠷᠪᠠᠳᠤᠭᠠᠷ ᠵᠦᠢᠯ ᠲᠤᠰᠠᠯᠠᠮᠵᠢ ᠶᠢᠨ ᠱᠠᠩᠨᠠᠯ ᠭᠤᠶᠤᠴᠢᠯᠠᠨ ᠮᠡᠳᠡᠭᠦᠯᠬᠦ ᠳᠤ ᠬᠡᠷᠡᠭᠯᠡᠬᠦ ᠮᠠᠲ᠋ᠧᠷᠢᠶᠠᠯ | ︵ᠨᠢᠭᠡ︶ ︽ᠬᠥᠬᠡᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠪᠡᠯᠡ ᠮᠦᠩᠭᠦ ᠪᠠᠷ | ᠲᠤᠰᠠᠯᠠᠬᠤ / ᠱᠠᠩᠨᠠᠬᠤ ᠭᠤᠶᠤᠴᠢᠯᠠᠯ ᠤᠨ ᠬᠦᠰᠦᠨᠦᠭᠲᠦ︾︔ | ︵ᠬᠤᠶᠠᠷ︶ ᠨᠢᠭᠡᠴᠡ ᠠᠴᠠ ᠭᠤᠶᠤᠴᠢᠯᠠᠭᠰᠠᠨ ᠨᠢ ᠡᠷᠬᠡᠪᠰᠢ ᠠᠵᠤ ᠠᠬᠤᠶᠢᠯᠠᠯ ᠤᠨ ᠡᠵᠡᠩᠨᠡᠯᠲᠡ ᠶᠢᠨ | ᠦᠨᠡᠮᠯᠡᠯ᠂ ᠡᠷᠬᠡᠲᠡᠨ ᠤ ᠳᠠᠩᠰᠠᠯᠠᠭᠤᠯᠤᠭᠰᠠᠨ ᠦᠨᠡᠮᠯᠡᠯ ᠢ ᠲᠤᠰᠢᠶᠠᠬᠤ ᠬᠡᠷᠡᠭᠲᠡᠶ︔ ᠪᠠᠶᠢᠭᠠᠯᠢ ᠬᠥᠮᠦᠨ | ᠭᠤᠶᠤᠴᠢᠯᠠᠭᠰᠠᠨ ᠨᠢ ᠪᠡᠶ᠎ᠡ ᠶᠢᠨ ᠦᠨᠡᠮᠯᠡᠯ ᠪᠠ ᠲᠣᠰ ᠭᠠᠵᠠᠷ ᠣᠷᠣᠨ ᠳᠤ ᠣᠷᠣᠰᠢᠨ ᠰᠠᠭᠤᠵᠤ ᠪᠠᠶᠢᠭ᠎ᠠ ᠪᠤᠶᠤ | ᠠᠵᠢᠯᠯᠠᠵᠤ ᠪᠠᠶᠢᠭ᠎ᠠ ᠬᠤᠯᠪᠣᠭᠳᠠᠯ ᠪᠥᠬᠦᠶ ᠭᠡᠷᠡᠴᠢᠯᠡᠬᠦ ᠮᠠᠲ᠋ᠧᠷᠢᠶᠠᠯ ︵ᠣᠭ ᠮᠠᠲ᠋ᠧᠷᠢᠶᠠᠯ ᠢ ᠭᠠᠷᠭᠠᠵᠤ ᠦᠵᠡᠭᠦᠯᠬᠦ ᠶᠢᠨ | ᠬᠠᠮᠲᠤ ᠬᠠᠭᠤᠯᠪᠤᠷᠢ ᠶᠢ ᠨᠢ ᠲᠤᠰᠢᠶᠠᠨ᠎ᠠ︶ ᠲᠤᠰᠢᠶᠠᠬᠤ ᠴᠢᠬᠤᠯᠠᠲᠠᠶ︔ | ︵ᠭᠤᠷᠪᠠ︶ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠪᠠ | ᠳᠡᠯᠡᠬᠡᠶ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠣᠬᠢᠶᠠᠨ ᠪᠠᠶᠢᠭᠤᠯᠤᠯᠲᠠ ᠶᠢᠨ ᠱᠠᠩᠨᠠᠯ | ᠣᠯᠭᠤᠭᠰᠠᠨ ᠦᠨᠡᠮᠯᠡᠯ ︵ᠤᠭ ᠮᠠᠲ᠋ᠧᠷᠢᠶᠠᠯ ᠢ ᠨᠢ ᠭᠠᠷᠭᠠᠵᠤ ᠦᠵᠡᠭᠦᠯᠬᠦ ᠪᠥᠭᠡᠳ ᠬᠠᠭᠤᠯᠪᠤᠷᠢ ᠶᠢ ᠨᠢ ᠲᠤᠰᠢᠶᠠᠨ᠎ᠠ | ︶︔ | ︵ᠲᠦᠷᠪᠡ︶ ᠰᠢᠨ᠎ᠡ ᠪᠠᠷ ᠨᠡᠮᠡᠨ ᠳᠠᠩᠰᠠᠯᠠᠭᠤᠯᠤᠭᠰᠠᠨ ᠲᠠᠸᠠᠷ ᠤᠨ ᠲᠡᠮᠳᠡᠭ ᠤᠨ ᠦᠨᠡᠮᠯᠡᠯ ︵ᠤᠭ | ᠮᠠᠲ᠋ᠧᠷᠢᠶᠠᠯ ᠢ ᠭᠠᠷᠭᠠᠨ ᠦᠵᠡᠭᠦᠯᠬᠦ ᠪᠥᠭᠡᠳ ᠬᠠᠭᠤᠯᠪᠤᠷᠢ ᠶᠢ ᠨᠢ ᠲᠤᠰᠢᠶᠠᠨ᠎ᠠ︶︔ | ︵ᠲᠠᠪᠤ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢᠨ | ᠭᠡᠷᠡᠴᠢᠯᠡᠯ ᠤᠨ ᠦᠨᠡᠮᠯᠡᠯ ︵ᠣᠭ ᠮᠠᠲ᠋ᠧᠷᠢᠶᠠᠯ ᠢ ᠭᠠᠷᠭᠠᠨ ᠦᠵᠡᠭᠦᠯᠬᠦ ᠶᠢᠨ ᠬᠠᠮᠲᠤ ᠬᠠᠭᠤᠯᠪᠤᠷᠢ ᠶᠢ ᠨᠢ | ᠲᠤᠰᠢᠶᠠᠨ᠎ᠠ︶︔ | ︵ᠵᠢᠷᠭᠤᠭ᠎ᠠ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠠᠪᠠᠭᠤᠯᠢᠭ ︵ᠵᠢᠱᠢᠶ᠎ᠡ | ᠦᠵᠡᠭᠦᠯᠬᠦ︶ ᠠᠵᠤ ᠠᠬᠤᠶᠢᠯᠠᠯ ᠤᠨ ᠴᠤᠬᠤᠯᠠᠪᠤᠷᠢᠯᠠᠭᠰᠠᠨ ᠪᠢᠴᠢᠭ ᠮᠠᠲ᠋ᠧᠷᠢᠶᠠᠯ ᠤᠨ ᠬᠠᠭᠤᠯᠪᠤᠷᠢ︔ | ︵ᠳᠣᠯᠤᠭ᠎ᠠ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠰᠢᠶᠠᠨ ᠢ ᠬᠦᠴᠦᠷᠬᠡᠭᠵᠢᠭᠦᠯᠬᠦ | ᠢᠨᠵᠧᠨᠧᠷᠢᠩ ᠤᠨ ᠲᠤᠷᠰᠢᠯᠲᠠ ᠶᠢᠨ ᠰᠢᠶᠠᠨ ︵ ᠤᠯᠠᠮᠵᠢᠯᠠᠯᠲᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢ ᠬᠠᠮᠠᠭᠠᠯᠠᠬᠤ ᠲᠤᠷᠰᠢᠯᠲᠠ ᠶᠢᠨ ᠰᠢᠶᠠᠨ︶ ᠤ ᠴᠤᠬᠤᠯᠠᠪᠤᠷᠢᠯᠠᠭᠰᠠᠨ ᠪᠢᠴᠢᠭ ᠮᠠᠲ᠋ᠧᠷᠢᠶᠠᠯ ᠤᠨ ᠬᠠᠭᠤᠯᠪᠤᠷᠢ︔ | | ︵ᠨᠠᠢᠮᠠ︶ ᠳᠤᠮᠳᠠᠳᠤ ᠪᠠᠭ᠎ᠠ ᠰᠤᠷᠭᠠᠭᠤᠯᠢ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠲᠤᠷᠰᠢᠯᠲᠠ ᠶᠢᠨ ᠰᠤᠷᠭᠠᠭᠤᠯᠢ ᠶᠢᠨ ᠴᠤᠬᠤᠯᠠᠪᠤᠷᠢᠯᠠᠭᠰᠠᠨ ᠪᠢᠴᠢᠭ ᠮᠠᠲ᠋ᠧᠷᠢᠶᠠᠯ ᠤᠨ ᠬᠠᠭᠤᠯᠪᠤᠷᠢ︔ | ︵ᠶᠢᠰᠦ︶ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠨᠡᠶᠢᠭᠡᠮ ᠤᠨ ᠪᠦᠯᠬᠦᠮ᠂ ᠶᠡᠭᠡ ᠳᠡᠭᠡᠳᠦ | ᠰᠤᠷᠭᠠᠭᠤᠯᠢ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠳᠠᠩᠰᠠ ᠨᠡᠭᠡᠭᠡᠭᠰᠡᠨ ᠪᠠᠩᠬᠢ ᠶᠢᠨ ᠬᠠᠭᠤᠯᠪᠤᠷᠢ᠂ ᠬᠤᠪᠢ | ᠬᠥᠮᠦᠨ ᠭᠤᠶᠤᠴᠢᠯᠠᠭᠰᠠᠨ ᠪᠤᠯ ᠲᠤᠰ ᠬᠥᠮᠦᠨ ᠤ ᠪᠠᠩᠬᠢ ᠶᠢᠨ ᠺᠠᠷᠲ ᠤᠨ ᠬᠠᠭᠤᠯᠪᠤᠷᠢ ᠶᠢ ᠬᠠᠩᠭᠠᠨ᠎ᠠ︔ | ︵ᠠᠷᠪᠠ︶ ᠬᠠᠩᠭᠠᠬᠤ ᠴᠢᠬᠤᠯᠠᠲᠠᠶ ᠪᠤᠰᠤᠳ ᠮᠠᠲ᠋ᠧᠷᠢᠶᠠᠯ᠃ | ᠠᠷᠪᠠᠨ ᠨᠢᠭᠡᠳᠦᠭᠡᠷ ᠵᠦᠢᠯ ᠪᠡᠯᠡ ᠮᠥᠩᠭᠦ ᠶᠢᠨ ᠲᠤᠰᠠᠯᠠᠮᠵᠢ ᠱᠠᠩᠨᠠᠯ ᠢ ᠵᠢᠯ ᠪᠦᠷᠢ ᠲᠥᠪᠯᠡᠷᠡᠭᠦᠯᠦᠨ | ᠮᠡᠳᠡᠭᠦᠯᠦᠨ᠎ᠡ᠂ ᠭᠤᠶᠤᠴᠢᠯᠠᠭᠴᠢ ᠠᠴᠠ ᠮᠡᠳᠡᠭᠦᠯᠬᠦ ᠵᠦᠭᠯᠡᠭᠦᠷ ᠪᠣᠯᠤᠨ ᠮᠡᠳᠡᠭᠦᠯᠬᠦ ᠮᠡᠳᠡᠭᠳᠡᠯ ᠤᠨ ᠱᠠᠭᠠᠷᠳᠠᠯᠭ᠎ᠠ ᠶᠢ | ᠦᠨᠳᠦᠰᠦᠯᠡᠨ ᠴᠠᠭ ᠲᠤᠬᠠᠶ ᠳᠤ ᠨᠢ ᠮᠡᠳᠡᠭᠦᠯᠬᠦ ᠬᠡᠷᠡᠭᠲᠡᠶ᠂ ᠬᠤᠭᠤᠴᠠᠭ᠎ᠠ ᠨᠢ ᠬᠡᠲᠦᠷᠡᠪᠡᠯ ᠬᠥᠯᠢᠶᠡᠨ ᠠᠪᠬᠤ ᠥᠭᠡᠢ | ᠃ | ᠠᠷᠪᠠᠨ ᠬᠤᠶᠠᠳᠤᠭᠠᠷ ᠵᠦᠢᠯ ᠭᠤᠶᠤᠴᠢᠯᠠᠭᠴᠢ ᠵᠠᠷᠴᠢᠮ ᠳᠡᠭᠡᠷ᠎ᠡ ᠪᠠᠨ ᠪᠡᠯᠡ ᠮᠦᠩᠭᠦ ᠶᠢᠨ ᠲᠤᠰᠠᠯᠠᠮᠵᠢ | ᠱᠠᠩᠨᠠᠯ ᠢᠶᠠᠨ ᠥᠪᠡᠷ ᠢᠶᠠᠨ ᠮᠡᠳᠡᠭᠦᠯᠬᠦ ᠬᠡᠷᠡᠭᠲᠡᠶ᠂ ᠮᠡᠳᠡᠭᠦᠯᠬᠦ ᠦᠶᠡᠯᠡᠯ ᠤᠨ ᠬᠤᠭᠤᠴᠠᠭ᠎ᠠ ᠪᠦᠷᠢ ᠳᠤ | ᠭᠤᠶᠤᠴᠢᠯᠠᠭᠴᠢ ᠵᠥᠪᠬᠡᠨ ᠨᠢᠭᠡ ᠯᠡ ᠤᠳᠠᠭ᠎ᠠ ᠮᠡᠳᠡᠭᠦᠯᠵᠦ ᠪᠣᠯᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠦᠢᠯᠡᠴᠢᠯᠡᠭᠡᠨ ᠤ ᠪᠠᠶᠢᠭᠤᠯᠤᠮᠵᠢ ᠳᠤ ᠨᠠᠶᠢᠳᠠᠵᠤ ᠨᠢᠭᠡᠨᠲᠡ ᠮᠡᠳᠡᠭᠦᠯᠦᠭᠰᠡᠨ | ᠭᠤᠶᠤᠴᠢᠯᠠᠭᠴᠢ ᠨᠢ ᠠᠳᠠᠯᠢ ᠨᠢᠭᠡᠨ ᠮᠡᠳᠡᠭᠦᠯᠬᠦ ᠦᠶᠡᠯᠡᠯ ᠤᠨ ᠬᠤᠭᠤᠴᠠᠭᠠᠨ ᠳᠤ ᠳᠠᠭᠢᠵᠤ ᠥᠪᠡᠷ ᠢᠶᠠᠨ ᠮᠡᠳᠡᠭᠦᠯᠵᠦ | ᠪᠣᠯᠬᠤ ᠥᠬᠡᠶ᠃ | ᠠᠷᠪᠠᠨ ᠭᠤᠷᠪᠠᠳᠤᠭᠠᠷ ᠵᠦᠢᠯ ᠬᠢᠨᠠᠨ ᠬᠠᠷᠭᠤᠭᠤᠯᠬᠤ ᠪᠠᠷ ᠳᠠᠮᠵᠢᠭᠰᠠᠨ ᠪᠡᠯᠡ ᠮᠦᠩᠭᠦᠨ ᠤ ᠲᠤᠰᠠᠯᠠᠮᠵᠢ | ᠱᠠᠩᠨᠠᠯ ᠣᠯᠭᠤᠬᠤ ᠨᠡᠷᠡᠰ ᠢ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠰᠠᠭ | ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠰᠦᠯᠵᠢᠶᠡᠨ ᠳᠡᠭᠡᠷ᠎ᠡ ᠨᠡᠶᠢᠲᠡᠯᠡᠵᠦ ᠂ ᠵᠠᠷᠯᠠᠨ ᠨᠡᠶᠢᠲᠡᠯᠡᠬᠦ | ᠬᠤᠭᠤᠴᠠᠭ᠎ᠠ ᠨᠢ 5 ᠠᠵᠢᠯᠯᠠᠬᠤ ᠡᠳᠦᠷ ᠠᠴᠠ ᠳᠤᠲᠠᠭᠤ ᠪᠠᠶᠢᠵᠤ ᠪᠣᠯᠬᠤ ᠥᠬᠡᠶ᠂ ᠪᠡᠯᠡ ᠮᠥᠩᠭᠦ ᠪᠠᠷ ᠲᠤᠰᠠᠯᠠᠬᠤ | ᠵᠢᠴᠢ ᠱᠠᠩᠨᠠᠨ ᠬᠥᠬᠢᠭᠦᠯᠬᠦ ᠳᠤ ᠣᠨᠳᠣᠤ ᠰᠠᠨᠠᠯ ᠲᠠᠢ ᠨᠢᠭᠡᠴᠡ ᠪᠤᠶᠤ ᠬᠤᠪᠢ ᠬᠥᠮᠦᠨ᠂ ᠵᠠᠷᠯᠠᠨ ᠨᠡᠶᠢᠲᠡᠯᠡᠬᠦ | ᠬᠤᠭᠤᠴᠠᠭᠠᠨ ᠳᠤ ᠪᠢᠴᠢᠭ ᠤᠨ ᠬᠡᠯᠪᠡᠷᠢ ᠪᠠᠷ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠣᠨᠳᠣᠤ ᠰᠠᠨᠠᠯ ᠤᠨ ᠮᠠᠲ᠋ᠧᠷᠢᠶᠠᠯ ᠢᠶᠠᠨ | ᠲᠤᠰᠢᠶᠠᠵᠤ᠂ ᠬᠤᠭᠤᠴᠠᠭ᠎ᠠ ᠬᠡᠲᠦᠷᠡᠭᠰᠡᠨ ᠮᠥᠷᠲᠡᠭᠡᠨ ᠵᠦᠶ ᠶᠣᠰᠣᠨ ᠤ ᠰᠢᠯᠲᠠᠭᠠᠨ ᠥᠬᠡᠶ ᠪᠣᠯ ᠭᠥᠯᠢᠶᠡᠨ ᠠᠪᠴᠤ | ᠰᠢᠢᠳᠪᠦᠷᠢᠯᠡᠬᠦ ᠥᠬᠡᠶ᠂ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠰᠠᠭ | ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠣᠨᠳᠣᠤ ᠰᠠᠨᠠᠯ ᠢ ᠣᠯᠤᠭᠰᠠᠨ ᠤ ᠳᠠᠷᠠᠭ᠎ᠠ ᠴᠠᠭ | ᠲᠤᠬᠠᠶ ᠳᠤᠨᠢ ᠳᠠᠬᠢᠨ ᠪᠠᠶᠢᠴᠠᠭᠠᠵᠤ ᠬᠠᠷᠭᠤᠭᠤᠯᠬᠤ ᠬᠡᠷᠡᠭᠲᠡᠶ᠃ ᠵᠠᠷᠯᠠᠨ ᠨᠡᠶᠢᠲᠡᠯᠡᠬᠦ ᠬᠤᠭᠤᠴᠠᠭ᠎ᠠ ᠳᠦᠭᠦᠷᠦᠭᠰᠡᠨ ᠤ | ᠳᠠᠷᠠᠭ᠎ᠠ ᠵᠠᠷᠯᠠᠨ ᠨᠡᠶᠢᠲᠡᠯᠡᠭᠰᠡᠨ ᠦᠷ᠎ᠡ ᠳ᠋ᠦᠩ ᠢᠶᠠᠷ ᠪᠡᠯᠡ ᠮᠥᠩᠭᠦ ᠪᠠᠷ ᠲᠤᠰᠠᠯᠠᠵᠤ ᠱᠠᠩᠨᠠᠨ᠎ᠠ᠃ | ᠠᠷᠪᠠᠨ ᠳᠥᠷᠪᠡᠳᠦᠭᠡᠷ ᠵᠦᠢᠯ ᠪᠡᠯᠡ ᠮᠦᠩᠭᠦ ᠪᠠᠷ ᠲᠤᠰᠠᠯᠠᠵᠤ ᠱᠠᠩᠨᠠᠬᠤ ᠲᠤᠰᠬᠠᠶ ᠪᠠᠯᠠ ᠮᠥᠩᠭᠦ ᠶᠢ | ᠬᠡᠷᠡᠭᠯᠡᠬᠦ ᠳᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠲᠤᠰᠬᠠᠶ ᠬᠢᠨᠠᠨ ᠪᠤᠳᠤᠯᠲᠠ ᠶᠢ ᠭᠥᠯᠢᠶᠡᠨ ᠠᠪᠴᠤ᠂ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠪᠡᠯᠡ ᠮᠦᠩᠭᠦ ᠪᠠᠷ ᠲᠤᠰᠠᠯᠠᠵᠤ ᠱᠠᠩᠨᠠᠬᠤ ᠲᠤᠰᠬᠠᠶ ᠪᠠᠯᠠ | ᠮᠥᠩᠭᠦ ᠶᠢᠨ ᠵᠢᠷᠤᠮᠵᠢᠯ ᠲᠠᠢ᠂ ᠠᠮᠤᠷ ᠲᠦᠪᠰᠢᠨ᠂ ᠪᠦᠲᠦᠮᠵᠢᠲᠡᠶ ᠠᠵᠢᠯᠯᠠᠭᠠᠨ ᠢ ᠦᠨᠡᠨᠬᠦ ᠪᠠᠲᠤᠯᠠᠬᠤ ᠬᠡᠷᠡᠭᠲᠡᠢ᠃ | | ᠠᠷᠪᠠᠨ ᠲᠠᠪᠤᠳᠤᠭᠠᠷ ᠵᠦᠢᠯ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠰᠠᠭ | ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠤᠰᠠᠯᠠᠮᠵᠢ ᠶᠢᠨ ᠱᠠᠩᠨᠠᠯ ᠤᠨ ᠲᠥᠷᠥᠯ ᠵᠦᠢᠯ ᠢ | ᠮᠥᠷᠳᠡᠬᠦ ᠪᠠ ᠬᠠᠮᠢᠶᠠᠷᠴᠤ᠂ ᠲᠤᠰᠠᠯᠠᠮᠵᠢ ᠶᠢᠨ ᠱᠠᠩᠨᠠᠯ ᠢ ᠨᠢᠭᠡᠨᠲᠡ ᠣᠯᠤᠭᠰᠠᠨ ᠭᠤᠶᠤᠴᠢᠯᠠᠭᠴᠢ ᠨᠢ | ᠲᠤᠰᠠᠯᠠᠮᠵᠢ ᠶᠢᠨ ᠱᠠᠩᠨᠠᠯ ᠤᠨ ᠪᠠᠯᠠ ᠮᠥᠩᠭᠦ ᠶᠢᠨ ᠬᠡᠷᠡᠭᠯᠡᠯᠲᠡ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠪᠠᠯᠠ | ᠮᠥᠩᠭᠦ ᠶᠢᠨ ᠦᠷ᠎ᠡ ᠠᠰᠢᠭ ᠢ ᠪᠠᠳᠠᠷᠠᠭᠤᠯᠬᠤ ᠬᠡᠷᠡᠭᠲᠡᠶ︔ ᠡᠭᠦᠨ ᠤ ᠬᠠᠮᠲᠤ᠂ ᠬᠤᠲᠠ ᠶᠢᠨ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ | ᠢᠳᠡᠪᠬᠢᠲᠡᠶ ᠬᠠᠮᠵᠢᠯᠴᠠᠨ ᠲᠤᠰᠠᠯᠠᠨ ᠱᠠᠩᠨᠠᠬᠤ ᠪᠠᠯᠠ ᠮᠥᠩᠭᠦ ᠶᠢᠨ ᠲᠤᠰᠬᠠᠶ ᠬᠢᠨᠠᠨ ᠪᠤᠳᠤᠬᠤ ᠠᠵᠢᠯ ᠢ | ᠥᠷᠨᠢᠭᠦᠯᠬᠦ ᠶᠢᠨ ᠬᠠᠮᠲᠤ᠂ ᠬᠢᠨᠠᠨ ᠪᠤᠳᠤᠬᠤ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ ᠬᠠᠮᠢᠶ᠎ᠠ ᠪᠥᠬᠦᠶ | ᠮᠠᠲ᠋ᠧᠷᠢᠶᠠᠯ ᠢ ᠬᠠᠩᠭᠠᠬᠤ ᠬᠡᠷᠡᠭᠲᠡᠶ᠃ | ᠠᠷᠪᠠᠨ ᠵᠢᠷᠭᠤᠳᠤᠭᠠᠷ ᠵᠦᠢᠯ ᠪᠡᠯᠡ ᠮᠦᠩᠭᠦ ᠪᠠᠷ ᠲᠤᠰᠠᠯᠠᠬᠤ ᠱᠠᠩᠨᠠᠯ ᠢ ᠮᠡᠳᠡᠭᠦᠯᠬᠦ᠂ ᠬᠢᠨᠠᠨ ᠬᠠᠷᠭᠤᠭᠤᠯᠬᠤ | ᠂ ᠣᠯᠭᠤᠬᠤ ᠠᠵᠢᠯ ᠨᠢ ᠨᠡᠶᠢᠭᠡᠮ ᠤᠨ ᠬᠢᠨᠠᠯᠲᠠ ᠲᠠᠯᠪᠢᠬᠤ ᠪᠠ ᠤᠯᠠᠨ ᠲᠦᠮᠡᠨ ᠤ ᠢᠯᠡᠴᠢᠯᠡᠨ ᠮᠡᠳᠡᠭᠦᠯᠬᠦ ᠶᠢ | ᠬᠦᠯᠢᠶᠡᠬᠦ ᠬᠡᠷᠡᠭᠲᠡᠶ᠃ ᠪᠡᠯᠡ ᠮᠦᠩᠭᠦ ᠪᠠᠷ ᠲᠤᠰᠠᠯᠠᠨ ᠱᠠᠩᠨᠠᠬᠤ ᠪᠠᠯᠠ ᠮᠥᠩᠭᠦ ᠶᠢᠨ ᠬᠠᠮᠢᠶᠠᠷᠤᠯᠲᠠ ᠶᠢᠨ | ᠠᠵᠢᠯᠲᠠᠨ ᠳᠤ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ᠂ ᠲᠤᠰᠢᠶᠠᠯ ᠬᠠᠷᠢᠭᠤᠴᠠᠯᠭ᠎ᠠ ᠪᠠᠨ | ᠣᠮᠲᠣᠭᠠᠶᠢᠯᠠᠭᠰᠠᠨ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠭᠰᠡᠨ ᠵᠢᠴᠢ ᠪᠤᠰᠤᠳ ᠬᠠᠤᠯᠢ ᠴᠠᠭᠠᠵᠠ | ᠰᠠᠬᠢᠯᠭ᠎ᠠ ᠪᠠᠲᠤ ᠠᠴᠠ ᠵᠥᠷᠢᠴᠡᠭᠰᠡᠨ ᠦᠢᠯᠡ ᠠᠵᠢᠯᠯᠠᠭ᠎ᠠ ᠪᠠᠶᠢᠪᠠᠯ᠂ ᠬᠤᠯᠪᠣᠭᠳᠠᠯ ᠪᠥᠬᠦᠶ ᠬᠠᠤᠯᠢ ᠴᠠᠭᠠᠵᠠ | ᠬᠠᠤᠯᠢ ᠲᠣᠭᠲᠠᠭᠠᠯ ᠢ ᠦᠨᠳᠦᠰᠦᠯᠡᠨ ᠰᠢᠢᠳᠪᠦᠷᠢᠯᠡᠨ᠎ᠡ︔ ᠤᠢᠢᠯᠠ ᠪᠠᠶᠢᠳᠠᠯ ᠨᠢ ᠬᠦᠨᠳᠦ ᠨᠣᠴᠢᠲᠠᠶ ᠪᠠᠶᠢᠵᠤ ᠶᠠᠯ᠎ᠠ | ᠳᠤ ᠬᠦᠷᠦᠭᠰᠡᠨ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠬᠠᠤᠯᠢ ᠶᠣᠰᠣᠭᠠᠷ | ᠰᠢᠢᠳᠪᠦᠷᠢᠯᠡᠨ᠎ᠡ᠃ | ᠠᠷᠪᠠᠨ ᠳᠣᠯᠣᠳᠤᠭᠠᠷ ᠵᠦᠢᠯ ᠭᠤᠶᠤᠴᠢᠯᠠᠭᠴᠢ ᠨᠢ ᠲᠤᠰᠠᠯᠠᠮᠵᠢ ᠶᠢᠨ ᠱᠠᠩᠨᠠᠯ ᠢ ᠭᠤᠶᠤᠴᠢᠯᠠᠨ ᠮᠡᠳᠡᠭᠦᠯᠬᠦ | ᠶᠠᠪᠤᠴᠠ ᠳᠤ ᠬᠤᠳᠠᠯ ᠬᠡᠯᠡᠵᠦ ᠬᠠᠭᠤᠷᠮᠠᠭᠯᠠᠨ ᠵᠣᠬᠢᠶᠠᠵᠤ ᠪᠠᠯᠠ ᠮᠥᠩᠭᠦ ᠶᠢ ᠮᠡᠬᠡᠯᠡᠨ ᠠᠪᠤᠭᠰᠠᠨ ᠪᠠᠶᠢᠪᠠᠯ᠂ | ᠨᠢᠭᠡᠨᠲᠡ ᠰᠠᠯᠭᠠᠨ ᠥᠭᠭᠦᠭᠰᠡᠨ ᠪᠠᠯᠠ ᠮᠥᠩᠭᠦ ᠪᠠᠨ ᠬᠤᠭᠤᠴᠠᠭ᠎ᠠ ᠬᠢᠵᠠᠭᠠᠷᠯᠠᠨ ᠪᠤᠴᠠᠭᠠᠨ ᠥᠭᠬᠦ ᠶᠢᠨ ᠬᠠᠮᠲᠤ᠂ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠷᠢᠶᠡᠨ ᠳᠠᠬᠢ ᠢᠲᠡᠭᠡᠯ ᠠᠯᠳᠠᠭᠰᠠᠳ ᠢ ᠬᠤᠯᠪᠣᠭᠠᠯᠠᠨ | ᠵᠠᠯᠬᠠᠭᠠᠨ ᠴᠡᠭᠡᠷᠯᠡᠭᠦᠯᠬᠦ ᠨᠡᠷᠡᠰ ᠲᠤ ᠵᠢᠭᠰᠠᠭᠠᠨ ᠣᠷᠣᠭᠤᠯᠵᠤ᠂ ᠲᠠᠪᠤᠨ ᠵᠢᠯ ᠤᠨ ᠳᠣᠲᠣᠷ᠎ᠠ ᠲᠤᠰᠠᠯᠠᠮᠵᠢ ᠶᠢᠨ | ᠱᠠᠩᠨᠠᠯ ᠤᠨ ᠪᠠᠯᠠ ᠮᠥᠩᠭᠦ ᠶᠢ ᠭᠤᠶᠤᠴᠢᠯᠠᠨ ᠮᠡᠳᠡᠭᠦᠯᠬᠦ ᠬᠢᠷᠢ ᠬᠡᠮ ᠢ ᠨᠢ ᠬᠦᠴᠦᠨ ᠥᠬᠡᠶ ᠪᠣᠯᠭᠠᠨ᠎ᠠ︔ ᠤᠢᠢᠯᠠ | ᠪᠠᠶᠢᠳᠠᠯ ᠨᠢ ᠬᠦᠨᠳᠦ ᠨᠣᠴᠢᠲᠠᠶ ᠪᠠᠶᠢᠵᠤ ᠶᠠᠯ᠎ᠠ ᠳᠤ ᠬᠦᠷᠦᠭᠰᠡᠨ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠳᠤ | ᠰᠢᠯᠵᠢᠭᠦᠯᠦᠨ ᠬᠦᠷᠭᠡᠵᠦ ᠬᠠᠤᠯᠢ ᠶᠣᠰᠣᠭᠠᠷ ᠰᠢᠢᠳᠪᠦᠷᠢᠯᠡᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠦᠢᠯᠡᠴᠢᠯᠡᠭᠡᠨ ᠤ ᠪᠠᠶᠢᠭᠤᠯᠤᠮᠵᠢ ᠨᠢ ᠨᠠᠶᠢᠳᠠᠯᠭ᠎ᠠ ᠶᠢ ᠭᠥᠯᠢᠶᠡᠨ ᠲᠤᠰᠠᠯᠠᠮᠵᠢ ᠶᠢᠨ ᠱᠠᠩᠨᠠᠯ ᠤᠨ ᠪᠡᠯᠡ | ᠮᠦᠩᠭᠦ ᠶᠢ ᠭᠤᠶᠤᠴᠢᠯᠠᠨ ᠮᠡᠳᠡᠭᠦᠯᠬᠦ ᠶᠠᠪᠤᠴᠠ ᠳᠤ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠭᠰᠠᠨ ᠪᠠᠶᠢᠪᠠᠯ᠂ | ᠪᠡᠯᠡ ᠮᠦᠩᠭᠦᠨ ᠤ ᠲᠤᠰᠠᠯᠠᠮᠵᠢ ᠶᠢᠨ ᠱᠠᠩᠨᠠᠯ ᠭᠦᠢᠴᠡᠳᠭᠡᠬᠦ ᠬᠢᠷᠢ ᠬᠡᠮ ᠢ ᠨᠢ ᠬᠦᠴᠦᠨ ᠥᠬᠡᠶ ᠪᠣᠯᠭᠠᠨ᠎ᠠ︔ | ᠤᠢᠢᠯᠠ ᠪᠠᠶᠢᠳᠠᠯ ᠨᠢ ᠬᠦᠨᠳᠦ ᠨᠣᠴᠢᠲᠠᠶ ᠪᠠᠶᠢᠵᠤ ᠶᠠᠯ᠎ᠠ ᠳᠤ ᠬᠦᠷᠦᠭᠰᠡᠨ ᠪᠠᠶᠢᠪᠠᠯ᠂ ᠬᠠᠤᠯᠢ ᠴᠠᠭᠠᠵᠠ ᠶᠢᠨ | ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠬᠠᠤᠯᠢ ᠶᠣᠰᠣᠭᠠᠷ ᠰᠢᠢᠳᠪᠦᠷᠢᠯᠡᠨ᠎ᠡ᠃ | ᠠᠷᠪᠠᠨ ᠨᠠᠢᠮᠠᠳᠤᠭᠠᠷ ᠵᠦᠢᠯ ᠲᠣᠰ ᠠᠷᠭ᠎ᠠ ᠶᠢ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠷᠢᠭᠤᠴᠠᠨ ᠲᠠᠶᠢᠯᠪᠤᠷᠢᠯᠠᠨ᠎ᠠ᠃ | ᠠᠷᠪᠠ ᠶᠢᠰᠦᠳᠦᠭᠡᠷ ᠵᠦᠢᠯ ᠲᠣᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ 30 ᠡᠳᠦᠷ ᠤᠨ | ᠳᠠᠷᠠᠭ᠎ᠠ ᠠᠴᠠ ᠬᠡᠷᠡᠭᠵᠢᠭᠦᠯᠦᠨ᠎ᠡ᠃ |