ᠶᠠᠩ ᠰᠢᠩ ᠱᠧᠩ ᠦᠴᠤᠸᠠᠨ ᠰᠢᠶᠠᠨ ᠤ ᠶᠢᠨ ᠰᠠᠨ ᠵᠢᠶᠤᠤ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠬᠡᠰᠡᠭ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/3/22
     3 ᠰᠠᠷ᠎ᠠ ᠶᠢᠨ 20 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠠᠩ ᠰᠢᠩ ᠱᠧᠩ ᠤᠷᠢᠳ ᠬᠤᠵᠢᠳ ᠦᠴᠤᠸᠠᠨ ᠰᠢᠶᠠᠨ ᠤ ᠶᠢᠨ ᠰᠠᠨ ᠵᠢᠶᠤᠤ ᠰᠠᠢ ᠹᠧᠩ ᠲᠥᠮᠥᠰᠥ ᠶᠢᠨ ᠦᠷ᠎ᠡ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠱᠤ᠋ ᠶᠤᠸᠠᠨ ᠺᠠᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠦᠴᠤᠸᠠᠨ ᠰᠢᠶᠠᠨ ᠤ ᠴᠤᠸᠠᠨ ᠪᠦᠦ ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠬᠦᠷᠴᠦ᠂ ᠣᠳᠣᠬᠠᠨ ᠤ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠭᠰᠡᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠵᠡᠢ᠃ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠠᠭᠤᠯᠠ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃
     ᠰᠠᠢ ᠹᠧᠩ ᠲᠥᠮᠥᠰᠥ ᠶᠢᠨ ᠦᠷ᠎ᠡ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ᠂ ᠶᠠᠩ ᠰᠢᠩ ᠱᠧᠩ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ ᠠᠷᠭ᠎ᠠ ᠪᠠᠷ᠂ ᠣᠳᠣᠬᠠᠨ ᠤ ᠲᠥᠮᠥᠰᠥ ᠶᠢᠨ ᠦᠷ᠎ᠡ ᠶᠢᠨ ᠦᠷᠡᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠲᠥᠮᠥᠰᠥ ᠶᠢᠨ ᠦᠷ᠎ᠡ ᠶᠢ ᠪᠤᠶᠢᠵᠢᠭᠤᠯᠬᠤ᠂ ᠦᠷᠡᠵᠢᠯᠲᠡ ᠶᠢ ᠥᠷᠭᠡᠳᠬᠡᠬᠦ ᠵᠢᠴᠢ ᠳᠠᠷᠠᠭᠠᠴᠢ ᠶᠢᠨ ᠠᠯᠬᠤᠮ ᠳᠤ ᠴᠢᠨᠠᠷ ᠰᠠᠶᠢᠲᠠᠢ ᠬᠥᠭᠵᠢᠯᠲᠡ ᠶᠢ ᠬᠡᠷᠬᠢᠨ ᠪᠡᠶᠡᠯᠡᠭᠦᠯᠬᠦ ᠵᠡᠷᠭᠡ ᠵᠠᠩᠭᠢᠯᠠᠭ᠎ᠠ ᠶᠢᠨ ᠠᠰᠠᠭᠤᠳᠠᠯ ᠤᠨ ᠲᠤᠬᠠᠢ ᠠᠵᠤ ᠠᠬᠤᠶᠢᠯᠠᠯ ᠪᠣᠯᠤᠨ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠠᠢ᠃ ᠲᠡᠷᠡ ᠵᠢᠭᠠᠵᠤ ᠭᠠᠷᠭᠠᠭᠰᠠᠨ ᠨᠢ᠂ ᠤᠳᠠᠯ ᠦᠭᠡᠶ ᠬᠦᠷᠴᠦ ᠢᠷᠡᠬᠦ ᠭᠡᠵᠦ ᠪᠠᠶᠢᠭ᠎ᠠ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠲᠠᠰᠢᠷᠠᠮ ᠳᠤ᠂ ᠤᠯᠠᠨ ᠢᠶᠠᠷ ᠢᠶᠠᠨ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠥᠮᠥᠰᠥ ᠶᠢᠨ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠤᠷᠢᠳᠴᠢᠯᠠᠨ ᠲᠣᠭᠲᠠᠭᠠᠵᠤ᠂ ᠮᠠᠨ ᠤ ᠰᠢᠶᠠᠨ ᠤ ᠥᠪᠡᠷᠮᠢᠴᠡ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠠᠰᠢᠭᠯᠠᠵᠤ᠂ ᠳᠡᠭᠡᠳᠦ ᠨᠠᠷᠢᠯᠢᠭ ᠣᠷᠦ᠋ᠢᠯᠠᠭᠰᠠᠨ ᠮᠡᠷᠭᠡᠵᠢᠯ ᠤᠨ ᠬᠦᠴᠦᠨ ᠳᠤ ᠶᠡᠭᠡ ᠪᠠᠷ ᠲᠦᠰᠢᠭᠯᠡᠨ᠂ ᠮᠠᠨ ᠤ ᠰᠢᠶᠠᠨ ᠤ ᠲᠥᠮᠥᠰᠥ ᠶᠢᠨ ᠦᠢᠯᠡᠳᠪᠦᠷᠢᠯᠡᠯ ᠤᠨ ᠭᠡᠷᠡᠴᠢᠯᠡᠯ ᠤᠨ ᠠᠵᠢᠯ ᠢ ᠢᠳᠡᠪᠬᠢᠲᠡᠢ ᠥᠷᠨᠢᠭᠦᠯᠵᠦ᠂ ᠰᠢᠯᠢᠳᠡᠭ ᠰᠠᠶᠢᠨ ᠲᠥᠮᠥᠰᠥ ᠶᠢᠨ ᠨᠡᠷᠡᠳᠦ ᠲᠦᠷᠦᠯ ᠲᠡᠮᠳᠡᠭ ᠢ ᠡᠭᠦᠳᠴᠦ᠂ ᠡᠭᠦᠨ ᠤ ᠤᠯᠠᠮ ᠢᠶᠠᠷ ᠲᠥᠮᠥᠰᠥ ᠶᠢᠨ ᠠᠵᠤ ᠦᠢᠯᠡᠰᠵᠢᠯᠲᠡ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠳᠠᠷᠠᠭ᠎ᠠ ᠨᠢ᠂ ᠶᠠᠩ ᠰᠢᠩ ᠱᠧᠩ ᠦᠴᠤᠸᠠᠨ ᠰᠢᠶᠠᠨ ᠤ ᠴᠤᠸᠠᠨ ᠪᠦᠦ ᠪᠣᠬᠢᠷᠲᠤᠯ ᠥᠬᠡᠶ ᠲᠠᠷᠢᠶᠠᠯᠠᠩ ᠤᠨ ᠪᠦᠲᠦᠭᠡᠭᠳᠡᠬᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠬᠦᠷᠴᠦ ᠲᠥᠮᠥᠰᠥ ᠴᠡᠪᠡᠷ ᠨᠣᠭᠤᠭ᠎ᠠ ᠡᠳ᠋ᠰᠢᠭᠦᠯᠬᠦ ᠲᠥᠷᠥᠯ ᠵᠦᠢᠯ ᠤᠨ ᠠᠬᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号