3 ᠰᠠᠷ᠎ᠠ ᠶᠢᠨ 20 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠤᠷᠢᠳ | ᠬᠤᠵᠢᠳ ᠬᠥᠬᠡ ᠡᠷᠭᠢ ᠪᠠᠯᠭᠠᠰᠤᠨ ᠤ ᠲᠡᠭᠡᠷᠡᠮᠲᠦ ᠲᠣᠰᠬᠤᠨ ᠤ ᠠᠷᠠᠳ ᠤᠨ ᠵᠥᠪᠯᠡᠯ᠂ ᠰᠢ ᠭᠤᠸᠠᠨ ᠵᠢᠩ ᠨᠡᠶᠢᠭᠡᠮ | ᠲᠣᠭᠤᠷᠢᠭ᠂ ᠠᠷᠠᠳ ᠤᠨ ᠰᠢᠭᠦᠬᠦ ᠬᠤᠷᠢᠶ᠎ᠠ ᠳᠤ ᠬᠦᠷᠴᠦ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ᠂ ᠤᠯᠤᠰ | ᠲᠥᠷᠥ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ ᠢ | ᠰᠢᠯᠢᠳᠡᠭᠵᠢᠭᠦᠯᠬᠦ᠂ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠵᠡᠷᠭᠡ | ᠭᠤᠤᠯᠳᠠᠯᠭ᠎ᠠ ᠲᠠᠢ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ | ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠧᠤ ᠵᠧᠨ ᠭᠤᠸᠠᠩ ᠪᠠᠷ᠎ᠠ ᠪᠣᠯᠵᠤ ᠪᠠᠶᠢᠴᠠᠭᠠᠨ | ᠰᠤᠳᠤᠯᠤᠯᠲᠠ ᠬᠢᠪᠡ᠃ | | | | | | ᠬᠥᠬᠡ ᠡᠷᠭᠢ ᠪᠠᠯᠭᠠᠰᠤᠨ ᠤ ᠲᠡᠭᠡᠷᠡᠮᠲᠦ ᠲᠣᠰᠬᠤᠨ ᠤ ᠠᠷᠠᠳ ᠤᠨ ᠵᠥᠪᠯᠡᠯ ᠪᠣᠯᠤᠨ ᠰᠢ ᠭᠤᠸᠠᠨ ᠵᠢᠩ | ᠨᠡᠶᠢᠭᠡᠮ ᠲᠣᠭᠤᠷᠢᠭ ᠲᠤ᠂ ᠶᠠᠩ ᠰᠢᠩ ᠱᠧᠩ ᠲᠤᠰ ᠲᠣᠰᠬᠤᠨ ᠤ ᠠᠷᠠᠳ ᠤᠨ ᠵᠥᠪᠯᠡᠯ ᠪᠣᠯᠤᠨ ᠨᠡᠶᠢᠭᠡᠮ | ᠲᠣᠭᠤᠷᠢᠭ ᠤᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠣᠯᠠᠨ ᠲᠦᠮᠡᠨ ᠳᠤ ᠦᠢᠯᠡᠴᠢᠯᠡᠬᠦ᠂ | ᠵᠥᠷᠢᠴᠡᠯ ᠢ ᠨᠠᠮᠳᠠᠭᠤᠯᠬᠤ ᠵᠡᠷᠭᠡ ᠲᠠᠯ᠎ᠠ ᠪᠠᠷ ᠦᠵᠡᠭᠦᠯᠦᠭᠰᠡᠨ ᠦᠢᠯᠡᠳᠦᠯ ᠢ ᠨᠠᠷᠢᠨ ᠣᠶᠢᠯᠠᠭᠠᠵᠤ᠂ ᠵᠢᠭᠠᠵᠤ | ᠭᠠᠷᠭᠠᠭᠰᠠᠨ ᠨᠢ᠂ ᠲᠣᠰᠬᠤᠨ᠂ ᠨᠡᠶᠢᠭᠡᠮ ᠲᠣᠭᠤᠷᠢᠭ ᠤᠨ ᠺᠠᠳ᠋ᠷ᠂ ᠲᠣᠣᠷᠵᠢᠭᠰᠠᠨ ᠬᠠᠮᠢᠶᠠᠷᠤᠯᠲᠠ ᠶᠢᠨ ᠠᠵᠢᠯᠲᠠᠨ | ᠵᠡᠷᠭᠡ ᠠᠵᠢᠯᠲᠠᠨ ᠤ ᠬᠦᠴᠦᠨ ᠢ ᠭᠦᠢᠴᠡᠳ ᠳᠠᠶᠢᠴᠢᠯᠠᠨ᠂ ᠦᠨᠳᠦᠰᠦᠨ ᠱᠠᠲᠤᠨ ᠤ ᠲᠣᠣᠷᠵᠢᠭᠰᠠᠨᠨ | ᠦᠢᠯᠡᠴᠢᠯᠡᠭᠡᠨ ᠤ ᠬᠠᠮᠢᠶᠠᠷᠤᠯᠲᠠ ᠶᠢᠨ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ | ᠲᠣᠣᠷᠵᠢᠭᠤᠯᠤᠯᠲᠠ ᠲᠣᠬᠢᠷᠠᠭᠤᠯᠤᠯᠲᠠ ᠶᠢ ᠨᠠᠷᠢᠯᠢᠬᠵᠢᠭᠤᠯᠤᠨ ᠰᠢᠯᠢᠳᠡᠭᠵᠢᠭᠦᠯᠵᠦ᠂ ᠲᠣᠣᠷᠵᠢᠭᠰᠠᠨ | ᠬᠠᠮᠢᠶᠠᠷᠤᠯᠲᠠ ᠵᠢᠨᠠᠵᠢᠯᠲᠠᠨ ᠤ ᠡᠩᠨᠡᠭᠡ ᠶᠢ ᠪᠦᠷᠢᠨ ᠭᠦᠢᠴᠡᠳ ᠳᠣᠭᠢᠷᠠᠭᠤᠯᠤᠨ᠂ ᠦᠨᠳᠦᠰᠦᠨ ᠱᠠᠲᠤᠨ ᠤ | ᠵᠠᠰᠠᠯᠲᠠ ᠶᠢᠨ ᠲᠤᠰᠬᠠᠶᠢᠵᠢᠭᠰᠠᠨ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠵᠢᠵᠢᠭ ᠲᠣᠣᠷ ᠤᠨ | ᠶᠡᠭᠡ ᠦᠢᠯᠡᠳᠦᠯ ᠢ ᠦᠨᠡᠨᠬᠦ ᠪᠠᠳᠠᠷᠠᠭᠤᠯᠵᠤ᠂ ᠨᠡᠶᠢᠭᠡᠮ ᠤᠨ ᠵᠠᠰᠠᠯᠲᠠ ᠶᠢᠨ ︽ᠡᠴᠦᠰ ᠤᠨ ᠨᠢᠭᠡ ᠺᠢᠯᠣᠮᠧᠲᠷ︾ ᠢ | ᠨᠡᠪᠲᠡᠷᠡᠭᠦᠯᠬᠦ ᠬᠡᠷᠡᠭᠲᠡᠶ ᠭᠡᠪᠡ᠃ | ᠳᠠᠷᠠᠭ᠎ᠠ ᠨᠢ᠂ ᠶᠠᠩ ᠰᠢᠩ ᠱᠧᠩ ᠮᠠᠨ ᠤ ᠰᠢᠶᠠᠨ ᠤ ᠬᠤᠲᠠ ᠶᠢᠨ ᠲᠣᠭᠤᠷᠢᠭ ᠵᠢᠴᠢ ᠡᠷᠭᠢᠨ ᠲᠣᠭᠤᠷᠢᠨ ᠤ | ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠭᠰᠠᠨ ᠪᠠᠶᠢᠳᠠᠯ ᠢ ᠲᠤᠬᠠᠶ ᠶᠢᠨ | ᠭᠠᠵᠠᠷ ᠲᠤᠨᠢ ᠪᠠᠶᠢᠴᠠᠭᠠᠨ ᠦᠵᠡᠵᠦ᠂ ᠵᠠᠮ ᠵᠠᠭᠤᠷ᠎ᠠ ᠪᠠᠨ ᠣᠯᠵᠤ ᠮᠡᠳᠡᠭᠰᠡᠨ ᠳᠤᠷ᠎ᠠ ᠪᠠᠷ ᠢᠶᠠᠨ ᠪᠠᠷᠢᠵᠤ ᠪᠠᠶᠢᠭᠤᠯᠬᠤ | ᠂ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ᠂ ᠬᠤᠭ ᠨᠣᠪᠰᠢ ᠶᠠᠭᠤᠮ᠎ᠠ ᠬᠡᠦᠮ᠎ᠡ ᠶᠢ | ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠬᠠᠶᠠᠬᠤ ᠵᠡᠷᠭᠡ ᠠᠰᠠᠭᠤᠳᠠᠯ ᠤᠨ ᠲᠤᠬᠠᠶ ᠲᠤᠬᠠᠶ ᠶᠢᠨ | ᠲᠠᠯᠠᠪᠤᠷ ᠲᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠴᠤ᠂ ᠡᠯ᠎ᠡ ᠱᠠᠲᠤᠨ ᠤ ᠡᠯ᠎ᠡ ᠰᠠᠯᠠᠭ᠎ᠠ | ᠮᠥᠴᠢᠷ ᠤᠨ ᠬᠢᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ | ᠬᠠᠷᠢᠭᠤᠴᠠᠯᠭᠠᠲᠤ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠪᠠᠨ ᠤᠯᠠᠮ ᠴᠢᠨᠠᠭᠰᠢᠳᠠ ᠴᠢᠩᠭᠠᠳᠬᠠᠵᠤ᠂ | ᠦᠵᠡᠯ ᠰᠠᠨᠠᠭ᠎ᠠ ᠪᠠᠨ ᠨᠢᠭᠡᠳᠬᠡᠵᠦ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠦᠳᠲᠡᠷ ᠲᠦᠷᠭᠡᠨ ᠬᠥᠳᠡᠯᠦᠯᠴᠡᠵᠦ᠂ | ᠰᠢᠨᠵᠢᠯᠡᠬᠦ ᠤᠬᠠᠭᠠᠨᠴᠢ ᠪᠠᠷ ᠲᠥᠰᠦᠯ ᠲᠣᠭᠲᠠᠭᠠᠵᠤ᠂ ᠨᠢᠭᠡᠳᠦᠯᠲᠡᠢ ᠵᠢᠷᠤᠮᠵᠢᠯ ᠢ ᠲᠣᠳᠣᠷᠬᠠᠶᠢᠯᠠᠵᠤ᠂ ᠴᠡᠭᠴᠡᠯᠡᠨ | ᠵᠠᠰᠠᠬᠤ ᠪᠠᠷᠢᠮᠵᠢᠶ᠎ᠠ ᠶᠢ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠭᠤᠭᠴᠤᠭ᠎ᠠ ᠶᠢ ᠡᠵᠡᠮᠳᠡᠵᠦ᠂ ᠲᠤᠰ ᠲᠤᠰ ᠤᠨ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠬᠠᠮᠲᠤᠷᠠᠯ ᠬᠦᠴᠦᠨ ᠢ ᠪᠦᠷᠢᠯᠳᠦᠭᠦᠯᠬᠦ ᠶᠢ ᠦᠨᠡᠨᠬᠦ ᠪᠡᠶᠡᠯᠡᠭᠦᠯᠵᠦ᠂ | ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠭᠰᠠᠨ ᠪᠣᠳᠠᠲᠤ ᠦᠷ᠎ᠡ | ᠪᠦᠲᠦᠮᠵᠢ ᠪᠠᠷ ᠢᠶᠠᠨ ᠠᠷᠠᠳ ᠤᠯᠠᠨ ᠤ ᠵᠣᠯ ᠵᠢᠷᠭᠠᠯᠲᠤ ᠲᠦᠷᠦᠭᠳᠡᠯ᠂ ᠬᠦᠷᠲᠡᠮᠵᠢ ᠶᠢᠨ ᠲᠦᠷᠦᠭᠳᠡᠯ ᠢ ᠳᠠᠰᠤᠷᠠᠯᠳᠠ | ᠦᠬᠡᠢ ᠳᠡᠭᠡᠭᠰᠢᠯᠡᠭᠦᠯᠬᠦ ᠬᠡᠷᠡᠭᠲᠡᠢ ᠭᠡᠪᠡ᠃ | | |