3 ᠳ᠋ᠤᠭᠠᠷ ᠰᠠᠷ᠎ᠠ ᠶᠢᠨ 21 ᠤ ᠡᠳᠦᠷ᠂ ᠠᠵᠢᠯᠲᠠᠳ ᠮᠠᠯᠲᠠᠬᠤ ᠮᠠᠰᠢᠨ ᠢᠶᠠᠷ ᠰᠠᠶᠢᠬᠠᠨ ᠲᠣᠭᠤᠷᠢᠭ ᠤᠨ | ᠭᠤᠳᠣᠯᠢ ᠲᠣᠰᠬᠤᠨ ᠤ ᠲᠠᠷᠢᠶᠠᠨ ᠭᠠᠵᠠᠷ ᠲᠤ ᠳᠤᠰᠤᠯᠭᠠᠨ ᠤᠰᠤᠯᠠᠬᠤ ᠰᠤᠪᠠᠭ ᠮᠠᠯᠲᠠᠵᠤ ᠪᠠᠶᠢᠭ᠎ᠠ ᠨᠢ᠃ | ᠣᠶᠢᠯᠠᠭᠠᠭᠰᠠᠨ ᠢᠶᠠᠷ᠂ ᠰᠠᠶᠢᠬᠠᠨ ᠲᠣᠭᠤᠷᠢᠭ ᠡᠨᠡ ᠵᠢᠯ ᠨᠡᠶᠢᠳᠡ 3.5 ᠲᠦᠮᠡᠨ ᠮᠦ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠬᠡᠷᠡᠭᠵᠢᠭᠦᠯᠵᠦ᠂ ᠶᠡᠷᠦᠩᠬᠡᠢ ᠪᠡᠯᠡ | ᠣᠷᠣᠭᠤᠯᠤᠯᠲᠠ ᠨᠢ 6300 ᠲᠦᠮᠡᠨ ᠲᠥᠭᠦᠷᠢᠭ ᠬᠦᠷᠦᠨ᠎ᠡ᠃ ᠲᠣᠰ ᠲᠥᠷᠥᠯ ᠵᠦᠢᠯ ᠢ 3 ᠳ᠋ᠤᠭᠠᠷ ᠰᠠᠷ᠎ᠠ ᠶᠢᠨ | 21 ᠤ ᠡᠳᠦᠷ ᠪᠥᠬᠦ ᠲᠠᠯ᠎ᠠ ᠪᠠᠷ ᠡᠬᠢᠯᠡᠨ ᠪᠦᠲᠦᠭᠡᠨ ᠪᠠᠶᠢᠭᠤᠯᠵᠤ᠂ ᠪᠠᠶᠢᠭᠤᠯᠵᠤ ᠳᠠᠭᠤᠰᠤᠭᠰᠠᠨ ᠤ ᠳᠠᠷᠠᠭ᠎ᠠ ︽ | ᠭᠠᠵᠠᠷ ᠨᠢ ᠲᠡᠭᠰᠢ᠂ ᠬᠥᠷᠥᠰᠥ ᠨᠢ ᠥᠩ ᠰᠢᠮᠡᠯᠢᠭ᠂ ᠭᠠᠩ ᠳᠤ ᠤᠰᠤᠯᠠᠬᠤ᠂ ᠦᠶᠡᠷᠯᠡᠬᠦ ᠳᠤ ᠤᠰᠤ ᠶᠢ | ᠭᠠᠳᠠᠭᠰᠢᠯᠠᠭᠤᠯᠬᠤ᠂ ᠰᠤᠪᠠᠭ ᠨᠢ ᠬᠤᠯᠪᠣᠯᠳᠤᠭᠰᠠᠨ᠂ ᠵᠠᠮ ᠨᠢ ᠨᠡᠪᠲᠡᠷᠡᠯᠴᠡᠭᠰᠡᠨ᠂ ᠣᠶ ᠰᠢᠭᠤᠢ ᠨᠢ ᠲᠣᠣᠷᠵᠢᠭᠰᠠᠨ | ︾ ᠰᠢᠨ᠎ᠡ ᠬᠡᠯᠪᠡᠷᠢ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠣᠶ ᠪᠣᠯᠭᠠᠵᠤ᠂ ᠵᠢᠱᠢᠯᠲᠡ ᠪᠠᠷ ᠠᠮᠤ | ᠪᠤᠳᠠᠭᠠᠨ ᠤ ᠮᠦ ᠪᠦᠷᠢ ᠶᠢᠨ ᠤᠨᠠᠯᠲᠠ ᠶᠢ 20% ᠠᠴᠠ ᠳᠡᠭᠡᠭᠰᠢ ᠨᠡᠮᠡᠭᠳᠡᠭᠦᠯᠵᠦ᠂ ᠤᠰᠤᠨ ᠤ ᠡᠬᠢ ᠪᠠᠶᠠᠯᠢᠭ ᠤᠨ | ᠠᠰᠢᠭᠯᠠᠯᠲᠠ ᠶᠢᠨ ᠨᠣᠷᠮ᠎ᠠ ᠶᠢ 30% ᠠᠴᠠ ᠳᠡᠭᠡᠭᠰᠢ ᠳᠡᠭᠡᠭᠰᠢᠯᠡᠭᠦᠯᠬᠦ ᠪᠣᠯᠣᠨ᠎ᠠ᠃ |