3 ᠰᠠᠷ᠎ᠠ ᠶᠢᠨ 24 ᠤ ᠡᠳᠦᠷ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ | ᠰᠢᠶᠠᠨ ᠤ ᠳᠠᠷᠤᠭ᠎ᠠ ᠬᠠᠳᠠ ᠮᠤᠵᠢ ᠶᠢᠨ ᠵᠠᠮ ᠤᠨ 311 ᠦᠴᠤᠸᠠᠨ ᠠᠴᠠ ᠶᠠᠩ ᠱᠤ᠋ ᠪᠠ ᠬᠦᠷᠬᠦ ᠨᠢᠭᠡᠳᠦᠭᠡᠷ | ᠳᠡᠰ ᠤᠨ ᠵᠠᠰᠠᠮᠠᠯ ᠵᠠᠮ ᠤᠨ ᠲᠠᠲᠠᠪᠤᠷᠢᠯᠠᠨ ᠨᠣᠷᠠᠭᠠᠵᠤ ᠲᠣᠬᠢᠷᠠᠭᠤᠯᠬᠤ ᠬᠤᠷᠠᠯ ᠢ ᠡᠷᠬᠢᠯᠡᠨ ᠬᠤᠷᠠᠯᠳᠤᠭᠤᠯᠪᠠ᠃ | ᠬᠤᠷᠠᠯ ᠠᠴᠠ ᠲᠠᠲᠠᠪᠤᠷᠢᠯᠠᠨ ᠨᠤᠷᠠᠭᠠᠬᠤ ᠠᠵᠢᠯ ᠤᠨ ᠠᠬᠢᠴᠠ ᠶᠢ ᠰᠣᠨᠣᠰᠤᠭᠰᠠᠨ ᠪᠥᠭᠡᠳ ᠢᠯᠡᠷᠡᠭᠦᠯᠦᠭᠰᠡᠨ | ᠠᠰᠠᠭᠤᠳᠠᠯ ᠳᠤ ᠴᠢᠭᠯᠡᠭᠦᠯᠦᠨ ᠠᠵᠢᠯ ᠤᠨ ᠠᠷᠭ᠎ᠠ ᠬᠡᠮᠵᠢᠶ᠎ᠡ ᠪᠠ ᠰᠠᠨᠠᠭᠤᠯᠭ᠎ᠠ ᠳᠤᠷᠠᠳᠴᠠᠢ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠮᠤᠵᠢ ᠶᠢᠨ ᠵᠠᠮ ᠤᠨ 311 ᠦᠴᠤᠸᠠᠨ ᠠᠴᠠ ᠶᠠᠩ ᠱᠤ᠋ ᠪᠠ ᠬᠦᠷᠬᠦ | ᠨᠢᠭᠡᠳᠦᠭᠡᠷ ᠳᠡᠰ ᠤᠨ ᠵᠠᠰᠠᠮᠠᠯ ᠵᠠᠮ ᠪᠣᠯ ᠥᠪᠡᠷᠲᠡᠭᠡᠨ ᠵᠠᠰᠠᠬᠤ ᠣᠷᠣᠨ ᠤ ᠳᠡᠰ ᠤᠨ ᠭᠤᠣᠯᠳᠠᠯᠭ᠎ᠠ ᠲᠠᠢ ᠲᠥᠷᠥᠯ | ᠵᠦᠢᠯ ᠪᠣᠯᠤᠨ᠎ᠠ᠂ ᠡᠯ᠎ᠡ ᠰᠠᠯᠠᠭ᠎ᠠ ᠮᠥᠴᠢᠷ ᠤᠳ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ | ᠰᠠᠨᠠᠭ᠎ᠠ ᠲᠠᠨᠢᠯᠲᠠ ᠪᠠᠨ ᠨᠢᠭᠡᠳᠬᠡᠨ᠂ ᠵᠦᠶ ᠵᠣᠬᠢᠰᠲᠠᠶ ᠨᠡᠪᠲᠡᠷᠡᠯᠴᠡᠵᠦ᠂ ᠵᠥᠪᠳᠡᠯᠴᠡᠨ ᠳᠣᠭᠢᠷᠠᠭᠤᠯᠵᠤ᠂ ᠠᠷᠠᠳ ᠤᠨ | ᠰᠠᠨᠠᠭ᠎ᠠ ᠶᠢ ᠠᠪᠴᠠᠯᠳᠤᠭᠤᠯᠬᠤ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠨ᠂ ᠵᠣᠬᠢᠴᠠᠭᠤᠯᠵᠤ ᠬᠠᠮᠲᠤᠷᠠᠨ | ᠬᠥᠳᠡᠯᠦᠯᠴᠡᠬᠦ ᠶᠢ ᠴᠢᠩᠭᠠᠳᠬᠠᠵᠤ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠪᠥᠲᠥᠭᠡᠨ | ᠪᠠᠶᠢᠭᠤᠯᠤᠯᠲᠠ ᠶᠢᠨ ᠠᠬᠢᠴᠠ ᠶᠢ ᠥᠨᠳᠥᠷ ᠦᠷ᠎ᠡ ᠪᠦᠲᠦᠮᠵᠢ ᠲᠠᠢ᠂ ᠴᠢᠨᠠᠷ ᠰᠠᠶᠢᠲᠠᠶ ᠳᠥᠯᠭᠢᠨ ᠠᠬᠢᠭᠤᠯᠵᠤ᠂ | ᠴᠠᠭ ᠤᠨ ᠬᠦᠰᠦᠨᠦᠭᠲᠦ᠂ ᠡᠭᠦᠷᠭᠡ ᠶᠢᠨ ᠵᠢᠷᠤᠭ ᠢ ᠵᠢᠭᠰᠠᠭᠠᠨ ᠭᠠᠷᠭᠠᠵᠤ᠂ ᠡᠯ᠎ᠡ ᠵᠦᠢᠯ ᠤᠨ ᠠᠵᠢᠯ ᠤᠨ | ᠡᠭᠦᠷᠭᠡ ᠶᠢᠨ ᠤᠷᠤᠭᠰᠢᠲᠠᠶ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠪᠡ᠃ | | |