ᠳᠤᠮᠳᠠᠳᠤ ᠤᠯᠤᠰ ᠤᠨ ᠠᠮᠢ ᠨᠠᠰᠤᠨ ᠤ ᠳᠠᠭᠠᠳᠬᠠᠯ ᠤᠨ ᠦᠴᠤᠸᠠᠨ ᠰᠠᠯᠪᠤᠷᠢ ᠺᠣᠮᠫᠠᠨᠢ ᠬᠢᠵᠢᠭ ᠢ ᠡᠰᠡᠷᠭᠦᠴᠡᠬᠦ ᠨᠢᠭᠡᠳᠦᠭᠡᠷ ᠹᠷᠣᠨᠲ ᠤᠨ ᠠᠵᠢᠯᠲᠠᠳ ᠢ ᠲᠣᠬᠤᠨᠢᠭᠤᠯᠪᠠ
ᠨᠡᠶᠢᠲᠡᠯᠡᠭᠰᠡᠨ ᠴᠠᠭ᠄
2022/3/30
     3 ᠰᠠᠷ᠎ᠠ ᠶᠢᠨ 22 ᠤᠨ ᠡᠳᠦᠷ ᠳᠤᠮᠳᠠᠳᠤ ᠤᠯᠤᠰ ᠤᠨ ᠠᠮᠢ ᠨᠠᠰᠤᠨ ᠤ ᠳᠠᠭᠠᠳᠬᠠᠯ ᠤᠨ ᠦᠴᠦᠸᠠᠨ ᠰᠠᠯᠪᠤᠷᠢ ᠺᠣᠮᠫᠠᠨᠢ ︽ᠲᠦᠮᠡᠨ ᠣᠯᠠᠨ ᠢᠶᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ︾ ᠭᠤᠣᠯ ᠰᠡᠳᠦᠪᠲᠦ ᠬᠠᠨᠳᠢᠪ ᠴᠤᠭᠯᠠᠭᠤᠯᠬᠤ ᠠᠵᠢᠯᠯᠠᠭ᠎ᠠ ᠶᠢ ᠥᠷᠨᠢᠭᠦᠯᠪᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠳᠤ ᠬᠠᠶᠢᠷ᠎ᠠ ᠬᠠᠯᠠᠮᠵᠢ ᠬᠦᠷᠭᠡᠵᠦ᠂ ᠥᠪᠡᠷ ᠤᠨ ᠬᠦᠴᠦᠨ ᠴᠢᠳᠠᠯ ᠢᠶᠠᠨ ᠰᠢᠪᠬᠠᠨ ᠮᠠᠨ ᠤ ᠰᠢᠶᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠡᠰᠡᠷᠭᠦᠴᠡᠬᠦ ᠶᠢ ᠳᠡᠮᠵᠢᠪᠡ᠃
     ᠲᠣᠰ ᠤᠳᠠᠭᠠᠨ ᠤ ᠬᠠᠨᠳᠢᠪᠯᠠᠯ ᠳᠤ᠂ ᠳᠤᠮᠳᠠᠳᠤ ᠤᠯᠤᠰ ᠤᠨ ᠠᠮᠢ ᠨᠠᠰᠤᠨ ᠤ ᠳᠠᠭᠠᠳᠬᠠᠯ ᠤᠨ ᠦᠴᠦᠸᠠᠨ ᠰᠠᠯᠪᠤᠷᠢ ᠺᠣᠮᠫᠠᠨᠢ ᠮᠠᠨ ᠤ ᠰᠢᠶᠠᠨ ᠤ ᠬᠢᠵᠢᠭ ᠢ ᠡᠰᠡᠷᠭᠦᠴᠡᠬᠦ ᠨᠢᠭᠡᠳᠦᠭᠡᠷ ᠹᠷᠣᠨᠲ ᠤᠨ ᠠᠵᠢᠯᠲᠠᠳ ᠲᠤ ᠨᠡᠶᠢᠲᠡ 11700 ᠲᠥᠭᠦᠷᠢᠭ ᠤᠨ ᠥᠷᠲᠡᠭ ᠪᠥᠬᠦᠶ ᠠᠷᠢᠭᠤᠳᠬᠠᠬᠤ ᠥᠪᠴᠢ ᠬᠤᠪᠴᠠᠰᠤ ᠶᠢ 260 ᠬᠤᠪᠢ ᠬᠠᠨᠳᠢᠪᠯᠠᠪᠠ  ᠃ ᠬᠠᠶᠢᠷ᠎ᠠ ᠬᠠᠯᠠᠮᠵᠢ ᠬᠦᠷᠭᠡᠬᠦ ᠡᠳ᠋ ᠪᠣᠳᠠᠰ ᠤᠨ ᠬᠠᠨᠳᠢᠪᠯᠠᠯ ᠨᠢ ᠬᠠᠶᠢᠷ᠎ᠠ ᠬᠠᠯᠠᠮᠵᠢ ᠬᠦᠷᠭᠡᠬᠦ ᠠᠵᠤ ᠠᠬᠤᠶᠢᠯᠠᠯ ᠤᠨ ᠬᠠᠷᠢᠭᠤᠴᠠᠯᠭ᠎ᠠ ᠪᠠ ᠡᠭᠦᠷᠭᠡᠯᠡᠯ ᠢ ᠭᠦᠢᠴᠡᠳ ᠬᠠᠷᠠᠭᠤᠯᠤᠭᠰᠠᠨ ᠪᠥᠭᠡᠳ ᠨᠡᠶᠢᠭᠡᠮ ᠤᠨ ᠡᠯ᠎ᠡ ᠡᠲᠡᠭᠡᠳ ᠤᠨ ᠬᠢᠵᠢᠭ ᠤᠨ ᠪᠠᠶᠢᠳᠠᠯ ᠢ ᠭᠠᠷ ᠬᠤᠯᠪᠣᠨ ᠡᠰᠡᠷᠭᠦᠴᠡᠬᠦ ᠢᠳᠡᠪᠬᠢ ᠬᠦᠴᠦᠨ ᠢ ᠬᠤᠷᠠᠮᠳᠤᠭᠤᠯᠵᠠᠶ᠃      ᠲᠣᠰ ᠤᠳᠠᠭᠠᠨ ᠤ ᠲᠣᠬᠤᠨᠢᠭᠤᠯᠤᠯ ᠨᠢ ᠮᠠᠨ ᠤ ᠰᠢᠶᠠᠨ ᠤ ᠬᠢᠵᠢᠭ ᠢ ᠰᠡᠷᠭᠡᠶᠢᠯᠡᠬᠦ ᠨᠢᠭᠡᠳᠦᠭᠡᠷ ᠹᠷᠣᠨᠲ ᠤᠨ ᠬᠥᠮᠦᠰ ᠲᠤ ᠡᠳ᠋ ᠪᠣᠳᠠᠰ ᠤᠨ ᠪᠠᠲᠤᠯᠠᠭ᠎ᠠ ᠬᠠᠩᠭᠠᠭᠰᠠᠨ ᠢᠶᠠᠷ ᠪᠠᠷᠠᠬᠤ ᠥᠬᠡᠶ᠂ ᠪᠠᠰᠠ ᠬᠠᠮᠲᠤ ᠪᠠᠷ ᠬᠢᠵᠢᠭ ᠢ ᠡᠰᠡᠷᠭᠦᠴᠡᠬᠦ ᠵᠠᠮ ᠳᠡᠭᠡᠷ᠎ᠡ ᠪᠠᠲᠤ ᠴᠢᠩᠭ᠎ᠠ ᠬᠦᠴᠦᠨ ᠴᠢᠳᠠᠯ ᠨᠡᠮᠡᠷᠢᠯᠡᠭᠰᠡᠨ ᠪᠠᠶᠢᠨ᠎ᠠ︕
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号