ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠤᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 42 ᠳ᠋ᠤᠭᠠᠷ ᠬᠤᠷᠠᠯ ᠵᠢᠴᠢ ᠰᠢᠶᠠᠨ ᠤ ᠰᠢᠨ᠎ᠡ  ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ 2022 ᠣᠨ ᠤ 4 ᠳ᠋ᠦ᠋ᠭᠡᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/3/30
     3 ᠰᠠᠷ᠎ᠠ ᠶᠢᠨ 20 ᠤ ᠡᠳᠦᠷ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠧᠤ ᠵᠧᠨ ᠭᠤᠸᠠᠩ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠷᠢᠭᠯᠠᠨ ᠴᠣᠬᠢᠬᠤ ᠳᠠᠶᠢᠨ ᠢ ᠨᠢᠭᠡ ᠴᠤᠭᠴᠠᠵᠢᠭᠤᠯᠬᠤ ᠠᠵᠢᠯ ᠤᠨ ᠪᠣᠯᠪᠠᠰᠤᠷᠠᠭᠤᠯᠤᠯ ᠤᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠠᠴᠠ ᠦᠴᠤᠸᠠᠨ ᠰᠢᠶᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠷᠢᠭᠯᠠᠨ ᠴᠣᠬᠢᠬᠤ ᠲᠠᠶᠢᠨ ᠢ ᠨᠢᠭᠡ ᠴᠤᠭᠴᠠᠵᠢᠭᠤᠯᠬᠤ ᠠᠵᠢᠯ ᠤᠨ ᠲᠥᠰᠦᠯ ᠢ ᠨᠠᠷᠢᠯᠢᠬᠵᠢᠭᠤᠯᠤᠨ ᠰᠤᠷᠤᠯᠴᠠᠵᠠᠢ᠃
      ᠬᠤᠷᠠᠯ ᠠᠴᠠ ᠵᠢᠭᠠᠵᠤ ᠭᠠᠷᠭᠠᠭᠰᠠᠨ ᠨᠢ᠂ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠮᠥᠨ ᠬᠦ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠶᠢᠵᠤ᠂ ᠪᠤᠶ ᠪᠦᠬᠦᠢ ᠪᠣᠯᠪᠠᠰᠤᠷᠠᠯ ᠳᠤ ᠣᠷᠣᠯᠴᠠᠭᠰᠠᠳ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠷᠢᠭᠯᠠᠨ ᠴᠣᠬᠢᠬᠤ ᠳᠠᠶᠢᠨ ᠢ ᠨᠢᠭᠡ ᠴᠤᠭᠴᠠᠵᠢᠭᠤᠯᠤᠭᠰᠠᠨ ᠪᠣᠯᠪᠠᠰᠤᠷᠠᠯ ᠤᠨ ᠬᠤᠷᠠᠯ ᠢ ᠥᠷᠨᠢᠭᠦᠯᠬᠦ ᠶᠢᠨ ᠪᠣᠳᠠᠲᠤ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠲᠣᠰ ᠲᠣᠰ ᠤᠨ ᠡᠭᠦᠷᠭᠡᠯᠡᠭᠰᠡᠨ ᠠᠵᠢᠯ ᠤᠨ ᠡᠭᠦᠷᠭᠡ ᠬᠠᠷᠢᠭᠤᠴᠠᠯᠭ᠎ᠠ ᠪᠠ ᠠᠵᠢᠯ ᠤᠨ ᠡᠭᠦᠷᠭᠡ ᠶᠢᠨ ᠶᠣᠰᠣᠭᠠᠷ᠂ ᠠᠵᠢᠯᠲᠠᠨ ᠤ ᠠᠵᠢᠯ ᠤᠨ ᠬᠤᠪᠢᠶᠠᠷᠢᠯᠠᠯ ᠪᠠ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠨᠠᠷᠢᠯᠢᠬᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠬᠤ ᠪᠣᠳᠠᠲᠤ ᠪᠠᠶᠢᠯᠳᠤᠭᠠᠨ ᠤ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠪᠠᠴᠢᠮ ᠪᠠᠶᠢᠳᠠᠯ ᠢ ᠠᠷᠭᠠᠴᠠᠬᠤ ᠳᠤ ᠳᠠᠭᠠᠵᠤ ᠬᠢᠬᠦ᠂ ᠤᠷᠤᠰᠬᠠᠯ ᠤᠨ ᠲᠣᠬᠢᠷᠠᠭᠤᠯᠤᠯᠲᠠ ᠶᠢ ᠮᠥᠷᠳᠡᠬᠦ᠂ ᠲᠤᠰᠠᠭᠠᠷᠯᠠᠨ ᠰᠢᠯᠵᠢᠭᠦᠯᠦᠨ ᠲᠡᠭᠡᠭᠡᠪᠦᠷᠢᠯᠡᠬᠦ᠂ ᠪᠥᠭᠡᠮ ᠬᠦᠴᠢᠯ ᠢ ᠪᠠᠶᠢᠴᠠᠭᠠᠨ ᠬᠡᠮᠵᠢᠬᠦ᠂ ᠮᠡᠳᠡᠭᠡ ᠵᠠᠩᠭᠢ ᠶᠢ ᠳᠡᠭᠡᠭᠰᠢ ᠮᠡᠳᠡᠭᠦᠯᠬᠦ ᠵᠡᠷᠭᠡ ᠵᠠᠩᠭᠢᠯᠠᠭ᠎ᠠ ᠶᠢᠨ ᠲᠦᠷᠭᠡᠨ ᠲᠤᠰᠬᠠᠬᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠡᠭᠦᠰᠬᠦ ᠦᠶ᠎ᠡ ᠳᠤ ᠳᠠᠶᠢᠨ ᠤ ᠦᠶ᠎ᠡ ᠶᠢᠨ ᠪᠠᠶᠢᠳᠠᠯ ᠳᠤ ᠲᠦᠷᠭᠡᠨ ᠣᠷᠣᠬᠤ ᠶᠢ ᠪᠠᠲᠤᠯᠠᠬᠤ ᠬᠡᠷᠡᠭᠲᠡᠶ ᠭᠡᠪᠡ᠃      ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠤᠷᠤᠯᠴᠠᠯᠭ᠎ᠠ ᠪᠠᠨ ᠴᠢᠩᠭᠠᠳᠬᠠᠵᠤ ᠂ ᠪᠣᠯᠪᠠᠰᠤᠷᠠᠯ ᠤᠨ ᠦᠷ᠎ᠡ ᠪᠦᠲᠦᠭᠡᠯ ᠵᠢᠴᠢ ᠠᠭᠤᠯᠭ᠎ᠠ ᠶᠢ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠭᠡᠨᠡᠳᠲᠡ ᠡᠭᠦᠰᠬᠦ ᠬᠢᠵᠢᠭ ᠤᠨ ᠪᠠᠶᠢᠳᠠᠯ ᠢ ᠰᠢᠢᠳᠪᠦᠷᠢᠯᠡᠬᠦ ᠠᠵᠢᠯ ᠳᠤ ᠦᠨᠡᠨᠬᠦ ᠬᠡᠷᠡᠭᠯᠡᠬᠦ ᠬᠡᠷᠡᠭᠲᠡᠢ︔ ᠬᠦᠷᠦᠯᠴᠡᠬᠦ ᠥᠬᠡᠶ ᠲᠠᠯ᠎ᠠ ᠪᠠᠨ ᠡᠷᠢᠵᠦ᠂ ᠰᠤᠷᠤᠯᠴᠠᠯᠭ᠎ᠠ ᠪᠣᠯᠪᠠᠰᠤᠷᠠᠭᠤᠯᠤᠯ ᠢᠶᠠᠷ ᠳᠡᠮᠵᠢᠨ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠳᠤᠮᠳᠠ ᠣᠷᠣᠰᠢᠵᠤ ᠪᠠᠶᠢᠭ᠎ᠠ ᠬᠦᠷᠦᠯᠴᠡᠬᠦ ᠥᠬᠡᠶ ᠲᠠᠯ᠎ᠠ ᠪᠠᠨ ᠴᠠᠭ ᠲᠤᠬᠠᠶ ᠳᠤᠨᠢ ᠢᠯᠡᠷᠡᠭᠦᠯᠵᠦ᠂ ᠡᠯ᠎ᠡ ᠵᠦᠢᠯ ᠤᠨ ᠠᠵᠢᠯ ᠤᠨ ᠳᠤᠮᠳᠠ ᠣᠷᠣᠰᠢᠵᠤ ᠪᠠᠶᠢᠭ᠎ᠠ ᠳᠤᠲᠠᠭᠤᠳᠠᠯ ᠪᠠ ᠳᠤᠲᠠᠭᠳᠠᠯ ᠢᠶᠠᠨ ᠬᠠᠮᠤᠭ ᠤᠨ ᠲᠡᠷᠢᠭᠦᠨ ᠳᠤ ᠨᠥᠬᠦᠪᠥᠷᠢᠯᠡᠬᠦ ᠬᠡᠷᠡᠭᠲᠡᠶ︔ ᠰᠣᠷᠢᠯᠲᠠ ᠪᠠᠨ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠰᠢᠰᠲ᠋ᠧᠮ ᠪᠣᠯᠤᠨ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠴᠠᠭ ᠢᠮᠠᠭᠲᠠ ᠬᠠᠮᠤᠭ ᠤᠨ ᠰᠠᠶᠢᠨ ᠪᠠᠶᠢᠳᠠᠯ ᠳᠤ ᠪᠠᠶᠢᠯᠭᠠᠬᠤ ᠶᠢ ᠪᠠᠲᠤᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠳᠠᠪᠤᠷᠢ ᠪᠣᠯᠤᠨ ᠲᠦᠪᠰᠢᠨ ᠢ ᠦᠨᠡᠨᠬᠦ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠲᠣᠣᠷ ᠢ ᠦᠨᠡᠨᠬᠦ ᠨᠢᠭᠲᠠ ᠪᠥᠭᠡᠳ ᠪᠠᠲᠤ ᠰᠦᠯᠵᠢᠬᠦ ᠬᠡᠷᠡᠭᠲᠡᠢ ᠭᠡᠪᠡ᠃      ᠬᠤᠷᠠᠯ ᠠᠴᠠ᠂ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠬᠦᠴᠦᠯᠡᠨ ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠨᠢᠭᠡᠴᠡ ᠶᠢᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠦᠷᠭᠦᠯᠵᠢᠯᠡᠨ ᠥᠷᠨᠢᠭᠦᠯᠵᠦ᠂ ᠪᠣᠳᠠᠲᠠᠢ ᠪᠣᠯᠪᠠᠰᠤᠷᠠᠯ ᠪᠣᠯᠤᠨ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠬᠤ ᠤᠷ᠎ᠠ ᠴᠢᠳᠠᠪᠤᠷᠢ ᠶᠢ ᠪᠣᠯᠪᠠᠰᠤᠷᠠᠩᠭᠤᠢ ᠡᠵᠡᠮᠰᠢᠵᠦ᠂ ᠪᠠᠴᠢᠮ ᠪᠠᠶᠢᠳᠠᠯ ᠢ ᠠᠷᠭᠠᠴᠠᠬᠤ ᠪᠣᠳᠠᠲᠠᠢ ᠪᠠᠶᠢᠯᠳᠤᠭᠠᠨ ᠤ ᠦᠷ᠎ᠡ ᠪᠦᠲᠦᠮᠵᠢ ᠪᠣᠯᠤᠨ ᠬᠤᠷᠳᠤᠴᠠ ᠶᠢ ᠲᠠᠰᠤᠷᠠᠯᠳᠡ ᠦᠭᠡᠢ ᠳᠡᠭᠡᠭᠰᠢᠯᠡᠭᠦᠯᠬᠦ ᠬᠡᠷᠡᠭᠲᠡᠢ᠃ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠥᠴᠦᠬᠡᠨ ᠴᠦ ᠰᠤᠯᠠᠷᠠᠭᠤᠯᠤᠯ ᠦᠭᠡᠢ ᠴᠢᠩᠭ᠎ᠠ ᠠᠳᠬᠤᠨ ᠰᠠᠶᠢᠲᠤᠷ ᠠᠳᠬᠤᠵᠤ᠂ ᠬᠢᠯᠪᠠᠷ ᠪᠤᠰᠤ ᠪᠠᠷ ᠣᠯᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠰᠠᠶᠢᠲᠤᠷ ᠪᠠᠬᠢᠵᠢᠭᠦᠯᠬᠦ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠡᠭᠦᠷᠭᠡ ᠶᠢ ᠪᠣᠳᠠᠲᠠᠢ ᠨᠠᠶᠢᠳᠠᠪᠤᠷᠢᠵᠢᠭᠤᠯᠵᠤ᠂ ᠪᠦᠬᠦ ᠰᠢᠶᠠᠨ ᠤ ᠠᠷᠠᠳ ᠤᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠤ ᠪᠠ ᠠᠮᠢ ᠨᠠᠰᠤᠨ ᠤ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠬᠤ ᠬᠡᠷᠡᠭᠲᠡᠢ ᠭᠡᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号