ᠬᠠᠳᠠ ᠦᠴᠤᠸᠠᠨ ᠰᠢᠶᠠᠨ ᠤ ᠵᠠᠰᠠᠭ ᠤᠨ ᠣᠷᠳᠣᠨ ᠤ 2022 ᠣᠨ ᠤ 8 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/3/31
     3 ᠰᠠᠷ᠎ᠠ ᠶᠢᠨ 25 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠦᠴᠤᠸᠠᠨ ᠰᠢᠶᠠᠨ ᠤ ᠵᠠᠰᠠᠭ ᠤᠨ ᠣᠷᠳᠣᠨ ᠤ 2022 ᠣᠨ ᠤ 8 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠠᠵᠢᠯ ᠤᠨ ᠬᠠᠷᠢᠭᠤ ᠮᠡᠳᠡᠭᠦᠯᠦᠯᠲᠡ᠂ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ ᠬᠦᠷᠢᠶᠡᠨ ᠤ ᠢᠯᠵᠢᠷᠡᠯ ᠤᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠭᠰᠠᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠴᠡᠭᠴᠡᠯᠡᠨ ᠰᠠᠶᠢᠵᠢᠷᠠᠭᠤᠯᠤᠭᠰᠠᠨ ᠦᠭᠡᠢ ᠠᠰᠠᠭᠤᠳᠠᠯ ᠢ ᠰᠤᠳᠤᠯᠤᠨ ᠪᠠᠶᠢᠷᠢᠯᠠᠭᠤᠯᠵᠠᠢ᠃      ᠬᠤᠷᠠᠯ ᠠᠴᠠ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠪᠣᠯ ᠭᠤᠣᠯᠳᠠᠯᠭ᠎ᠠ ᠶᠢᠨ ᠳᠣᠲᠤᠷᠠᠬᠢ ᠭᠤᠤᠯᠳᠠᠯᠭ᠎ᠠ ᠶᠤᠮ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠠᠨᠢᠯᠲᠠ ᠪᠠᠨ ᠳᠡᠭᠡᠭᠰᠢᠯᠡᠭᠦᠯᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠠᠪᠤᠴᠠ ᠳᠤ ᠵᠣᠬᠢᠰᠲᠠᠢ ᠲᠥᠰᠦᠯ ᠲᠣᠭᠲᠠᠭᠠᠵᠤ᠂ ᠠᠵᠢᠯ ᠢᠶᠠᠨ ᠪᠣᠳᠠᠲᠠᠢ ᠬᠢᠬᠦ ᠶᠢ ᠪᠠᠲᠤᠯᠠᠬᠤ ᠬᠡᠷᠡᠭᠲᠡᠢ︔ ᠢᠮᠠᠭᠲᠠ ᠪᠣᠬᠢᠷᠲᠤᠯ ᠦᠭᠡᠢ ᠠᠮᠢ ᠠᠬᠤᠢ ᠶᠢᠨ ᠬᠥᠭᠵᠢᠯᠲᠡ ᠶᠢᠨ ᠴᠢᠭᠯᠡᠯ ᠤᠨ ᠲᠣᠭᠤᠷᠢᠨ ᠳᠤ ᠵᠣᠬᠢᠰᠲᠠᠢ ᠲᠥᠯᠥᠪᠵᠢᠭᠦᠯᠦᠨ ᠲᠤᠬᠢᠷᠠᠭᠤᠯᠬᠤ ᠬᠡᠷᠡᠭᠲᠡᠢ︔ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠵᠦᠢ ᠵᠣᠬᠢᠰᠲᠠᠢ ᠲᠥᠰᠦᠯ ᠲᠣᠭᠲᠠᠭᠠᠵᠤ᠂ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠠᠮᠢ ᠠᠬᠤᠢ ᠶᠢᠨ ᠦᠷᠭᠦᠯᠵᠢᠯᠡᠨ ᠰᠠᠶᠢᠵᠢᠷᠠᠬᠤ ᠶᠢ ᠪᠠᠲᠤᠯᠠᠬᠤ ᠬᠡᠷᠡᠭᠲᠡᠢ︔ ᠬᠢᠨᠠᠯᠲᠠ ᠲᠠᠯᠪᠢᠵᠤ ᠬᠢᠨᠠᠨ ᠬᠡᠮᠵᠢᠬᠦ ᠶᠢ ᠴᠢᠩᠭᠠᠳᠬᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠥᠰᠦᠯ ᠤᠨ ᠪᠦᠲᠦᠮᠵᠢᠲᠡᠢ ᠶᠠᠪᠤᠭᠳᠠᠬᠤ ᠶᠢ ᠪᠠᠲᠤᠯᠠᠬᠤ ᠬᠡᠷᠡᠭᠲᠡᠢ ᠭᠡᠪᠡ      ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠮᠤ ᠪᠤᠳᠠᠭᠠᠨ ᠤ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠵᠢᠴᠢ ᠠᠮᠤ ᠪᠤᠳᠠᠭᠠᠨ ᠤ ᠭᠦᠢᠯᠭᠡᠭᠡᠨ ᠤ ᠬᠠᠮᠢᠶᠠᠷᠤᠯᠲᠠ ᠶᠢᠨ ᠲᠦᠷᠢᠮ ᠢ ᠦᠨᠳᠦᠰᠦᠯᠡᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠢᠳᠡᠪᠬᠢᠲᠡᠢ ᠬᠠᠮᠵᠢᠯᠴᠠᠵᠤ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ ᠡᠯ᠎ᠡ ᠵᠦᠢᠯ ᠤᠨ ᠠᠵᠢᠯ ᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ ᠭᠡᠪᠡ᠃      ᠬᠤᠷᠠᠯ ᠠᠴᠠ ᠪᠠᠰᠠ ᠪᠤᠰᠤᠳ ᠤᠴᠢᠷ ᠶᠠᠪᠤᠳᠠᠯ ᠤᠨ ᠲᠤᠬᠠᠶ ᠱᠠᠭᠠᠷᠳᠠᠯᠭ᠎ᠠ ᠭᠠᠷᠭᠠᠵᠠᠶ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号