3 ᠰᠠᠷ᠎ᠠ ᠶᠢᠨ 8 ᠤ ᠡᠳᠦᠷ ᠠᠴᠠ ᠡᠬᠢᠯᠡᠨ ᠮᠠᠨ ᠤ ᠬᠤᠲᠠ ᠰᠦᠯᠵᠢᠶᠡᠨ ᠭᠠᠳᠠᠨᠠᠬᠢ ᠥᠯᠥ ᠬᠥᠳᠡᠯᠬᠦ ᠬᠥᠷᠥᠩᠭᠡ ᠶᠢ ᠳᠠᠩᠰᠠᠯᠠᠬᠤ ᠲᠤᠬᠠᠶᠢᠯᠠᠭᠰᠠᠨ ᠠᠵᠢᠯ ᠢᠶᠠᠨ ᠰᠡᠷᠭᠦᠭᠡᠨ᠎ᠡ
ᠨᠡᠶᠢᠲᠡᠯᠡᠭᠰᠡᠨ ᠴᠠᠭ᠄
2022/3/9
     ︵ᠰᠤᠷᠪᠤᠯᠵᠢᠯᠠᠭᠴᠢ ᠰᠥᠩ ᠰᠢᠶᠠᠩ ᠬᠤᠸᠠ︶ ᠠᠵᠤ ᠠᠬᠤᠶᠢᠯᠠᠯ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠬᠡᠷᠡᠭᠴᠡᠭᠡ ᠶᠢ ᠬᠠᠮᠤᠭ ᠤᠨ ᠶᠡᠭᠡ ᠬᠡᠮᠵᠢᠶ᠎ᠡ ᠪᠠᠷ  ᠬᠠᠩᠭᠠᠬᠤ ᠶᠢᠨ ᠲᠥᠯᠥᠭᠡ᠂ 3 ᠳ᠋ᠤᠭᠠᠷ ᠰᠠᠷ᠎ᠠ ᠶᠢᠨ 8 ᠤ ᠡᠳᠦᠷ ᠠᠴᠠ ᠡᠬᠢᠯᠡᠨ᠂ ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠡᠯ᠎ᠡ ᠦᠢᠯᠡᠴᠢᠯᠡᠭᠡᠨ ᠤ  ᠲᠢᠩᠬᠢᠮ ᠴᠣᠩᠬᠤᠪᠴᠢ ᠶᠢᠨ ᠲᠤᠬᠠᠶᠢᠯᠠᠭᠰᠠᠨ ᠠᠵᠢᠯ ᠤᠨ ᠦᠢᠯᠡᠴᠢᠯᠡᠭᠡ ᠶᠢ ᠡᠮᠬᠢ ᠵᠢᠷᠤᠮ ᠲᠠᠢ ᠪᠠᠷ ᠰᠡᠷᠭᠦᠭᠡᠨ᠎ᠡ᠃            ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠬᠤᠲᠠ ᠶᠢᠨ ᠥᠯᠥ ᠬᠥᠳᠡᠯᠬᠦ  ᠬᠥᠷᠥᠩᠭᠡ ᠶᠢᠨ ᠳᠠᠩᠰᠠᠯᠠᠯᠲᠠ ᠶᠢᠨ ᠲᠥᠪ ᠠᠴᠠ ᠸᠢᠴᠠᠲ ᠢᠶᠠᠷ ᠤᠷᠢᠳᠴᠢᠯᠠᠨ ᠪᠣᠯᠵᠣᠬᠤ ᠠᠷᠭ᠎ᠠ ᠮᠠᠶ᠋ᠢᠭ ᠢᠶᠠᠷ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢ ᠭᠦᠢᠴᠡᠳᠬᠡᠵᠦ᠂  ᠠᠵᠢᠯ ᠶᠠᠪᠤᠳᠠᠯ ᠬᠦᠢᠴᠡᠳᠭᠡᠬᠦ ᠬᠦᠮᠦᠰ ᠤᠷᠢᠳᠴᠢᠯᠠᠨ ᠪᠣᠯᠵᠣᠭᠰᠠᠨ ᠴᠠᠭ ᠤᠨ ᠶᠣᠰᠣᠭᠠᠷ ᠪᠦᠯᠦᠭ ᠤᠳᠠᠭ᠎ᠠ ᠬᠤᠪᠢᠶᠠᠨ ᠶᠡᠭᠡ ᠲᠢᠩᠬᠢᠮ ᠳᠤ ᠣᠷᠣᠵᠤ ᠲᠤᠬᠠᠶᠢᠯᠠᠭᠰᠠᠨ  ᠠᠵᠢᠯ ᠢᠶᠠᠨ ᠭᠦᠢᠴᠡᠳᠬᠡᠨ᠎ᠡ᠃ ᠸᠢᠴᠠᠲ ᠢᠶᠠᠷ ᠪᠣᠯᠵᠣᠭᠰᠠᠨ ᠦᠭᠡᠢ ᠪᠣᠯ ᠶᠡᠭᠡ ᠲᠢᠩᠬᠢᠮ ᠳᠤ ᠣᠷᠣᠵᠤ ᠪᠣᠯᠬᠤ ᠦᠭᠡᠢ᠂ ᠲᠤᠬᠠᠶᠢᠯᠠᠭᠰᠠᠨ ᠠᠵᠢᠯ ᠭᠦᠢᠴᠡᠳᠬᠡᠵᠦ ᠥᠭᠬᠦ ᠦᠭᠡᠢ᠃            ᠠᠵᠢᠯ ᠶᠠᠪᠤᠳᠠᠯ ᠬᠦᠢᠴᠡᠳᠭᠡᠬᠦ ᠬᠦᠮᠦᠨ ᠶᠡᠭᠡ ᠲᠢᠩᠬᠢᠮ ᠳᠤ ᠣᠷᠣᠬᠤ ᠳᠠᠭᠠᠨ ᠠᠮᠠᠪᠴᠢ ᠪᠠᠨ  ᠵᠢᠷᠤᠮᠵᠢᠭᠤᠨ ᠵᠡᠭᠦᠵᠦ᠂ ᠬᠤᠪᠢ ᠬᠥᠮᠥᠨ ᠤ ᠬᠠᠮᠠᠭᠠᠯᠠᠯᠲᠠ ᠶᠢ ᠰᠠᠶᠢᠲᠤᠷ  ᠬᠢᠵᠦ᠂ ᠠᠵᠢᠯᠲᠠᠳ ᠲᠠᠢ ᠪᠠᠨ ᠬᠠᠮᠵᠢᠯᠴᠠᠨ ᠡᠮᠬᠢ ᠵᠢᠷᠤᠮ ᠲᠠᠢ ᠪᠠᠷ ᠪᠡᠶ᠎ᠡ ᠶᠢᠨ ᠳᠤᠯᠠᠭᠠᠨ ᠤ ᠪᠠᠶᠢᠴᠠᠭᠠᠯᠲᠠ ᠬᠢᠵᠦ᠂ ᠡᠷᠡᠭᠦᠯ ᠮᠡᠨᠳᠦ ᠶᠢᠨ ᠺᠣᠳ᠋ ᠪᠠ ᠪᠥᠭᠡᠮ ᠬᠦᠴᠢᠯ ᠤᠨ  ᠪᠠᠶᠢᠴᠠᠭᠠᠯᠲᠠ ᠶᠢᠨ ︽D︾ ᠲᠡᠮᠳᠡᠭ ᠪᠤᠶᠤ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷᠲᠠᠢ ᠦᠷ᠎ᠡ ᠳ᠋ᠦᠩ ᠢᠶᠠᠨ ᠤᠬᠠᠮᠰᠠᠷ  ᠠᠴᠠ ᠪᠠᠨ ᠦᠵᠡᠭᠦᠯᠬᠦ ᠬᠡᠷᠡᠭᠲᠡᠢ᠃  ᠠᠵᠢᠯ  ᠶᠠᠪᠤᠳᠠᠯ ᠭᠦᠢᠴᠡᠳᠬᠡᠬᠦ ᠳᠡᠭᠡᠨ ︽ᠨᠢᠭᠡ ᠮᠧᠲᠷ ᠤᠨ ᠱᠤᠭᠤᠮ︾ ᠤᠨ ᠵᠠᠢ ᠶᠢ ᠪᠠᠲᠤᠯᠠᠵᠤ᠂ ᠪᠥᠭᠡᠮᠨᠡᠷᠡᠨ ᠴᠤᠭᠯᠠᠷᠠᠬᠤ ᠶᠢ ᠴᠢᠩᠭ᠎ᠠ ᠴᠠᠭᠠᠵᠠᠯᠠᠵᠤ᠂ ᠠᠯᠢ ᠴᠢᠳᠠᠬᠤ ᠪᠠᠷ ︽ ᠰᠦᠯᠵᠢᠶᠡᠨ ᠳᠡᠭᠡᠷ᠎ᠡ ᠰᠦᠢᠳᠬᠡᠯ ᠲᠤᠰᠢᠶᠠᠬᠤ᠂ ᠦᠨᠡᠮᠯᠡᠯ ᠢ ᠰᠢᠤᠳᠠᠨ ᠢᠶᠠᠷ ᠢᠯᠡᠭᠡᠬᠦ︾ ᠵᠡᠷᠭᠡ ᠦᠢᠯᠡᠴᠢᠯᠡᠭᠡ ᠶᠢ ᠰᠣᠩᠭᠤᠨ ᠬᠡᠷᠡᠭᠯᠡᠬᠦ ᠬᠡᠷᠡᠭᠲᠡᠢ︔ ᠲᠤᠬᠠᠢ ᠶᠢᠨ ᠲᠠᠯᠠᠪᠤᠷ ᠤᠨ  ᠠᠵᠢᠯᠲᠠᠨ ᠤ ᠬᠠᠮᠢᠶᠠᠷᠤᠯᠲᠠ ᠪᠠ ᠵᠢᠯᠣᠭᠤᠳᠤᠯᠭ᠎ᠠ ᠶᠢ ᠤᠬᠠᠮᠰᠠᠷ ᠠᠴᠠ ᠪᠠᠨ ᠳᠠᠭᠠᠵᠤ᠂  ᠠᠵᠢᠯ ᠶᠠᠪᠤᠳᠠᠯ ᠢᠶᠠᠨ  ᠭᠦᠢᠴᠡᠳᠬᠡᠵᠦ ᠳᠠᠭᠤᠰᠤᠭᠰᠠᠨ ᠤ ᠳᠠᠷᠠᠭ᠎ᠠ᠂ ᠦᠢᠯᠡᠴᠢᠯᠡᠭᠡᠨ ᠤ  ᠲᠢᠩᠬᠢᠮ ᠠᠴᠠ ᠳᠠᠷᠤᠶᠢᠬᠠᠨ ᠰᠠᠯᠬᠤ ᠬᠡᠷᠡᠭᠲᠡᠢ᠃            ᠬᠡᠷᠪᠡ ᠠᠮᠠᠪᠴᠢ ᠵᠡᠭᠦᠭᠰᠡᠨ ᠦᠭᠡᠢ᠂ ᠪᠡᠶ᠎ᠡ ᠶᠢᠨ ᠳᠤᠯᠠᠭᠠᠨ ᠬᠡᠪ ᠤᠨ ᠪᠤᠰᠤ ᠪᠣᠯᠤᠭᠰᠠᠨ᠂ ᠬᠠᠨᠢᠶᠠᠬᠤ ᠵᠡᠷᠭᠡ ᠡᠪᠡᠳᠴᠢᠨ ᠤ ᠢᠯᠡᠷᠡᠯ ᠲᠠᠢ᠂ ᠡᠷᠡᠭᠦᠯ ᠮᠡᠨᠳᠦ ᠶᠢᠨ ᠺᠣᠳ᠋ ᠨᠢ  ᠰᠢᠷ᠎ᠠ ᠪᠤᠶᠤ ᠤᠯᠠᠭᠠᠨ ᠺᠣᠳ᠋ ᠪᠣᠯᠬᠤ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ︽D︾ ᠲᠡᠮᠳᠡᠭ ᠪᠤᠶᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠪᠢᠯᠢᠭ  ᠴᠢᠨᠠᠷ ᠤᠨ ᠦᠷ᠎ᠡ ᠳ᠋ᠦᠩ ᠢ ᠭᠠᠷᠭᠠᠵᠤ ᠦᠵᠡᠭᠦᠯᠬᠦ ᠶᠢᠨ ᠠᠷᠭ᠎ᠠ ᠦᠭᠡᠢ ᠬᠦᠮᠦᠨ ᠦᠢᠯᠡᠴᠢᠯᠡᠭᠡᠨ ᠤ ᠲᠢᠩᠬᠢᠮ ᠳᠤ ᠣᠷᠣᠵᠤ ᠠᠵᠢᠯ ᠶᠠᠪᠤᠳᠠᠯ ᠭᠦᠢᠴᠡᠳᠬᠡᠬᠦ ᠶᠢ ᠴᠠᠭᠠᠵᠠᠯᠠᠨ᠎ᠠ᠃            ᠣᠳᠣᠬᠠᠨ ᠳᠤ᠂ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠬᠦᠨᠳᠦ ᠨᠣᠴᠢᠲᠠᠢ ᠪᠠᠶᠢᠨ᠎ᠠ᠂ ᠬᠤᠲᠠ ᠶᠢᠨ ᠥᠯᠥ ᠬᠥᠳᠡᠯᠬᠦ  ᠬᠥᠷᠥᠩᠭᠡ ᠶᠢᠨ ᠳᠠᠩᠰᠠᠯᠠᠯᠲᠠ ᠶᠢᠨ ᠲᠥᠪ ᠨᠢ ᠪᠣᠶ ᠪᠦᠬᠦᠢ ᠠᠵᠢᠯ ᠶᠠᠪᠤᠳᠠᠯ ᠭᠦᠢᠴᠡᠳᠬᠡᠬᠦ ᠪᠠᠷ ᠢᠷᠡᠬᠦ ᠬᠦᠮᠦᠰ ᠢ ᠬᠤᠪᠢ ᠬᠥᠮᠥᠨ ᠤ ᠬᠠᠮᠠᠭᠠᠯᠠᠯᠲᠠ ᠶᠢ ᠰᠠᠶᠢᠲᠤᠷ ᠬᠢᠯᠭᠡᠬᠦ ᠶᠢᠨ  ᠬᠠᠮᠲᠤ᠂ ᠡᠯ᠎ᠡ ᠵᠦᠢᠯ ᠤᠨ ᠬᠢᠵᠢᠭ ᠢ ᠰᠡᠷᠭᠡᠶᠢᠯᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠡᠯ᠎ᠡ ᠦᠢᠯᠡᠴᠢᠯᠡᠭᠡᠨ ᠤ  ᠲᠢᠩᠬᠢᠮ ᠪᠠ ᠴᠣᠩᠬᠤᠨ ᠤ ᠬᠢᠨ ᠦᠢᠯᠡᠴᠢᠯᠡᠭᠡ ᠪᠠᠨ ᠠᠯᠢ ᠴᠢᠳᠠᠬᠤ ᠪᠠᠷ ᠰᠠᠶᠢᠲᠤᠷ ᠬᠢᠵᠦ᠂ ᠡᠯ᠎ᠡ ᠵᠦᠢᠯ ᠤᠨ ᠲᠤᠬᠠᠶᠢᠯᠠᠭᠰᠠᠨ ᠠᠵᠢᠯ ᠢ ᠴᠠᠭ ᠲᠤᠬᠠᠢ  ᠳᠤᠨᠢ ᠭᠦᠢᠴᠡᠳᠬᠡᠬᠦ ᠶᠢ  ᠪᠠᠲᠤᠯᠠᠨ᠎ᠠ᠃            ᠠᠵᠢᠯ ᠶᠠᠪᠤᠳᠠᠯ ᠬᠦᠢᠴᠡᠳᠭᠡᠬᠦ ᠬᠦᠮᠦᠰ ᠵᠢᠴᠢ  ᠲᠡᠳᠡᠨ ᠤ ᠭᠡᠷ ᠤᠨ ᠬᠥᠮᠥᠰ ᠤᠨ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠦᠨᠡᠨ ᠬᠦ ᠪᠠᠲᠤᠯᠠᠬᠤ ᠶᠢᠨ ᠲᠥᠯᠥᠭᠡ᠂  ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠥᠪ ᠠᠴᠠ  ᠠᠵᠢᠯ ᠶᠠᠪᠤᠳᠠᠯ ᠭᠦᠢᠴᠡᠳᠬᠡᠬᠦ ᠬᠦᠮᠦᠰ ᠮᠦᠩᠭᠡ ᠰᠤᠪᠠᠭ App᠂ ᠠᠢ ᠴᠢᠩ  ᠴᠧᠩ App  ᠵᠢᠴᠢ ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠥᠪ ᠤᠨ ᠸᠢᠴᠠᠲ ᠤᠨ ᠨᠡᠶᠢᠲᠡ ᠶᠢᠨ ᠳ᠋ᠤᠭᠠᠷ ᠤᠨ ᠰᠦᠯᠵᠢᠶᠡᠨ ᠲᠡᠭᠡᠷ᠎ᠡ ᠠᠵᠢᠯ ᠶᠠᠪᠤᠳᠠᠯ ᠬᠦᠢᠴᠡᠳᠭᠡᠬᠦ  ᠲᠢᠩᠬᠢᠮ ᠵᠡᠷᠭᠡ ᠢᠨᠲ᠋ᠧᠷ ᠰᠦᠯᠵᠢᠶᠡᠨ ᠤ ᠠᠷᠭ᠎ᠠ ᠵᠠᠮ ᠢᠶᠠᠷ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠶᠢ  ᠰᠠᠨᠠᠭᠠᠴᠢᠯᠠᠵᠤ  ᠪᠠᠶᠢᠨ᠎ᠠ᠃  
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号