ᠪᠦᠬᠦ ᠣᠷᠣᠨ ᠤ ᠮᠠᠯ ᠡᠮᠨᠡᠯᠭᠡ ᠶᠢᠨ ᠠᠵᠢᠯ ᠤᠨ ᠸᠢᠳᠢᠣ᠋ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/4/1
     ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠭᠤᠸ᠎ᠠ︶ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ  ᠬᠦᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠪᠦᠬᠦ ᠣᠷᠣᠨ ᠤ ᠮᠠᠯ ᠡᠮᠨᠡᠯᠭᠡ ᠶᠢᠨ ᠠᠵᠢᠯ ᠤᠨ ᠸᠢᠳᠢᠤ᠋ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ 2021  ᠣᠨ ᠤ ᠮᠠᠯ ᠡᠮᠨᠡᠯᠭᠡ ᠶᠢᠨ ᠠᠵᠢᠯ ᠢ ᠪᠦᠬᠦ ᠲᠠᠯ᠎ᠠ ᠪᠠᠷ ᠳ᠋ᠦᠩᠨᠡᠭᠰᠡᠨ ᠤ ᠬᠠᠮᠲᠤ ᠲᠤᠯᠭᠠᠷᠠᠵᠤ ᠪᠠᠶᠢᠭ᠎ᠠ ᠪᠠᠶᠢᠳᠠᠯ ᠠᠰᠠᠭᠤᠳᠠᠯ ᠢ ᠰᠤᠳᠤᠯᠤᠨ ᠵᠠᠳᠠᠯᠵᠤ᠂ ᠡᠨᠡ ᠵᠢᠯ ᠤᠨ ᠭᠤᠣᠯᠳᠠᠯᠭ᠎ᠠ   ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃            ᠬᠤᠷᠠᠯ ᠳᠡᠭᠡᠷ᠎ᠡ᠂ ᠰᠢᠯᠢ ᠶᠢᠨ ᠭᠤᠣᠯ ᠠᠶᠢᠮᠠᠭ᠂ ᠤᠯᠠᠭᠠᠨᠴᠠᠪ ᠬᠤᠲᠠ᠂ ᠣᠷᠳᠣᠰ ᠬᠤᠲᠠ᠂ ᠪᠠᠶᠠᠨᠨᠠᠭᠤᠷ ᠬᠤᠲᠠ ᠵᠡᠷᠭᠡ 4 ᠠᠶᠢᠮᠠᠭ ᠬᠤᠲᠠ ᠶᠢᠨ ᠬᠢᠨ ᠲᠤᠰ ᠲᠤᠰ  ᠰᠠᠨᠠᠯ ᠢᠶᠠᠨ ᠰᠣᠯᠢᠯᠴᠠᠨ ᠦᠭᠡ ᠬᠡᠯᠡᠪᠡ᠃ ᠬᠤᠷᠠᠯ ᠠᠴᠠ᠂ 2022 ᠣᠨ ᠤ ᠮᠠᠯ ᠡᠮᠨᠡᠯᠭᠡ ᠶᠢᠨ ᠡᠯ᠎ᠡ ᠵᠦᠢᠯ ᠤᠨ ᠠᠵᠢᠯ ᠳᠤ ᠰᠢᠪᠲᠤᠯᠤᠯᠲᠠ ᠶᠢᠨ ᠴᠢᠨᠠᠷᠲᠠᠢ ᠦᠷ᠎ᠡ ᠪᠦᠲᠦᠮᠵᠢ  ᠣᠯᠬᠤ ᠶᠢ ᠪᠦᠬᠦ ᠬᠦᠴᠦᠨ ᠢᠶᠠᠷ ᠠᠬᠢᠭᠤᠯᠵᠤ᠂ ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠢᠳᠠᠪᠤᠷᠢᠵᠢᠭᠤᠯᠬᠤ᠂ ᠠᠮᠢᠲᠠᠨ ᠤ ᠬᠦᠨᠳᠦ ᠶᠡᠭᠡ ᠬᠡᠮ ᠬᠢᠵᠢᠭ ᠢ  ᠰᠡᠷᠭᠡᠶᠢᠯᠡᠨ ᠡᠵᠡᠮᠳᠡᠬᠦ᠂ ᠬᠥᠮᠦᠨ ᠮᠠᠯ ᠳᠤ ᠪᠦᠷ ᠲᠣᠰᠳᠠᠭ ᠡᠪᠡᠳᠴᠢᠨ ᠢ ᠡᠬᠢ ᠡᠭᠦᠰᠦᠯ ᠠᠴᠠ ᠨᠢ ᠰᠡᠷᠭᠡᠶᠢᠯᠡᠨ ᠡᠵᠡᠮᠳᠡᠬᠦ᠂ ᠮᠠᠯ ᠤᠨ ᠡᠮ ᠤᠨ ᠬᠢᠨᠠᠯᠲᠠ ᠬᠠᠮᠢᠶᠠᠷᠤᠯᠲᠠ ᠶᠢᠨ  ᠭᠤᠣᠯᠳᠠᠯᠭ᠎ᠠ ᠲᠠᠢ ᠠᠵᠢᠯ ᠪᠣᠯᠣᠨ ᠵᠠᠩᠭᠢᠯᠠᠭ᠎ᠠ ᠶᠢᠨ ᠭᠤᠭᠴᠤᠭ᠎ᠠ ᠶᠢᠨ ᠬᠢᠨᠠᠯᠲᠠ ᠬᠠᠮᠢᠶᠠᠷᠤᠯᠲᠠ᠂ ᠮᠠᠯ ᠡᠮᠨᠡᠯᠭᠡ ᠶᠢᠨ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ᠂  ᠮᠠᠯ ᠡᠮᠨᠡᠯᠭᠡ ᠶᠢᠨ ᠠᠵᠢᠯ ᠤᠨ ᠰᠢᠰᠲ᠋ᠧᠮ ᠤᠨ ᠪᠠᠢᠭᠤᠯᠤᠯᠲᠠ᠂ ᠪᠡᠯᠡ ᠮᠥᠩᠭᠦᠨ ᠤ ᠲᠥᠷᠥᠯ ᠵᠦᠢᠯ ᠤᠨ ᠬᠢᠨᠠᠯᠲᠠ ᠬᠠᠮᠢᠶᠠᠷᠤᠯᠲᠠ᠂ ᠮᠠᠯ ᠡᠮᠨᠡᠯᠭᠡ ᠶᠢᠨ ᠠᠵᠢᠯ ᠲᠥᠷᠥᠯ ᠤᠨ  ᠰᠤᠷᠲᠠᠯ ᠤᠨ ᠪᠠᠶᠢᠭᠤᠯᠤᠯᠲᠠ ᠵᠡᠷᠭᠡ ᠶᠢ ᠬᠦᠴᠦᠯᠡᠨ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠵᠠᠢ᠃            ᠬᠤᠷᠠᠯ ᠠᠴᠠ ᠪᠠᠰᠠ᠂ ᠮᠠᠯ ᠡᠮᠨᠡᠯᠭᠡ ᠶᠢᠨ ᠠᠵᠢᠯ ᠨᠢ ᠢᠳᠡᠭᠡᠨ ᠤ ᠠᠮᠤᠷ ᠲᠦᠪᠰᠢᠨ᠂ ᠠᠮᠢᠳᠤ ᠪᠣᠳᠠᠰ ᠤᠨ ᠠᠮᠤᠷ ᠲᠦᠪᠰᠢᠨ ᠪᠣᠯᠤᠨ ᠣᠯᠠᠨ ᠨᠡᠶᠢᠲᠡ ᠶᠢᠨ ᠡᠷᠡᠭᠦᠯ  ᠬᠠᠮᠠᠭᠠᠯᠠᠯ ᠤᠨ ᠠᠮᠤᠷ ᠲᠦᠪᠰᠢᠨ ᠲᠠᠢ ᠬᠤᠯᠪᠣᠭᠳᠠᠨ᠎ᠠ᠃ ᠡᠯ᠎ᠡ ᠭᠠᠵᠠᠷ ᠤᠨ ᠬᠢᠨ ᠱᠠᠯᠠᠪᠳᠠᠨ ᠲᠣᠬᠢᠷᠠᠭᠤᠯᠤᠨ ᠪᠠᠢᠷᠢᠯᠠᠭᠤᠯᠵᠤ᠂ ᠡᠯ᠎ᠡ ᠵᠦᠢᠯ ᠤᠨ ᠡᠭᠦᠷᠭᠡ ᠪᠠ ᠭᠦᠢᠴᠡᠳᠭᠡᠬᠦ  ᠲᠤᠭ᠎ᠠ ᠪᠠᠨ ᠰᠠᠶᠢᠲᠤᠷ ᠪᠡᠶᠡᠯᠡᠭᠦᠯᠤᠨ᠂ ᠮᠠᠯ ᠡᠮᠨᠡᠯᠭᠡ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠰᠢᠯᠢᠳᠡᠭ  ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号