︽ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ  ᠬᠡᠷᠡᠭᠵᠢᠭᠦᠯᠬᠦ ᠰᠠᠨᠠᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/4/1
      ᠨᠢᠭᠡ᠂  ᠨᠠᠶᠢᠷᠠᠭᠤᠯᠤᠨ ᠲᠤᠭᠲᠠᠭᠠᠭᠰᠠᠨ ᠠᠬᠤᠢ ᠪᠠᠶᠢᠳᠠᠯ      ᠶᠡᠷᠦᠩᠬᠡᠢ ᠱᠦᠵᠢ ᠰᠢ ᠶᠢᠨ ᠫᠢᠩ ᠤᠨ ᠴᠠᠭ ᠠᠭᠤᠷ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ  ᠶᠢ ᠭᠦᠨᠵᠡᠭᠡᠢ ᠲᠤᠭᠤᠰᠢᠯᠠᠭᠤᠯᠵᠤ᠂ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ  ᠠᠴᠠ ᠠᠪᠤᠷᠠᠬᠤ ᠴᠢᠳᠠᠪᠤᠷᠢ ᠪᠠ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠂ ᠠᠮᠢ ᠨᠠᠰᠤᠨ ᠤ ᠠᠮᠤᠷ ᠲᠦᠪᠰᠢᠨ᠂ ᠦᠢᠯᠡᠳᠪᠦᠷᠢᠯᠡᠯ ᠤᠨ ᠬᠥᠭᠵᠢᠯᠲᠡ᠂ ᠠᠮᠢᠳᠤᠷᠠᠯ ᠤᠨ ᠴᠢᠨᠡᠭᠡᠯᠢᠭᠵᠢᠯ᠂ ᠠᠮᠢ ᠠᠬᠤᠢ ᠶᠢᠨ ᠰᠠᠶᠢᠨ ᠰᠠᠶᠢᠬᠠᠨ ᠢ ᠪᠠᠲᠤᠯᠠᠬᠤ ᠳᠤ ᠬᠦᠴᠦᠲᠡᠢ ᠲᠤᠯᠭᠠᠭᠤᠷᠢᠯᠠᠯ  ᠬᠠᠩᠭᠠᠬᠤ ᠶᠢᠨ ᠲᠦᠯᠦᠭᠡ᠂ ︽ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾ ︵ᠥᠪᠥᠷ ᠵᠠᠰᠠᠭ ᠲᠠᠷᠬᠠᠭᠠᠭᠰᠠᠨ ﹇2021﹈ 16 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠠᠢ ᠲᠠᠢ ᠤᠶᠠᠯᠳᠤᠭᠤᠯᠤᠨ᠂ ᠲᠣᠰ ᠬᠡᠷᠡᠭᠵᠢᠭᠦᠯᠬᠦ ᠰᠠᠨᠠᠯ ᠢ ᠣᠨᠴᠠᠭᠠᠶᠢᠯᠠᠨ ᠲᠣᠭᠲᠠᠭᠠᠪᠠ᠃      ᠬᠤᠶᠠᠷ᠂ ᠲᠥᠷᠥ ᠶᠢᠨ ᠪᠣᠳᠣᠯᠭ᠎ᠠ ᠶᠢᠨ ᠦᠨᠳᠦᠰᠦᠯᠡᠯ      ︽ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾ ᠪᠠ ︽ᠬᠥᠬᠡᠬᠤᠲᠠ ᠶᠢᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ︾ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠦᠨᠳᠦᠰᠦᠯᠡᠪᠡ᠃      ᠭᠤᠷᠪᠠ᠂ ᠭᠤᠣᠯ ᠠᠭᠤᠯᠭ᠎ᠠ      ︽ᠬᠡᠷᠡᠭᠵᠢᠭᠦᠯᠬᠦ ᠰᠠᠨᠠᠯ︾ ᠳᠤ ᠴᠠᠭ ᠠᠭᠤᠷ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠣᠷᠣᠨ ᠤ ᠲᠥᠪ ᠬᠤᠲᠠ ᠶᠢᠨ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠡᠷᠦᠩᠬᠡᠢ ᠰᠡᠳᠬᠢᠮᠵᠢ ᠶᠣᠰᠣᠭᠠᠷ᠂ ᠣᠳᠣ ᠦᠶ᠎ᠡ ᠶᠢᠨ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠦᠢᠯᠡᠴᠢᠯᠡᠭᠡ᠂ ᠲᠤᠬᠠᠶᠢᠯᠠᠭᠰᠠᠨ ᠠᠵᠢᠯ ᠪᠠ ᠵᠠᠰᠠᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠬᠦ᠂ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠬᠥᠭᠵᠢᠯᠲᠡ ᠶᠢᠨ ᠬᠠᠷᠠᠯᠲᠠ ᠶᠢᠨ ᠲᠣᠭᠤᠷᠢᠨ ᠳᠤ᠂ 7 ᠲᠠᠯ᠎ᠠ ᠶᠢᠨ 19 ᠵᠦᠢᠯ ᠤᠨ ᠠᠵᠢᠯ ᠤᠨ ᠡᠭᠦᠷᠭᠡ ᠶᠢ ᠳᠤᠷᠠᠳᠴᠤ᠂ ᠮᠠᠨ ᠤ ᠬᠤᠲᠠ ᠶᠢᠨ ᠥᠨᠳᠥᠷ ᠬᠢᠷᠢ ᠲᠦᠪᠰᠢᠨ ᠪᠦᠬᠦᠢ ᠴᠠᠭ ᠠᠭᠤᠷ ᠤᠨ ᠤᠳᠤᠬᠢᠴᠢᠯᠠᠭᠰᠠᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠵᠢᠯᠤᠭᠤᠳᠬᠤ ᠰᠠᠨᠠᠯ ᠬᠠᠩᠭᠠᠪᠠ᠃      ᠨᠢᠭᠡᠳᠦᠭᠡᠷ ᠲᠤ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠂ ᠨᠡᠶᠢᠳᠡ 3 ᠵᠦᠢᠯ ᠤᠨ ᠠᠭᠤᠯᠭ᠎ᠠ ᠲᠠᠢ᠄ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠴᠠᠭ ᠠᠭᠤᠷ ᠤᠨ ᠭᠠᠮᠰᠢᠭ ᠤᠨ ᠲᠦᠭᠰᠢᠭᠦᠷᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠴᠠᠭ ᠠᠭᠤᠷ ᠤᠨ ᠭᠠᠮᠰᠢᠭ ᠢ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠬᠦᠴᠦᠨ ᠲᠠᠢ ᠬᠤᠭᠤᠴᠠᠭ᠎ᠠ ᠶᠢ ᠳᠡᠭᠡᠭᠰᠢᠯᠡᠭᠦᠯᠦᠨ᠎ᠡ᠃ ᠬᠤᠶᠠᠳᠤᠭᠠᠷ ᠲᠤ ᠬᠤᠳᠠ ᠶᠢᠨ ᠴᠠᠭ ᠠᠭᠤᠷ ᠤᠨ ᠪᠠᠲᠤᠯᠠᠭ᠎ᠠ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠂ ᠨᠡᠶᠢᠳᠡ 4 ᠵᠦᠢᠯ ᠤᠨ ᠠᠭᠤᠯᠭ᠎ᠠ ᠲᠠᠢ᠄ ᠬᠤᠳᠠ ᠶᠢᠨ ᠴᠠᠭ ᠠᠭᠤᠷ ᠤᠨ ᠦᠢᠯᠡᠴᠢᠯᠡᠭᠡ ᠶᠢᠨ ᠠᠮᠤᠷ ᠲᠦᠪᠰᠢᠨ ᠢᠶᠠᠷ ᠠᠵᠢᠯᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠠᠵᠢᠯ ᠲᠦᠷᠦᠯ ᠤᠨ ᠴᠠᠭ ᠠᠭᠤᠷ ᠤᠨ ᠦᠢᠯᠡᠴᠢᠯᠡᠭᠡ ᠶᠢ ᠴᠢᠩᠭᠠᠳᠬᠠᠵᠤ᠂ ᠠᠷᠠᠳ ᠤᠨ ᠠᠮᠢᠳᠤᠷᠠᠯ ᠤᠨ ᠴᠠᠭ ᠠᠭᠤᠷ ᠤᠨ ᠦᠢᠯᠡᠴᠢᠯᠡᠭᠡ ᠶᠢ ᠰᠠᠶᠢᠲᠤᠷ ᠬᠢᠵᠦ᠂ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠴᠠᠭ ᠠᠭᠤᠷ ᠤᠨ ᠦᠢᠯᠡᠴᠢᠯᠡᠭᠡ ᠶᠢ  ᠴᠢᠩᠭᠠᠳᠬᠠᠨ᠎ᠠ᠃ ᠭᠤᠷᠪᠠᠳᠤᠭᠠᠷ ᠲᠤ᠂ ᠠᠮᠢ ᠠᠬᠤᠢ ᠶᠢᠨ ᠪᠣᠯᠪᠠᠰᠤᠨ ᠤ ᠴᠠᠭ ᠠᠭᠤᠷ ᠤᠨ  ᠪᠠᠲᠤᠯᠠᠭ᠎ᠠ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠂ ᠨᠡᠶᠢᠳᠡ 3 ᠵᠦᠢᠯ ᠤᠨ ᠠᠭᠤᠯᠭ᠎ᠠ ᠲᠠᠢ᠄ ᠠᠮᠢ ᠠᠬᠤᠢ ᠶᠢᠨ ᠰᠢᠰᠲ᠋ᠧᠮᠵᠢ ᠶᠢ ᠬᠠᠮᠠᠭᠠᠯᠠᠵᠤ ᠰᠡᠷᠭᠦᠭᠡᠬᠦ ᠴᠠᠭ ᠠᠭᠤᠷ ᠤᠨ ᠦᠢᠯᠡᠴᠢᠯᠡᠭᠡ ᠶᠢ ᠴᠢᠩᠭᠠᠳᠬᠠᠵᠤ᠂ ᠬᠥᠬᠡ ᠣᠭᠲᠠᠷᠭᠤᠢ ᠶᠢ ᠬᠠᠮᠠᠭᠠᠯᠠᠬᠤ ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠬᠦᠴᠦ ᠨᠡᠮᠡᠷᠢᠯᠡᠵᠦ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠨ᠎ᠠ᠃ ᠳᠥᠷᠪᠡᠳᠦᠭᠡᠷ ᠲᠤ᠂ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠂ ᠨᠡᠶᠢᠲᠡ 2 ᠵᠦᠢᠯ ᠤᠨ ᠠᠭᠤᠯᠭ᠎ᠠ ᠲᠠᠢ᠄ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠤᠪᠴᠢᠲᠠᠢ ᠠᠵᠢᠯᠯᠠᠵᠤ᠂ ᠠᠮᠤᠷ ᠲᠦᠪᠰᠢᠨ ᠢᠶᠠᠷ ᠠᠵᠢᠯᠯᠠᠬᠤ ᠪᠠ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠲᠠᠪᠤᠳᠤᠭᠠᠷ ᠲᠤ᠂ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠴᠠᠭ ᠠᠭᠤᠷ ᠤᠨ ᠦᠢᠯᠡᠴᠢᠯᠡᠭᠡᠨ ᠤ ᠰᠢᠰᠲ᠋ᠧᠮᠵᠢ ᠪᠠᠶᠢᠭᠤᠯᠤᠯᠲᠠ ᠶᠢ  ᠴᠢᠩᠭᠠᠳᠬᠠᠨ᠎ᠠ᠂ ᠨᠡᠶᠢᠳᠡ 2 ᠵᠦᠢᠯ ᠤᠨ ᠠᠭᠤᠯᠭ᠎ᠠ ᠲᠠᠢ᠄ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠠᠭ ᠠᠭᠤᠷ ᠤᠨ ᠪᠠᠲᠤᠯᠠᠭ᠎ᠠ ᠶᠢᠨ ᠦᠢᠯᠡᠴᠢᠯᠡᠭᠡ ᠶᠢ ᠰᠠᠶᠢᠲᠤᠷ ᠬᠢᠵᠦ᠂ ᠮᠠᠯ ᠤᠨ ᠠᠰᠢᠭ ᠰᠢᠮ᠎ᠡ  ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠳᠤ ᠦᠢᠯᠡᠴᠢᠯᠡᠨ᠎ᠡ᠃  ᠵᠢᠷᠭᠤᠳᠤᠭᠠᠷ ᠲᠤ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠂ ᠨᠡᠶᠢᠳᠡ 2 ᠵᠦᠢᠯ ᠤᠨ ᠠᠭᠤᠯᠭ᠎ᠠ ᠲᠠᠢ᠄ ᠴᠠᠭ ᠠᠭᠤᠷ ᠤᠨ ᠵᠠᠩᠭᠢᠯᠠᠭ᠎ᠠ ᠶᠢᠨ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠶᠢ ᠴᠢᠩᠭᠠᠳᠬᠠᠵᠤ᠂ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠳᠣᠯᠣᠳᠤᠭᠠᠷ ᠲᠤ ᠤᠳᠤ ᠦᠶ᠎ᠡ ᠶᠢᠨ ᠴᠠᠭ ᠠᠭᠤᠷ ᠤᠨ ᠲᠤᠬᠠᠶᠢᠯᠠᠭᠰᠠᠨ ᠠᠵᠢᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠂ ᠨᠡᠶᠢᠳᠡ 3 ᠵᠦᠢᠯ ᠤᠨ ᠠᠭᠤᠯᠭ᠎ᠠ ᠲᠠᠢ᠄ ᠴᠠᠭ ᠠᠭᠤᠷ ᠤᠨ ᠭᠠᠮᠰᠢᠭ ᠢ ᠬᠢᠨᠠᠨ ᠬᠡᠮᠵᠢᠬᠦ ᠴᠢᠳᠠᠪᠤᠷᠢ ᠶᠢ ᠳᠡᠭᠡᠭᠰᠢᠯᠡᠭᠦᠯᠵᠦ᠂ ᠤᠷᠢᠳᠴᠢᠯᠠᠨ ᠮᠡᠳᠡᠭᠡᠯᠡᠵᠦ ᠤᠷᠢᠳᠴᠢᠯᠠᠨ ᠵᠢᠱᠢᠬᠦ ᠣᠨᠣᠪᠴᠢ ᠶᠢᠨ ᠨᠤᠷᠮ᠎ᠠ ᠶᠢ ᠳᠡᠭᠡᠭᠰᠢᠯᠡᠭᠦᠯᠵᠦ᠂ ᠴᠠᠭ ᠠᠭᠤᠷ ᠤᠨ ᠮᠡᠳᠡᠭᠡ ᠵᠠᠩᠭᠢᠵᠢᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃      ᠡᠭᠦᠨ ᠳᠤ᠂ ᠣᠷᠣᠨ ᠨᠤᠲᠤᠭ ᠤᠨ  ᠣᠨᠴᠠᠯᠢᠭ ᠢ ᠬᠠᠷᠠᠭᠤᠯᠤᠭᠰᠠᠨ ᠠᠭᠤᠯᠭ᠎ᠠ ᠳᠤ᠄ ᠴᠠᠭ ᠠᠭᠤᠷ  ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ︵ᠬᠥᠬᠡᠬᠤᠲᠠ ᠶᠢᠨ ᠭᠠᠮᠰᠢᠭ ᠢ ᠰᠡᠷᠡᠮᠵᠢᠯᠡᠭᠦᠯᠵᠦ ᠪᠠᠴᠢᠮ ᠪᠠᠶᠢᠳᠠᠯ  ᠢ ᠠᠷᠭᠠᠴᠠᠬᠤ ᠵᠢᠯᠤᠭᠤᠳᠬᠤ ᠲᠥᠪ ᠤᠨ ᠪᠦᠲᠦᠭᠡᠨ ᠪᠠᠶᠢᠭᠤᠯᠤᠯᠲᠠ︶᠂ ᠬᠤᠳᠠ ᠶᠢᠨ ᠴᠠᠭ ᠠᠭᠤᠷ ᠤᠨ ᠪᠠᠲᠤᠯᠠᠭ᠎ᠠ  ᠶᠢᠨ ᠦᠢᠯᠡᠴᠢᠯᠡᠭᠡ᠂ ᠠᠮᠢ ᠠᠬᠤᠢ ᠶᠢᠨ ᠪᠣᠯᠪᠠᠰᠤᠨ ᠤ ᠴᠠᠭ ᠠᠭᠤᠷ ᠤᠨ ᠪᠠᠲᠤᠯᠠᠭ᠎ᠠ ᠶᠢᠨ ᠦᠢᠯᠡᠴᠢᠯᠡᠭᠡ ︵ᠳᠡᠭᠡᠳᠦ ᠳᠤᠲᠤᠷᠠᠴᠠ ᠪᠦᠬᠦᠢ ᠳᠠᠭᠠᠭᠤᠯᠢ ᠣᠳᠣ ᠶᠢᠨ ᠥᠪᠥᠷ ᠮᠣᠩᠭᠤᠯ ᠤᠨ ᠬᠥᠬᠡᠬᠤᠲᠠ ᠳᠠᠬᠢ ᠬᠤᠪᠢᠶᠠᠷᠢ ᠲᠥᠪ ᠤᠨ ᠪᠦᠲᠦᠭᠡᠨ ᠪᠠᠶᠢᠭᠤᠯᠤᠯᠲᠠ︶ ᠵᠢᠴᠢ ᠲᠠᠷᠢᠶᠠᠯᠠᠩ ᠮᠠᠯ ᠠᠵᠤ ᠠᠬᠤᠢ ᠶᠢᠨ ᠴᠠᠭ ᠠᠭᠤᠷ  ᠤᠨ ᠦᠢᠯᠡᠴᠢᠯᠡᠭᠡ ︵ᠰᠦ ᠶᠢᠨ ᠦᠢᠯᠡᠰ ᠤᠨ ᠴᠠᠭ ᠠᠭᠤᠷ ᠤᠨ ᠦᠢᠯᠡᠴᠢᠯᠡᠭᠡᠨ ᠤ ᠲᠥᠪ ᠤᠨ ᠪᠦᠲᠦᠭᠡᠨ ᠪᠠᠶᠢᠭᠤᠯᠤᠯᠲᠠ︶ ᠵᠡᠷᠭᠡ ᠪᠣᠢ᠃     ︵ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ ᠬᠠᠷᠢᠯᠴᠠᠬᠤ ᠬᠥᠮᠥᠨ᠄ ᠪᠠᠢ ᠵᠢᠩ᠂ ᠬᠠᠷᠢᠯᠴᠠᠬᠤ ᠤᠲᠠᠰᠤ᠄ 4348021︶              ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠢᠷᠡᠯᠲᠡ᠄ ᠬᠥᠬᠡᠬᠤᠲᠠ ᠶᠢᠨ ᠴᠠᠭ ᠠᠭᠤᠷ ᠤᠨ ᠲᠣᠪᠴᠢᠶ᠎ᠠ
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号