ᠮᠠᠨ ᠤ ᠬᠤᠲᠠ ᠶᠢᠨ 2022 ᠣᠨ ᠤ ᠬᠤᠲᠠ ᠪᠠᠯᠭᠠᠰᠤᠨ ᠤ ᠬᠠᠭᠤᠴᠢᠨ ᠬᠤᠷᠢᠶᠠᠯᠠᠯ ᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠤᠳᠠᠯ ᠦᠭᠡᠢ ᠠᠵᠢᠯ ᠡᠬᠢᠯᠡᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2022/4/21
     ︵ᠰᠤᠷᠪᠤᠯᠵᠢᠯᠠᠭᠴᠢ ᠶᠦᠨ ᠶᠠᠨ ᠹᠠᠩ︶ ᠬᠤᠲᠠ ᠶᠢᠨ ᠠᠳᠠᠯ ᠠᠬᠤᠢ ᠶᠢᠨ ᠦᠢᠯᠡᠴᠢᠯᠡᠭᠡᠨ ᠤ ᠲᠥᠪ ᠠᠴᠠ ᠣᠶᠢᠯᠠᠭᠠᠭᠰᠠᠨ ᠢᠶᠠᠷ᠂ ᠮᠠᠨ ᠤ ᠬᠤᠲᠠ ᠶᠢᠨ 2022 ᠣᠨ ᠤ ᠬᠤᠲᠠ ᠪᠠᠯᠭᠠᠰᠤᠨ ᠤ ᠬᠠᠭᠤᠴᠢᠨ ᠬᠤᠷᠢᠶᠠᠯᠠᠯ ᠢ ᠥᠭᠡᠷᠡᠴᠢᠯᠡᠨ ᠪᠠᠶᠢᠭᠤᠯᠬᠤ ᠡᠭᠦᠷᠭᠡ ᠵᠢᠴᠢ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠮᠠᠨ ᠤ ᠬᠤᠲᠠ ᠶᠢᠨ 2022 ᠣᠨ ᠤ ᠬᠤᠲᠠ ᠪᠠᠯᠭᠠᠰᠤᠨ ᠤ ᠬᠠᠭᠤᠴᠢᠨ ᠬᠤᠷᠢᠶᠠᠯᠠᠯ ᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠤᠳᠠᠯ ᠦᠭᠡᠢ ᠠᠵᠢᠯ ᠡᠬᠢᠯᠡᠬᠦ ᠪᠠᠷ ᠪᠠᠶᠢᠨ᠎ᠠ᠃ 2022 ᠣᠨ ᠳᠤ ᠪᠥᠬᠦ ᠬᠤᠲᠠ ᠶᠢᠨ ᠬᠤᠲᠠ ᠪᠠᠯᠭᠠᠰᠤᠨ ᠤ ᠬᠠᠭᠤᠴᠢᠨ ᠬᠤᠷᠢᠶᠠᠯᠠᠯ ᠢ ᠨᠡᠶᠢᠲᠡ 392 ᠶᠢ ᠥᠭᠡᠷᠡᠴᠢᠯᠡᠨ ᠪᠠᠶᠢᠭᠤᠯᠵᠤ᠂ ᠡᠭᠦᠨ ᠳᠤ ᠬᠤᠲᠠ ᠶᠢᠨ ᠳᠥᠷᠪᠡᠨ ᠲᠣᠭᠤᠷᠢᠭ ᠤᠨ 33 ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ︵ᠪᠠᠯᠭᠠᠰᠤ︶ ᠤᠨ 301 ᠬᠠᠭᠤᠴᠢᠨ ᠬᠤᠷᠢᠶᠠᠯᠠᠯ ᠪᠠᠭᠲᠠᠨ᠎ᠠ᠃ ᠬᠤᠲᠠ ᠶᠢᠨ ᠠᠳᠠᠯ ᠠᠬᠤᠢ ᠶᠢᠨ ᠦᠢᠯᠡᠴᠢᠯᠡᠭᠡᠨ ᠤ ᠲᠥᠪ ᠠᠴᠠ ᠬᠤᠲᠠ ᠶᠢᠨ ᠳᠥᠷᠪᠡᠨ ᠲᠣᠭᠤᠷᠢᠭ ᠤᠨ ᠡᠭᠦᠷᠭᠡᠯᠡᠵᠦ ᠪᠦᠬᠦᠢ ᠥᠭᠡᠷᠡᠴᠢᠯᠡᠬᠦ ᠡᠭᠦᠷᠭᠡ ᠶᠢ ᠦᠨᠳᠦᠰᠦᠯᠡᠨ ᠨᠢᠭᠡᠳᠦᠯᠲᠡᠢ ᠲᠥᠯᠥᠪᠯᠡᠨ ᠲᠣᠬᠢᠷᠠᠭᠤᠯᠤᠨ ᠪᠠᠶᠢᠷᠢᠯᠠᠭᠤᠯᠵᠤ᠂ ᠰᠢᠮᠳᠠᠭᠤᠯᠤᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ ᠂ ᠪᠠᠰᠠ ᠨᠠᠢᠮᠠᠨ ᠰᠢᠮᠳᠠᠭᠤᠯᠤᠨ ᠵᠢᠯᠤᠭᠤᠳᠬᠤ ᠳᠤᠭᠤᠶᠢᠯᠠᠩ ᠪᠠ ᠬᠤᠶᠠᠷ ᠪᠡᠯᠡᠳᠬᠡᠯ ᠰᠢᠮᠳᠠᠭᠤᠯᠤᠨ ᠵᠢᠯᠤᠭᠤᠳᠬᠤ ᠳᠤᠭᠤᠶᠢᠯᠠᠩ ᠬᠤᠪᠢᠶᠠᠵᠤ᠂ ᠬᠤᠲᠠ ᠶᠢᠨ ᠳᠥᠷᠪᠡᠨ ᠲᠣᠭᠤᠷᠢᠭ ᠤᠨ ᠡᠭᠦᠷᠭᠡᠯᠡᠵᠦ ᠪᠦᠬᠦᠢ ᠬᠠᠭᠤᠴᠢᠨ ᠬᠤᠷᠢᠶᠠᠯᠠᠯ ᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠢ ᠲᠤᠬᠠᠢ ᠶᠢᠨ ᠭᠠᠵᠠᠷ ᠲᠤᠨᠢ ᠰᠢᠮᠳᠠᠭᠤᠯᠤᠨ ᠵᠢᠯᠤᠭᠤᠳᠴᠤ ᠪᠠᠶᠢᠴᠠᠭᠠᠨ᠎ᠠ᠃ 2022 ᠣᠨ ᠤ ᠬᠠᠭᠤᠴᠢᠨ ᠬᠤᠷᠢᠶᠠᠯᠠᠯ ᠢ ᠥᠭᠡᠷᠡᠴᠢᠯᠡᠨ ᠪᠠᠶᠢᠭᠤᠯᠬᠤ ᠠᠵᠢᠯ ᠨᠢ ᠮᠠᠨ ᠤ ᠬᠤᠲᠠ ᠶᠢᠨ ᠨᠢᠭᠡᠨ ᠭᠤᠣᠯᠳᠠᠯᠭ᠎ᠠ ᠲᠠᠢ ᠠᠵᠢᠯ ᠪᠣᠯᠬᠤ ᠪᠠᠷ ᠪᠠᠷᠠᠬᠤ ᠦᠭᠡᠢ᠂ ᠨᠠᠩ ᠴᠤ ᠤᠯᠠᠨ ᠲᠦᠮᠡᠨ ᠳᠤ ᠦᠢᠯᠡᠴᠢᠯᠡᠬᠦ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠣᠨ᠎ᠠ᠂ ᠬᠤᠲᠠ ᠶᠢᠨ ᠠᠳᠠᠯ ᠠᠬᠤᠢ ᠶᠢᠨ ᠦᠢᠯᠡᠴᠢᠯᠡᠭᠡᠨ ᠤ ᠲᠥᠪ ᠬᠢᠨᠠᠨ ᠵᠢᠯᠤᠭᠤᠳᠴᠤ ᠪᠠᠶᠢᠴᠠᠭᠠᠬᠤ ᠶᠠᠪᠤᠴᠠ ᠳᠠᠭᠠᠨ ᠢᠳᠡᠪᠬᠢᠲᠡᠢ ᠪᠠᠷ ᠠᠰᠠᠭᠤᠳᠠᠯ ᠢ ᠢᠯᠡᠷᠡᠭᠦᠯᠵᠦ᠂ ᠬᠠᠷᠢᠭᠤ ᠲᠤᠰᠬᠠᠵᠤ᠂ ᠮᠠᠨ ᠤ ᠬᠤᠲᠠ ᠶᠢᠨ ᠬᠤᠲᠠ ᠪᠠᠯᠭᠠᠰᠤᠨ ᠤ ᠬᠠᠭᠤᠴᠢᠨ ᠬᠤᠷᠢᠶᠠᠯᠠᠯ ᠢ ᠥᠭᠡᠷᠡᠴᠢᠯᠡᠨ ᠪᠠᠶᠢᠭᠤᠯᠬᠤ ᠠᠵᠢᠯ ᠢ ᠥᠨᠳᠥᠷ ᠪᠦᠲᠦᠮᠵᠢᠲᠡᠶ ᠪᠠᠷ ᠲᠦᠯᠬᠢᠨ ᠠᠬᠢᠭᠤᠯᠬᠤ ᠪᠣᠯᠣᠨ᠎ᠠ᠃ ᠡᠭᠦᠨ ᠤ ᠬᠠᠮᠲᠤ᠂ ᠠᠳᠠᠯ ᠠᠬᠤᠢ ᠶᠢᠨ ᠦᠢᠯᠡᠴᠢᠯᠡᠭᠡᠨ ᠤ ᠲᠥᠪ ᠤᠨ ᠭᠤᠣᠯᠳᠠᠯᠭ᠎ᠠ ᠲᠠᠢ ᠠᠵᠢᠯ ᠢ ᠵᠡᠷᠭᠡ ᠳᠤᠨᠢ ᠰᠢᠮᠳᠠᠭᠤᠯᠤᠨ ᠪᠠᠶᠢᠴᠠᠭᠠᠬᠤ ᠪᠦᠬᠦ ᠶᠠᠪᠤᠴᠠ ᠳᠤ ᠣᠷᠣᠭᠤᠯᠵᠤ᠂ ᠬᠠᠭᠤᠴᠢᠨ ᠬᠤᠷᠢᠶᠠᠯᠠᠯ ᠢ ᠥᠭᠡᠷᠡᠴᠢᠯᠡᠨ ᠪᠠᠶᠢᠭᠤᠯᠬᠤ ᠳᠤ ᠴᠢᠭᠯᠡᠭᠦᠯᠬᠦ ᠪᠠᠷ ᠪᠠᠷᠠᠬᠤ ᠦᠭᠡᠢ ᠪᠠᠰᠠ ᠠᠳᠠᠯ ᠠᠬᠤᠢ ᠶᠢᠨ ᠦᠢᠯᠡᠴᠢᠯᠡᠭᠡᠨ ᠤ ᠬᠠᠮᠢᠶᠠᠷᠤᠯᠲᠠ ᠶᠢ ᠳᠡᠭᠡᠭᠰᠢᠯᠡᠭᠦᠯᠬᠦ᠂ ᠬᠢᠵᠢᠭ ᠤᠨ ᠪᠠᠶᠢᠳᠠᠯ ᠢ ᠪᠠᠶᠢᠩᠭᠤ ᠶᠢᠨ ᠴᠢᠨᠠᠷᠲᠠᠢ ᠰᠡᠷᠭᠡᠶᠢᠯᠡᠨ ᠡᠵᠡᠮᠳᠡᠬᠦ ᠪᠠ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠵᠡᠷᠭᠡ ᠠᠵᠢᠯ ᠤᠨ ᠱᠠᠭᠠᠷᠳᠠᠯᠭ᠎ᠠ ᠶᠢᠨ ᠲᠣᠭᠤᠷᠢᠨ ᠳᠤ ᠬᠢᠨᠠᠨ ᠵᠢᠯᠣᠭᠤᠳᠤᠯᠭ᠎ᠠ ᠪᠠᠶᠢᠴᠠᠭᠠᠯᠲᠠ ᠬᠢᠵᠦ᠂ ᠪᠦᠬᠦ ᠲᠠᠯ᠎ᠠ ᠶᠢᠨ ᠦᠵᠡᠯᠲᠡ ᠶᠢ ᠪᠤᠢ ᠪᠣᠯᠭᠠᠵᠤ᠂ ᠰᠡᠷᠭᠡᠶᠢᠯᠡᠬᠦ ᠤᠬᠠᠮᠰᠠᠷ ᠢᠶᠠᠨ ᠴᠢᠩᠭᠠᠳᠬᠠᠵᠤ᠂ ᠠᠵᠢᠯ ᠤᠨ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠮᠠᠨ ᠤ ᠬᠤᠳᠠ ᠶᠢᠨ ᠬᠤᠳᠠ ᠪᠠᠯᠭᠠᠰᠤᠨ ᠤ ᠬᠠᠭᠤᠴᠢᠨ ᠬᠤᠷᠢᠶᠠᠯᠠᠯ ᠢ ᠥᠭᠡᠷᠡᠴᠢᠯᠡᠨ ᠪᠠᠶᠢᠭᠤᠯᠬᠤ ᠠᠵᠢᠯ ᠢ ᠰᠠᠶᠢᠲᠤᠷ ᠪᠡᠶᠡᠯᠡᠭᠦᠯᠬᠦ ᠪᠣᠯᠣᠨ᠎ᠠ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号