ᠪᠦᠯᠬᠦᠮ ᠪᠠᠶᠢᠭᠤᠯᠵᠤ ᠳᠠᠭᠠᠭᠠᠴᠢᠯᠠᠨ ᠬᠤᠯᠪᠣᠭᠠᠯᠠᠵᠤ ᠪᠠᠶᠢᠭᠠᠳ ᠬᠤᠭᠤᠯᠠᠢ ᠠᠭᠤᠯᠠ ᠰᠢᠶᠠᠩ ᠢ ᠬᠠᠪᠰᠤᠷᠤᠨ ᠲᠡᠳᠬᠦᠬᠦ ᠠᠭᠤᠯᠵᠠᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/4/24
      4 ᠰᠠᠷ᠎ᠠ ᠶᠢᠨ 19 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠲᠦᠷᠦᠭᠦᠯᠡᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠬᠠᠮᠲᠤᠷᠠᠯᠴᠠᠭ᠎ᠠ ᠰᠣᠯᠢᠯᠴᠠᠭᠠᠨ ᠤ ᠲᠥᠪ᠂ ᠥᠪᠥᠷ ᠮᠣᠩᠭᠤᠯ ᠤᠨ ᠮᠥᠩᠭᠦᠨ ᠭᠦᠢᠯᠭᠡᠭᠡᠨ ᠤ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠦᠨᠳᠦᠰᠦᠲᠡᠨ ᠤ ᠪᠦᠯᠦᠭᠯᠡᠯ᠂ ᠳᠤᠮᠳᠠᠳᠤ ᠤᠯᠤᠰ ᠤᠨ ᠠᠷᠠᠳ ᠤᠨ ᠡᠳ᠋ ᠬᠥᠷᠥᠩᠭᠡ ᠶᠢᠨ ᠳᠠᠭᠠᠳᠬᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠹᠦ᠋ ᠶᠤᠸᠠᠨ ᠰᠢᠨ ᠵᠢᠶ ᠪᠠᠶᠢᠴᠠᠭᠠᠨ ᠰᠢᠯᠭᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠭᠦᠸᠧ ᠹᠧᠩ ᠰᠦᠯᠵᠢᠶᠡᠨ ᠤ ᠮᠡᠷᠭᠡᠵᠢᠯ ᠤᠨ ᠬᠢᠵᠠᠭᠠᠷᠲᠤ ᠺᠣᠮᠫᠠᠨᠢ ᠪᠦᠯᠬᠦᠮ ᠪᠠᠶᠢᠭᠤᠯᠵᠤ ᠬᠤᠭᠤᠯᠠᠢ ᠠᠭᠤᠯᠠ ᠰᠢᠶᠠᠩ ᠢ ᠬᠠᠪᠰᠤᠷᠤᠨ ᠲᠡᠳᠬᠦᠬᠦ ᠠᠭᠤᠯᠵᠠᠯᠲᠠ ᠶᠢᠨ ᠬᠤᠷᠠᠯ ᠬᠢᠪᠡ᠃ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢ ᠳ᠋ᠧᠩ ᠬᠤᠩ ᠬᠤᠷᠠᠯ ᠳᠤ ᠣᠷᠣᠯᠴᠠᠪᠠ᠃
     ᠬᠤᠷᠠᠯ ᠠᠴᠠ ᠬᠤᠭᠤᠯᠠᠢ ᠠᠭᠤᠯᠠ ᠰᠢᠶᠠᠩ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠠᠬᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠡᠯ᠎ᠡ ᠬᠠᠪᠰᠤᠷᠤᠨ ᠲᠡᠳᠬᠦᠬᠦ ᠨᠢᠭᠡᠴᠡ ᠨᠦᠭᠦᠳ ᠬᠤᠭᠤᠯᠠᠢ ᠠᠭᠤᠯᠠ ᠰᠢᠶᠠᠩ ᠤᠨ ᠬᠠᠪᠰᠤᠷᠤᠨ ᠲᠡᠳᠬᠦᠬᠦ ᠲᠥᠯᠥᠪᠯᠡᠭᠡ ᠳᠤ ᠣᠷᠣᠰᠢᠵᠤ ᠪᠠᠶᠢᠭ᠎ᠠ ᠠᠰᠠᠭᠤᠳᠠᠯ ᠢ ᠰᠤᠳᠤᠯᠤᠨ ᠶᠠᠷᠢᠯᠴᠠᠭᠰᠠᠨ ᠪᠥᠭᠡᠳ ᠣᠷᠣᠯᠭ᠎ᠠ ᠪᠠᠭᠠᠲᠠᠶ ᠬᠥᠮᠦᠰ ᠢ ᠬᠠᠪᠰᠤᠷᠤᠨ ᠲᠡᠳᠬᠦᠬᠦ ᠡᠷᠴᠢᠮ᠂ ᠬᠥᠳᠡᠭᠡ ᠲᠣᠰᠬᠤᠨ ᠤ ᠰᠠᠭᠤᠷᠢ ᠪᠦᠳᠦᠭᠡᠨ ᠪᠠᠶᠢᠭᠤᠯᠤᠯᠲᠠ᠂ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ᠂ ᠲᠣᠰᠬᠤᠨ ᠤ ᠠᠵᠤ ᠦᠢᠯᠡᠰ ᠤᠨ ᠵᠦᠢᠯᠡᠰ ᠤᠨ ᠵᠠᠯᠭᠠᠮᠵᠢ ᠬᠥᠭᠵᠢᠯᠲᠡ ᠵᠡᠷᠭᠡ ᠠᠰᠠᠭᠤᠳᠠᠯ ᠤᠨ ᠲᠠᠯ᠎ᠠ ᠪᠠᠷ ᠨᠢᠭᠡᠳᠦᠯᠲᠡᠶ ᠰᠠᠨᠠᠯ ᠨᠢᠭᠡᠳᠦᠭᠰᠡᠨ ᠪᠠᠶᠢᠨ᠎ᠠ᠃      ᠬᠤᠷᠠᠯ ᠳᠡᠭᠡᠷ᠎ᠡ᠂ ᠡᠯ᠎ᠡ ᠳᠠᠭᠠᠭᠠᠴᠢᠯᠠᠨ ᠬᠤᠯᠪᠣᠭᠠᠯᠠᠵᠤ ᠬᠠᠪᠰᠤᠷᠤᠨ ᠲᠡᠳᠬᠦᠬᠦ ᠨᠢᠭᠡᠴᠡ ᠶᠢᠨ ᠬᠢᠨ᠂ ᠬᠠᠪᠰᠤᠷᠤᠨ ᠲᠡᠳᠬᠦᠬᠦ ᠠᠵᠢᠯ ᠴᠢᠬᠤᠯᠠ ᠶᠡᠭᠡ ᠠᠴᠢ ᠬᠤᠯᠪᠣᠭᠳᠠᠯ ᠲᠠᠢ᠂ ᠡᠭᠦᠷᠭᠡ ᠬᠦᠨᠳᠦ ᠪᠠᠶᠢᠨ᠎ᠠ᠂ ᠡᠯ᠎ᠡ ᠨᠢᠭᠡᠴᠡ ᠬᠤᠭᠤᠷᠣᠨᠳᠣ ᠪᠠᠨ ᠤᠯᠤᠯᠴᠠᠭ᠎ᠠ ᠬᠠᠷᠢᠯᠴᠠᠭ᠎ᠠ ᠪᠠᠨ ᠴᠢᠩᠭᠠᠳᠬᠠᠵᠤ᠂ ᠡᠯ᠎ᠡ ᠨᠢᠭᠡᠴᠡ ᠶᠢᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠳᠠᠶᠢᠴᠢᠯᠠᠵᠦ᠂ ᠬᠠᠪᠰᠤᠷᠤᠨ ᠲᠡᠳᠬᠦᠬᠦ ᠠᠵᠢᠯ ᠢ ᠪᠦᠬᠦ ᠬᠦᠴᠦᠨ ᠢᠶᠠᠷ ᠢᠶᠠᠨ ᠳᠡᠮᠵᠢᠵᠦ᠂ ᠬᠤᠭᠤᠯᠠᠢ ᠠᠭᠤᠯᠠ ᠰᠢᠶᠠᠩ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠦ ᠰᠠᠨᠠᠯ ᠨᠢᠭᠡᠲᠡᠢ ᠦᠵᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号