ᠶᠠᠩ ᠰᠢᠩ ᠱᠧᠩ ᠬᠤᠭᠤᠯᠠᠢ ᠠᠭᠤᠯᠠ ᠰᠢᠶᠠᠩ ᠳᠤ ᠬᠦᠷᠴᠦ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/4/24
     4 ᠰᠠᠷ᠎ᠠ ᠶᠢᠨ 21 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠤᠷᠢᠳ ᠬᠤᠵᠢᠳ ᠬᠤᠭᠤᠯᠠᠢ ᠠᠭᠤᠯᠠ ᠰᠢᠶᠠᠩ ᠤᠨ ᠳ᠋ᠠ ᠳ᠋ᠸᠤ ᠫᠦ᠋ ᠲᠣᠰᠬᠤᠨ ᠤ ᠰᠢᠤᠢ ᠹᠧᠩ ᠲᠥᠮᠥᠰᠥ ᠶᠢᠨ ᠦᠷ᠎ᠡ ᠶᠢᠨ ᠲᠥᠮᠥᠰᠥ ᠶᠢ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ᠂ ᠰᠢᠶᠤᠤ ᠴᠢᠶᠠᠨ ᠳ᠋ᠢ ᠲᠣᠰᠬᠤᠨ ᠤ ᠰᠦᠯᠢᠶᠣᠣ ᠪᠦᠷᠬᠦᠪᠴᠢ ᠶᠢᠨ ᠡᠰᠢ ᠰᠦᠷᠡᠯ ᠢ ᠬᠤᠷᠢᠶᠠᠨ ᠠᠪᠬᠤ ᠭᠠᠵᠠᠷ᠂ ᠰᠢᠩ ᠰᠢᠩ ᠶᠤᠸᠠᠨ ᠲᠣᠰᠬᠤᠨ ᠤ ᠠᠷᠠᠳ ᠤᠨ ᠵᠥᠪᠯᠡᠯ ᠳᠤ ᠬᠦᠷᠴᠦ᠂ ᠠᠵᠤ ᠠᠬᠤᠶᠢᠯᠠᠯ ᠤᠨ ᠠᠵᠢᠯ ᠢᠶᠠᠨ ᠡᠬᠢᠯᠡᠭᠦᠯᠦᠨ ᠰᠡᠷᠭᠦᠭᠡᠬᠦ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠪᠠᠶᠢᠳᠠᠯ ᠢ ᠬᠢᠨᠠᠨ ᠬᠡᠮᠵᠢᠬᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠬᠤᠭ ᠨᠣᠪᠰᠢ ᠪᠣᠬᠢᠷ ᠤᠰᠤ ᠶᠢ ᠰᠢᠢᠳᠪᠦᠷᠢᠯᠡᠬᠦ᠂ ᠡᠰᠢ ᠰᠦᠷᠡᠯ ᠤᠨ ᠰᠦᠯᠢᠶᠣᠣ ᠪᠦᠷᠬᠦᠪᠴᠢ ᠶᠢ ᠬᠤᠷᠢᠶᠠᠨ ᠠᠪᠬᠤ᠂ ᠰᠢᠶᠠᠨ ᠰᠢᠶᠠᠩ ᠲᠣᠰᠬᠤᠨ ᠤ ᠬᠤᠭ ᠨᠣᠪᠰᠢ ᠶᠢ ᠰᠢᠢᠳᠪᠦᠷᠢᠯᠡᠬᠦ ᠶᠢ ᠨᠢᠭᠡ ᠴᠣᠠᠠᠴᠠᠵᠢᠭᠤᠯᠥᠠᠠᠰᠠᠨ ᠠᠵᠢᠯᠯᠠᠭᠠᠨ ᠤ ᠪᠠᠶᠢᠳᠠᠯ᠂ ᠪᠡᠯᠴᠢᠭᠡᠷᠯᠡᠭᠦᠯᠬᠦ ᠶᠢ ᠴᠠᠭᠠᠵᠠᠯᠠᠬᠤ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠵᠧᠦ ᠵᠧᠨ ᠭᠤᠸᠠᠩ᠂ ᠵᠠᠰᠠᠭ ᠤᠨ ᠣᠷᠳᠣᠨ ᠤ ᠰᠢᠶᠠᠨ ᠤ  ᠳᠡᠳ᠋ ᠳᠠᠷᠤᠭ᠎ᠠ ᠠᠭᠤᠯᠠ᠂ ᠪᠠᠢ ᠢᠦᠢ ᠵᠢᠴᠢ ᠬᠤᠭᠤᠯᠠᠢ ᠠᠭᠤᠯᠠ ᠰᠢᠶᠠᠩ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ  ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠤᠯᠵᠤ ᠪᠠᠶᠢᠴᠠᠭᠠᠨ ᠰᠤᠳᠤᠯᠤᠯᠲᠠ ᠬᠢᠵᠡᠢ᠃
     ᠬᠤᠭᠤᠯᠠᠢ ᠠᠭᠤᠯᠠ ᠰᠢᠶᠠᠩ ᠤᠨ ᠰᠢᠶᠤᠤ ᠴᠢᠶᠠᠨ ᠳ᠋ᠢ ᠲᠣᠰᠬᠤᠨ ᠤ ᠰᠦᠯᠢᠶᠣᠣ ᠪᠦᠷᠬᠦᠪᠴᠢ ᠶᠢᠨ ᠡᠰᠢ ᠰᠦᠷᠡᠯ ᠢ ᠬᠤᠷᠢᠶᠠᠨ ᠠᠪᠬᠤ ᠭᠠᠵᠠᠷ ᠲᠤ᠂ ᠶᠠᠩ ᠰᠢᠩ ᠱᠧᠩ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠰᠦᠯᠢᠶᠣᠣ ᠪᠦᠷᠬᠦᠪᠴᠢ ᠶᠢ ᠬᠤᠷᠢᠶᠠᠨ ᠠᠪᠬᠤ᠂ ᠡᠰᠢ ᠰᠦᠷᠡᠯ ᠢ ᠲᠠᠬᠢᠨ ᠠᠰᠢᠭᠯᠠᠬᠤ ᠨᠠᠷᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠨᠠᠷᠢᠨ ᠰᠣᠨᠣᠰᠴᠤ᠂ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠪᠣᠯ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠰᠡᠷᠭᠡᠶᠢᠯᠡᠨ ᠵᠠᠰᠠᠬᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠴᠢᠬᠤᠯᠠ ᠭᠠᠷᠳᠠᠴᠠ ᠪᠣᠯᠬᠤ ᠪᠥᠭᠡᠳ ᠪᠠᠰᠠ ᠴᠤ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠤᠯᠭᠠᠮ᠎ᠠ ᠱᠠᠭᠠᠷᠳᠠᠯᠭ᠎ᠠ ᠪᠣᠯᠤᠨ᠎ᠠ ᠭᠡᠵᠦ ᠵᠢᠭᠠᠵᠤ ᠭᠠᠷᠭᠠᠪᠠ᠃ ᠡᠯ᠎ᠡ ᠰᠢᠶᠠᠩ ᠪᠠᠯᠭᠠᠰᠤ ᠨᠢ ᠬᠠᠷᠢᠶ᠎ᠠ ᠣᠷᠣᠨ ᠤ ᠪᠠᠨ ᠳᠣᠲᠣᠷᠠᠬᠢ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠬᠤᠷᠢᠶᠠᠨ ᠠᠪᠴᠤ ᠠᠰᠢᠭᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠯᠡᠳᠡᠭᠳᠡᠯ ᠪᠦᠷᠬᠦᠪᠴᠢ ᠶᠢ ᠠᠷᠢᠯᠭᠠᠬᠤ ᠲᠤᠯᠭᠠᠮ᠎ᠠ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠶ᠃ ᠣᠳᠣᠬᠠᠨ ᠳᠤ ᠶᠠᠭ ᠰᠠᠶᠢᠬᠠᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠴᠠᠭ ᠪᠣᠯᠵᠤ ᠪᠠᠶᠢᠨ᠎ᠠ᠂ ᠤᠬᠠᠭᠤᠯᠵᠤ ᠬᠥᠲᠥᠯᠥᠨ ᠵᠢᠯᠣᠭᠤᠳᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠪᠠᠷᠢᠮᠵᠢᠶᠠᠲᠤ ᠪᠤᠰᠤ ᠲᠠᠷᠢᠶᠠᠯᠠᠩ ᠳᠤ ᠬᠡᠷᠡᠭᠯᠡᠬᠦ ᠰᠦᠯᠢᠶᠣᠣ ᠪᠦᠷᠬᠦᠪᠴᠢ ᠶᠢ ᠬᠡᠷᠡᠭᠯᠡᠬᠦ ᠶᠢᠨ ᠬᠤᠣᠷ ᠬᠥᠨᠥᠭᠡᠯ ᠢ ᠠᠷᠠᠳ ᠤᠯᠠᠨ ᠳᠤ ᠪᠦᠬᠦ ᠲᠠᠯ᠎ᠠ ᠪᠠᠷ ᠣᠶᠢᠯᠠᠭᠠᠭᠤᠯᠵᠤ᠂ ᠠᠷᠠᠳ ᠤᠯᠠᠨ ᠤ ᠤᠯᠤᠰ ᠤᠨ ᠪᠠᠷᠢᠮᠵᠢᠶᠠᠵᠢᠭᠰᠠᠨ ᠰᠦᠯᠢᠶᠣᠣ ᠪᠦᠷᠬᠦᠪᠴᠢ ᠶᠢ ᠬᠡᠷᠡᠭᠯᠡᠬᠦ ᠶᠢ ᠢᠳᠡᠪᠬᠢᠲᠡᠢ ᠪᠠᠷ ᠵᠣᠷᠢᠭᠵᠢᠭᠤᠯᠬᠤ ᠶᠢᠨ ᠬᠠᠮᠲᠤ ᠵᠠᠬ᠎ᠠ ᠳᠡᠯᠭᠡᠭᠦᠷ ᠤᠨ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ ᠲᠣᠭᠲᠠᠭᠠᠯ ᠶᠣᠰᠣᠭᠠᠷ ᠰᠦᠯᠢᠶᠣᠣ ᠪᠦᠷᠬᠦᠪᠴᠢ ᠶᠢ ᠪᠣᠷᠣᠯᠠᠭᠤᠯᠬᠤ ᠪᠠ ᠬᠡᠷᠡᠭᠯᠡᠬᠦ ᠦᠭᠡᠢ ᠬᠤᠳᠠᠯᠳᠤᠭᠠᠨ ᠤ ᠡᠷᠦᠬᠡ ᠪᠠ ᠠᠷᠠᠳ ᠤᠯᠠᠨ ᠳᠤ ᠴᠢᠩᠭ᠎ᠠ ᠴᠣᠬᠢᠯᠲᠠ ᠥᠭᠴᠦ᠂ ᠡᠭᠦᠨ ᠤ ᠤᠯᠠᠮ ᠠᠴᠠ ᠲᠠᠷᠢᠶᠠᠯᠠᠩ ᠤᠨ ᠪᠣᠬᠢᠷᠲᠤᠯ ᠦᠭᠡᠢ ᠡᠷᠡᠭᠦᠯ ᠢᠶᠠᠷ ᠬᠥᠭᠵᠢᠬᠦ ᠶᠢ ᠦᠨᠡᠨᠬᠦ ᠠᠬᠢᠭᠤᠯᠬᠤ ᠬᠡᠷᠡᠭᠲᠡᠢ ᠭᠡᠪᠡ᠃      ᠶᠠᠩ ᠰᠢᠩ ᠱᠧᠩ ᠵᠢᠭᠠᠵᠤ ᠭᠠᠷᠭᠠᠭᠰᠠᠨ ᠨᠢ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠪᠣᠯᠤᠮᠵᠢᠲᠤ ᠴᠢᠨᠠᠷᠲᠠᠶ ᠲᠥᠰᠦᠯ ᠢ ᠲᠦᠷᠭᠡᠬᠡᠨ ᠲᠣᠭᠲᠠᠭᠠᠵᠤ᠂ ᠪᠥᠬᠦ ᠰᠢᠶᠠᠨ ᠤ ᠬᠡᠪᠴᠢᠶᠡᠨ ᠳᠤ ᠡᠰᠢ ᠰᠦᠷᠡᠯ ᠢ ᠬᠤᠷᠢᠶᠠᠨ ᠠᠪᠴᠤ ᠳᠠᠬᠢᠨ ᠠᠰᠢᠭᠯᠠᠬᠤ ᠬᠤᠷᠢᠶᠠᠨ ᠬᠠᠳᠠᠭᠠᠯᠠᠬᠤ ᠲᠥᠪ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠰᠢᠨ᠎ᠡ ᠠᠷᠭ᠎ᠠ ᠵᠠᠮ ᠢ ᠤᠯᠠᠮ ᠨᠢᠭᠡ ᠠᠯᠬᠤᠮ ᠰᠦᠪᠡᠭᠴᠢᠯᠡᠵᠦ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ ᠳᠡᠭᠡᠭᠰᠢᠯᠡᠭᠦᠯᠬᠦ ᠬᠡᠷᠡᠭᠲᠡᠶ᠃ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠲᠠᠷᠢᠶᠠᠴᠢᠳ ᠤᠨ ᠡᠰᠢ ᠰᠦᠷᠡᠯ ᠢ ᠬᠤᠷᠢᠶᠠᠨ ᠠᠪᠴᠤ ᠳᠠᠬᠢᠨ ᠠᠰᠢᠭᠯᠠᠬᠤ ᠳᠤ ᠢᠳᠡᠪᠬᠢᠲᠡᠶ ᠣᠷᠣᠯᠴᠠᠬᠤ ᠶᠢ ᠵᠣᠷᠢᠭᠵᠢᠭᠤᠯᠤᠨ᠂ ᠡᠰᠢ ᠰᠦᠷᠡᠯ ᠢ ᠵᠠᠳᠠᠭᠠᠶ ᠰᠢᠲᠠᠭᠠᠬᠤ ᠶᠢ ᠪᠦᠲᠦᠮᠵᠢᠲᠡᠶ  ᠰᠢᠢᠳᠪᠦᠷᠢᠯᠡᠵᠦ᠂ ᠡᠰᠢ ᠰᠦᠷᠡᠯ ᠢ ᠬᠤᠷᠢᠶᠠᠨ ᠠᠪᠴᠤ ᠳᠠᠬᠢᠨ ᠠᠰᠢᠭᠯᠠᠬᠤ ᠠᠵᠢᠯ ᠤᠨ ᠨᠠᠩ ᠶᠡᠭᠡ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠪᠡ᠃      ᠬᠤᠭᠤᠯᠠᠢ ᠠᠭᠤᠯᠠ ᠰᠢᠶᠠᠩ ᠤᠨ ᠰᠢᠩ ᠰᠢᠩ ᠶᠤᠸᠠᠨ ᠭᠠᠴᠠᠭᠠᠨ ᠤ ᠵᠥᠪᠯᠡᠯ ᠳᠤ᠂ ᠶᠠᠩ ᠰᠢᠩ ᠱᠧᠩ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ ᠪᠠ ᠨᠠᠷᠢᠨ ᠨᠢᠭᠲᠠ ᠰᠣᠯᠢᠯᠴᠠᠬᠤ ᠬᠡᠯᠪᠡᠷᠢ ᠪᠠᠷ ᠳᠠᠮᠵᠢᠭᠤᠯᠤᠨ᠂ ᠣᠳᠣᠬᠠᠨ ᠤ ᠲᠣᠰᠬᠤᠨ ᠤ ᠠᠷᠠᠳ ᠤᠨ ᠵᠥᠪᠯᠡᠯ ᠤᠨ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠪᠠᠶᠢᠳᠠᠯ ᠢ ᠬᠢᠨᠠᠨ ᠬᠡᠮᠵᠢᠬᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠬᠤᠭ ᠨᠣᠪᠰᠢ ᠪᠣᠬᠢᠷ ᠤᠰᠤ ᠶᠢ ᠰᠢᠢᠳᠪᠦᠷᠢᠯᠡᠬᠦ᠂ ᠪᠡᠯᠴᠢᠭᠡᠷᠯᠡᠭᠦᠯᠬᠦ ᠶᠢ ᠴᠠᠭᠠᠵᠠᠯᠠᠬᠤ ᠵᠡᠷᠭᠡ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠭᠦᠨᠵᠡᠭᠡᠶ ᠣᠶᠢᠯᠠᠭᠠᠵᠤ᠂ ᠲᠡᠷᠡ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠠᠨ ᠲᠦᠮᠡᠨ ᠤ ᠲᠤᠰᠬᠠᠭᠰᠠᠨ ᠵᠦᠢ ᠵᠣᠬᠢᠰᠲᠠᠢ ᠬᠦᠰᠡᠯ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠢᠢᠳᠪᠦᠷᠢᠯᠡᠵᠦ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠴᠠᠭ ᠲᠤᠬᠠᠢ ᠳᠤᠨᠢ ᠨᠠᠶᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠤᠨ ᠵᠣᠪᠠᠭᠤᠷᠢ ᠶᠢ ᠰᠢᠢᠳᠪᠦᠷᠢᠯᠡᠵᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠶᠢᠨ ᠤᠯᠠᠮ ᠠᠴᠠ ᠲᠠᠬᠢᠨ ᠶᠠᠳᠠᠭᠤᠷᠠᠬᠤ ᠲᠦᠭᠰᠢᠭᠦᠷᠢ ᠶᠢ ᠴᠢᠨᠠᠭᠰᠢᠳᠠ ᠠᠷᠢᠯᠭᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠪᠣᠶ ᠪᠥᠬᠦᠶ ᠠᠵᠢᠯᠲᠠᠨ ᠢ ᠵᠣᠬᠢᠶᠠᠨ ᠪᠠᠶᠢᠭᠤᠯᠤᠨ ᠲᠣᠰᠬᠤᠨ ᠡᠷᠦᠬᠡ ᠳᠠᠷᠠᠭᠠᠯᠠᠨ ᠵᠢᠭᠰᠠᠭᠠᠨ ᠪᠠᠶᠢᠴᠠᠭᠠᠵᠤ᠂ ᠠᠰᠠᠭᠤᠳᠠᠯ ᠢ ᠢᠯᠡᠷᠡᠭᠦᠯᠪᠡᠯ ᠴᠠᠭ ᠲᠤᠬᠠᠶ ᠳᠤᠨᠢ ᠡᠬᠡ ᠲᠠᠩᠰᠠ ᠪᠠᠶᠢᠭᠤᠯᠤᠨ᠂ ᠬᠥᠳᠡᠯᠦᠩᠭᠦᠶ ᠬᠢᠨᠠᠨ ᠬᠡᠮᠵᠢᠬᠦ ᠬᠠᠮᠢᠶᠠᠷᠤᠯᠲᠠ ᠶᠢ ᠬᠡᠷᠡᠭᠵᠢᠭᠦᠯᠵᠦ᠂ ᠨᠠᠷᠢᠯᠢᠭ ᠣᠨᠣᠴᠠᠲᠠᠶ ᠪᠠᠷ ᠢᠯᠭᠠᠨ ᠲᠠᠨᠢᠵᠤ᠂ ᠲᠤᠰᠢᠶᠠᠬᠤ ᠶᠣᠰᠣᠲᠠᠶ ᠶᠢ ᠨᠢ ᠪᠦᠬᠦᠨ ᠢ ᠲᠤᠰᠢᠶᠠᠵᠤ᠂ ᠨᠢᠭᠡᠳᠬᠡᠪᠡᠰᠦ ᠵᠣᠬᠢᠬᠤ ᠶᠢ ᠨᠢ ᠪᠦᠬᠦᠨ ᠢ ᠨᠢᠭᠡᠳᠬᠡᠵᠦ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ᠂ ᠨᠢᠭᠡ ᠡᠷᠦᠬᠡ ᠶᠢ ᠴᠦ ᠣᠷᠬᠢᠭᠳᠠᠭᠤᠯᠬᠤ ᠥᠬᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠪᠡ᠃      ᠳᠠᠷᠠᠭ᠎ᠠ ᠪᠠᠷ ᠨᠢ᠂ ᠬᠤᠭᠤᠯᠠᠢ ᠠᠭᠤᠯᠠ ᠰᠢᠶᠠᠩ ᠤᠨ ᠴᠢᠶᠠᠨ ᠬᠤᠸᠠᠩ ᠵᠢᠶᠠ ᠶᠢᠩ ᠲᠣᠰᠬᠤᠨ ᠳᠤ᠂ ᠶᠠᠩ ᠰᠢᠩ ᠱᠧᠩ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠣᠶᠢᠯᠠᠭᠠᠵᠤ᠂ ᠪᠠᠰᠠ ᠵᠢᠭᠠᠵᠤ ᠭᠠᠷᠭᠠᠭᠰᠠᠨ ᠨᠢ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠣᠯ ᠨᠢᠭᠡ ᠵᠦᠢᠯ ᠤᠨ ᠴᠢᠬᠤᠯᠠ ᠢᠨᠵᠧᠨᠧᠷᠢᠩ ᠮᠥᠨ᠂ ᠣᠳᠣ ᠦᠶ᠎ᠡ ᠶᠢᠨ ᠲᠠᠷᠢᠶᠠᠯᠠᠩ ᠢ ᠬᠥᠭᠵᠢᠭᠦᠯᠬᠦ᠂ ᠠᠮᠤ ᠪᠤᠳᠠᠭᠠᠨ ᠤ ᠠᠮᠤᠷ ᠲᠦᠪᠰᠢᠨ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠠᠲᠤᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠠᠵᠢᠯ ᠤᠨ ᠬᠠᠷᠢᠭᠤᠴᠠᠯᠭ᠎ᠠ ᠶᠢ ᠴᠢᠨᠠᠭᠰᠢᠳᠠ ᠨᠠᠶᠢᠳᠠᠪᠤᠷᠢᠵᠢᠭᠤᠯᠵᠤ᠂ ᠡᠮᠦᠨᠡᠬᠢ ᠬᠤᠭᠤᠴᠠᠭᠠᠨ ᠤ ᠡᠯ᠎ᠡ ᠵᠦᠢᠯ ᠤᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠲᠥᠯᠥᠪᠵᠢᠭᠦᠯᠵᠦ᠂ ᠪᠠᠷᠢᠯᠭ᠎ᠠ ᠶᠢᠨ ᠶᠠᠰᠤ ᠴᠢᠨᠠᠷ ᠢ ᠴᠢᠩᠭ᠎ᠠ ᠠᠳᠬᠤᠵᠤ᠂ ᠴᠠᠭ ᠤᠨ ᠵᠠᠩᠭᠢᠯᠠᠭ᠎ᠠ ᠶᠢᠨ ᠴᠡᠭ ᠢ ᠠᠮᠵᠢᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ ᠲᠠᠷᠢᠶᠠᠨ ᠴᠠᠭ ᠢ ᠰᠠᠭᠠᠲᠠᠭᠠᠬᠤ ᠦᠭᠡᠢ ᠂ ᠲᠠᠷᠢᠶᠠᠨ ᠠᠵᠢᠯ ᠢ ᠰᠠᠭᠠᠲᠠᠭᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号