ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠰᠣᠶᠣᠯ ᠲᠡᠦᠬᠡ ᠶᠢᠨ ᠵᠥᠪᠯᠡᠯ ᠤᠨ ᠲᠤᠰᠢᠶᠠᠯ ᠭᠦᠢᠴᠡᠳᠬᠡᠬᠦ ᠨᠠᠮ ᠤᠨ ᠡᠭᠦᠷ 2022 ᠣᠨ ᠤ ᠠᠩᠬᠠᠳᠤᠭᠠᠷ ᠤᠳᠠᠭ᠎ᠠ ᠶᠢᠨ ᠪᠦᠬᠦ ᠭᠡᠰᠢᠭᠦᠳ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/4/24
     4 ᠰᠠᠷ᠎ᠠ ᠶᠢᠨ 22 ᠤᠨ ᠡᠳᠦᠷ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠰᠣᠶᠣᠯ ᠲᠡᠦᠬᠡ ᠶᠢᠨ ᠵᠥᠪᠯᠡᠯ ᠤᠨ ᠲᠤᠰᠢᠶᠠᠯ ᠭᠦᠢᠴᠡᠳᠬᠡᠬᠦ ᠨᠠᠮ ᠤᠨ ᠡᠭᠦᠷ 2022 ᠣᠨ ᠤ ᠠᠩᠬᠠᠳᠤᠭᠠᠷ ᠤᠳᠠᠭ᠎ᠠ ᠶᠢᠨ ᠪᠦᠬᠦ ᠭᠡᠰᠢᠭᠦᠳ ᠤᠨ ᠬᠤᠷᠠᠯ ᠢ ᠬᠤᠷᠠᠯᠳᠤᠭᠤᠯᠪᠠ᠃ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠰᠣᠶᠣᠯ ᠲᠡᠦᠬᠡ ᠶᠢᠨ ᠵᠥᠪᠯᠡᠯ ᠤᠨ ᠲᠤᠰᠢᠶᠠᠯ ᠭᠦᠢᠴᠡᠳᠬᠡᠬᠦ ᠨᠠᠮ ᠤᠨ ᠡᠭᠦᠷ ᠤᠨ ᠪᠦᠷᠢᠯᠳᠦᠬᠦᠨ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠠᠵᠢᠯᠴᠢᠨ ᠤ ᠡᠪᠯᠡᠯ᠂ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠡᠲᠡᠭᠡᠳ ᠪᠣᠯᠤᠨ ᠰᠣᠶᠣᠯ ᠪᠡᠶ᠎ᠡ ᠶᠢᠨ ᠲᠠᠮᠢᠷ ᠰᠣᠨᠢᠨ ᠮᠡᠳᠡᠭᠡᠨᠨ ᠤ ᠬᠢᠨ ᠤ ᠪᠥᠬᠦ ᠡᠲᠡᠬᠡᠳ ᠬᠤᠷᠠᠯ ᠳᠤ ᠣᠷᠤᠯᠴᠠᠪᠠ᠃ ᠬᠤᠷᠠᠯ ᠢ ᠰᠢᠶᠠᠨ ᠤ ᠰᠣᠶᠣᠯ ᠲᠡᠦᠬᠡ ᠶᠢᠨ ᠵᠥᠪᠯᠡᠯ ᠤᠨ ᠡᠷᠬᠢᠯᠡᠭᠴᠢ ᠯᠢᠦ ᠶᠢᠨ ᠢᠦᠢ ᠡᠷᠬᠢᠯᠡᠪᠡ᠃      ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠰᠢᠨ᠎ᠡ ᠴᠠᠭ ᠦᠶ᠎ᠡ ᠶᠢᠨ ᠬᠤᠲᠠ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠰᠠᠨᠠᠯ︾᠂ ᠰᠢ ᠶᠢᠨ ᠫᠢᠩ ᠶᠡᠷᠦᠩᠬᠡᠢ ᠱᠦᠵᠢ ᠶᠢᠨ ᠤᠯᠤᠰ ᠲᠦᠷᠦ ᠶᠢᠨ ᠵᠥᠪᠯᠡᠯᠭᠡᠨ ᠤ ᠬᠤᠷᠠᠯ ᠤᠨ ᠬᠥᠳᠡᠭᠡ ᠠᠵᠤ ᠠᠬᠤᠢ ᠶᠢᠨ ᠡᠲᠡᠭᠡᠳ᠂ ᠨᠡᠶᠢᠭᠡᠮ ᠤᠨ ᠠᠰᠠᠷᠠᠮᠵᠢ ᠪᠠ ᠨᠡᠶᠢᠭᠡᠮ ᠤᠨ ᠪᠠᠲᠤᠯᠠᠪᠤᠷᠢ ᠶᠢᠨ ᠡᠲᠡᠭᠡᠳ ᠤᠨ ᠭᠡᠰᠢᠭᠦᠳ ᠢ ᠡᠷᠬᠢᠨ ᠦᠵᠡᠬᠦ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠲᠤᠰᠢᠶᠠᠯ ᠭᠦᠢᠴᠡᠳᠬᠡᠬᠦ ᠶᠢ ᠰᠢᠯᠭᠠᠨ ᠦᠨᠡᠯᠡᠬᠦ ᠠᠷᠭ᠎ᠠ ᠶᠢ ᠤᠯᠠᠮᠵᠢᠯᠠᠵᠤ᠂ ᠦᠴᠤᠸᠠᠨ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ 2022 ᠣᠨ ᠤ ᠠᠵᠢᠯ ᠤᠨ ᠭᠤᠣᠯᠳᠠᠯᠭ᠎ᠠ ᠵᠢᠴᠢ ᠰᠣᠶᠣᠯ ᠲᠡᠦᠬᠡ ᠶᠢᠨ ᠵᠥᠪᠯᠡᠯ ᠤᠨ ᠠᠵᠢᠯ ᠤᠨ ᠲᠤᠬᠢᠷᠠᠭᠤᠯᠤᠯᠳᠠ ᠶᠢ ᠵᠠᠷᠯᠠᠨ ᠮᠡᠳᠡᠭᠳᠡᠪᠡ᠃ ᠬᠤᠷᠠᠯ ᠠᠴᠠ ᠪᠠᠰᠠ ᠰᠣᠶᠣᠯ ᠲᠡᠦᠬᠡ ᠶᠢᠨ ᠵᠥᠪᠯᠡᠯ ᠤᠨ ᠲᠤᠰᠢᠶᠠᠯ ᠭᠦᠢᠴᠡᠳᠬᠡᠬᠦ ᠨᠠᠮ ᠤᠨ ᠡᠭᠦᠷ ᠤᠨ ᠨᠠᠮ ᠤᠨ ᠪᠠᠶᠢᠭᠤᠯᠤᠯᠲᠠ ᠶᠢᠨ ᠠᠵᠢᠯ ᠪᠣᠯᠤᠨ ᠲᠤᠰᠢᠶᠠᠯ ᠭᠦᠢᠴᠡᠳᠬᠡᠬᠦ ᠠᠵᠢᠯ ᠢ ᠭᠦᠨᠵᠡᠭᠡᠢ ᠠᠭᠤᠰᠤᠯᠴᠠᠭᠤᠯᠬᠤ 2022 ᠣᠨ ᠤ ᠠᠵᠢᠯ ᠤᠨ ᠲᠥᠯᠥᠪᠯᠡᠭᠡ ᠶᠢ ᠬᠢᠨᠠᠨ ᠵᠥᠪᠯᠡᠵᠦ ᠪᠠᠲᠤᠯᠠᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠠᠵᠢᠯᠴᠢᠨ ᠤ ᠡᠪᠯᠡᠯ ᠵᠠᠯᠠᠭᠤᠴᠤᠳ ᠤᠨ ᠡᠪᠯᠡᠯ ᠡᠮᠡᠭᠲᠡᠶᠢᠴᠦᠳ ᠤᠨ ᠡᠲᠡᠭᠡᠳ ᠪᠣᠯᠤᠨ ᠰᠣᠶᠣᠯ ᠪᠣᠯᠪᠠᠰᠤᠷᠠᠯ ᠪᠡᠶ᠎ᠡ ᠶᠢᠨ ᠲᠠᠮᠢᠷ ᠰᠣᠨᠢᠨ ᠮᠡᠳᠡᠭᠡᠨ ᠤ ᠡᠲᠡᠭᠡᠳ ᠤᠨ ᠭᠡᠰᠢᠭᠦᠳ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠤᠯᠭ᠎ᠠ ᠳᠣᠣᠷ᠎ᠠ ᠰᠣᠶᠣᠯ ᠲᠡᠦᠬᠡ ᠶᠢᠨ ᠵᠥᠪᠯᠡᠯ ᠤᠨ ᠲᠤᠰᠢᠶᠠᠯ ᠭᠦᠢᠴᠡᠳᠬᠡᠬᠦ ᠨᠠᠮ ᠤᠨ ᠡᠭᠦᠷ ᠢᠶᠠᠷ ᠲᠦᠰᠢᠭ ᠪᠣᠯᠭᠠᠵᠤ᠂ ᠨᠠᠮ ᠤᠨ ᠭᠡᠰᠢᠭᠦᠨ ᠤ ᠪᠡᠶ᠎ᠡ ᠶᠢᠨ ᠭᠠᠷᠤᠯ ᠢᠶᠠᠨ ᠭᠠᠶᠢᠬᠠᠭᠤᠯᠵᠤ᠂ ᠲᠤᠭ ᠳᠡᠮᠳᠡᠭ ᠢᠶᠠᠨ ᠰᠠᠶᠢᠲᠤᠷ ᠮᠠᠨᠳᠤᠭᠤᠯᠵᠤ᠂ ᠦᠯᠢᠭᠡᠷ ᠳᠠᠭᠤᠷᠢᠶᠠᠯ ᠦᠵᠡᠭᠦᠯᠵᠦ᠂ ᠥᠷᠭᠡᠨ ᠤᠯᠠᠨ ᠭᠡᠰᠢᠭᠦᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠠᠯᠠᠭᠤᠨ ᠰᠡᠳᠬᠢᠯᠭᠡ ᠶᠢ ᠨᠡᠩ ᠪᠦᠲᠦᠮᠵᠢᠲᠡᠶ ᠪᠠᠷ ᠳᠠᠶᠢᠴᠢᠯᠠᠵᠤ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠰᠠᠨᠠᠯ ᠵᠥᠪᠯᠡᠯᠭᠡ ᠳᠤᠷᠠᠳᠴᠤ ᠵᠠᠰᠠᠭ ᠲᠤ ᠲᠤᠰᠠᠯᠠᠬᠤ ᠪᠠ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠲᠠᠯ᠎ᠠ ᠪᠠᠷ ᠬᠤᠣᠰ ᠴᠢᠭᠯᠡᠯ ᠢᠶᠠᠷ ᠬᠦᠴᠦᠯᠡᠬᠦ ᠶᠢ ᠠᠬᠢᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠪᠠ ᠰᠢᠶᠠᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠪᠠ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠲᠤᠬᠠᠶ ᠱᠠᠭᠠᠷᠳᠠᠯᠭ᠎ᠠ ᠶᠢ ᠦᠨᠡᠨ ᠬᠦ ᠪᠣᠳᠠᠲᠠᠶ ᠪᠠᠷ ᠨᠠᠶᠢᠳᠠᠪᠤᠷᠢᠵᠢᠭᠤᠯᠬᠤ ᠬᠡᠷᠡᠭᠲᠡᠢ ᠭᠡᠪᠡ᠃      ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠠᠩ ᠵᠢᠶᠠᠨ ᠰᠢᠶᠦ᠋ᠩ ᠬᠤᠷᠠᠯ ᠳᠤ ᠣᠷᠣᠯᠴᠠᠪᠠ᠃ ᠲᠡᠷᠡ ᠵᠢᠭᠠᠵᠤ ᠭᠠᠷᠭᠠᠭᠰᠠᠨ ᠨᠢ᠂ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠵᠤ ᠠᠬᠢᠭᠤᠯᠬᠤ ᠦᠢᠯᠡᠳᠦᠯ ᠢ ᠴᠢᠩᠭᠠᠳᠬᠠᠬᠤ ᠶᠢᠨ ᠲᠥᠯᠥᠭᠡ᠂ ᠡᠨᠡ ᠵᠢᠯ ᠪᠦᠬᠦ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠰᠢᠰᠲ᠋ᠧᠮ ᠤᠨ ᠬᠢᠨ ᠨᠠᠮ ᠤᠨ ᠪᠠᠶᠢᠭᠤᠯᠤᠯᠲᠠ + ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠦᠷᠢᠮ ᠤᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠳᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠤᠯᠭ᠎ᠠ ᠳᠣᠣᠷᠠᠬᠢ 4 ᠲᠤᠰᠬᠠᠶ ᠺᠣᠮᠢᠰ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠨᠠᠮ ᠤᠨ ᠡᠭᠦᠷ ᠪᠠᠶᠢᠭᠤᠯᠵᠤ᠂ ᠡᠭᠦᠨ ᠤ ᠵᠣᠷᠢᠯᠭ᠎ᠠ ᠨᠢ ︽ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠵᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠠᠬᠢᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤ ᠠᠭᠤᠰᠬᠠᠨ ᠨᠠᠮ ᠤᠨ ᠪᠠᠶᠢᠭᠤᠯᠤᠯᠲᠠ ᠶᠢ ᠠᠳᠬᠤᠨ᠎ᠠ︾᠂ ᠨᠠᠮ ᠤᠨ ᠪᠠᠶᠢᠭᠤᠯᠤᠯᠲᠠ ᠶᠢᠨ ᠵᠢᠯᠣᠭᠤᠳᠣᠯᠭ᠎ᠠ ᠶᠢ ᠤᠯᠤᠰ ᠲᠥᠷᠥ ᠶᠢᠨ ᠵᠥᠪᠯᠡᠯᠭᠡᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠦᠬᠦ ᠶᠠᠪᠤᠴᠠ ᠳᠤ ᠲᠤᠤᠱᠯᠠᠭᠤᠯᠵᠤ᠂ ᠨᠠᠮ ᠤᠨ ᠪᠠᠶᠢᠭᠤᠯᠤᠯᠲᠠ ᠶᠢᠨ ᠠᠵᠢᠯ ᠪᠣᠯᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯ ᠢ ᠬᠠᠮᠲᠤ ᠳᠤᠨᠢ ᠲᠥᠯᠥᠪᠵᠢᠭᠦᠯᠵᠦ᠂ ᠬᠠᠮᠲᠤ ᠳᠤᠨᠢ ᠪᠠᠶᠢᠷᠢᠯᠠᠭᠤᠯᠵᠤ᠂ ᠬᠠᠮᠲᠤ ᠳᠤᠨᠢ ᠨᠠᠶᠢᠳᠠᠪᠤᠷᠢᠵᠢᠭᠤᠯᠵᠤ᠂ ᠬᠠᠮᠲᠤ ᠳᠤᠨᠢ ᠰᠢᠯᠭᠠᠨ ᠦᠨᠡᠯᠡᠵᠦ᠂ ᠨᠠᠮ ᠤᠨ ᠪᠠᠶᠢᠭᠤᠯᠤᠯᠲᠠ ᠪᠣᠯᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠨᠢᠭᠡ ᠴᠤᠭᠴᠠᠵᠢᠭᠤᠯᠬᠤ᠂ ᠨᠡᠭᠡᠭᠡᠯᠲᠡ ᠲᠠᠢ ᠬᠠᠮᠲᠤᠪᠠᠷ ᠡᠳ᠋ᠯᠡᠬᠦ ᠲᠠᠪᠴᠠᠩ ᠤᠨ ᠠᠴᠢᠶᠠᠯᠠᠪᠤᠷᠢ ᠶᠢ ᠪᠠᠶᠢᠭᠤᠯᠵᠤ᠂ ︽ᠨᠠᠮ ᠤᠨ ᠪᠠᠶᠢᠭᠤᠯᠤᠯᠲᠠ ᠶᠢᠨ ᠵᠢᠭᠰᠠᠭᠠᠯ ᠤᠨ ᠭᠠᠵᠠᠷ︾ ᠪᠠ ︽ᠵᠥᠪᠯᠡᠬᠦ ᠲᠠᠪᠴᠠᠩ︾ ᠤᠨ ᠭᠦᠨᠵᠡᠭᠡᠶ ᠠᠭᠤᠰᠤᠯᠴᠠᠯ ᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠳᠠᠬᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠭᠡᠰᠢᠭᠦᠨ ᠢ ᠪᠦᠬᠦᠨ ᠢ ᠬᠠᠮᠤᠷᠬᠤ᠂ ᠨᠠᠮ ᠤᠨ ᠠᠵᠢᠯ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠢ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠨᠠᠮ ᠤᠨ ᠪᠠᠶᠢᠭᠤᠯᠤᠯᠲᠠ ᠬᠢᠭᠡᠳ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ 101>2 ᠤᠨ ᠬᠠᠮᠤᠭ ᠤᠨ ᠶᠡᠭᠡ ᠦᠢᠯᠡᠳᠦᠯ ᠢ ᠪᠠᠳᠠᠷᠠᠭᠤᠯᠵᠤ᠂ ᠴᠢᠨᠠᠷ ᠰᠠᠶᠢᠲᠠᠶ ᠨᠠᠮ ᠤᠨ ᠪᠠᠶᠢᠭᠤᠯᠤᠯᠲᠠ ᠪᠠᠷ ᠥᠨᠳᠥᠷ ᠬᠢᠷᠢ ᠲᠦᠪᠰᠢᠨ ᠢᠶᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠬᠥᠲᠥᠯᠥᠨ ᠳᠠᠭᠠᠭᠤᠯᠵᠤ᠂ ᠪᠦᠬᠦ ᠰᠢᠶᠠᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠤᠯᠤᠰ ᠲᠦᠷᠦ ᠶᠢᠨ ᠵᠥᠪᠯᠡᠯᠭᠡᠨ ᠤ ᠬᠦᠴᠦᠨ ᠴᠢᠳᠠᠯ ᠢ ᠨᠡᠮᠡᠷᠢᠯᠡᠨ᠎ᠡ᠃ ᠭᠡᠰᠢᠭᠦᠳ ᠤᠨ ᠠᠩᠬᠠᠷᠤᠯ ᠢ ᠲᠠᠲᠠᠵᠤ᠂ ᠲᠤᠰᠢᠶᠠᠯ ᠨᠠᠮ ᠤᠨ ᠡᠭᠦᠷ ᠤᠨ ᠬᠤᠯᠪᠣᠭᠳᠠᠯ ᠪᠦᠬᠦᠢ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠤᠯᠤᠰ ᠲᠦᠷᠦ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ ᠬᠡᠷᠡᠭ ᠢ ᠵᠥᠪᠯᠡᠬᠦ ᠡᠭᠦᠷᠭᠡ ᠴᠢᠳᠠᠪᠤᠷᠢ ᠪᠠᠨ ᠦᠨᠡᠨᠬᠦ ᠭᠦᠢᠴᠡᠳᠬᠡᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠦᠴᠤᠸᠠᠨ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠬᠠᠭᠤᠳᠠᠰᠤ ᠶᠢ ᠪᠢᠴᠢᠭᠯᠡᠬᠦ ᠳᠤᠮᠳᠠ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号