ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠲᠣᠭᠲᠠᠴᠠ ᠶᠢ | ᠲᠡᠭᠦᠯᠳᠡᠷᠵᠢᠭᠦᠯᠵᠦ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠴᠢᠩᠭᠠᠳᠬᠠᠬᠤ ᠲᠤᠬᠠᠶ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠠᠵᠢᠯ ᠤᠨ ᠪᠠᠶᠢᠷᠢᠯᠠᠭᠤᠯᠤᠯᠲᠠ ᠶᠢ ᠪᠦᠬᠦ | ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠪᠥᠬᠦ ᠤᠯᠤᠰ᠂ ᠥᠪᠡᠷᠲᠡᠭᠡᠨ ᠵᠠᠰᠠᠬᠤ | ᠣᠷᠣᠨ ᠤ ᠬᠤᠶᠠᠷ ᠱᠠᠲᠤᠨ ᠤ ᠤᠰᠤᠨ ᠠᠰᠢᠭᠯᠠᠯᠲᠠ ᠶᠢᠨ ᠠᠵᠢᠯ ᠤᠨ ᠬᠤᠷᠠᠯ ᠤᠨ ᠱᠠᠭᠠᠷᠳᠠᠯᠭ᠎ᠠ ᠶᠣᠰᠣᠭᠠᠷ᠂ | ᠭᠤᠤᠯ ᠮᠥᠷᠡᠨ ᠤ ᠪᠦᠬᠦᠯᠢ ᠴᠣᠭᠴᠠᠲᠤ ᠴᠢᠨᠠᠷ ᠠᠴᠠ ᠡᠭᠦᠰᠴᠦ᠂ ᠪᠠᠶᠢᠭᠤᠯᠤᠯ ᠲᠣᠭᠲᠠᠴᠠ ᠶᠢᠨ ᠬᠠᠤᠯᠢ ᠪᠠᠷ ᠵᠠᠰᠠᠬᠤ | ᠬᠠᠮᠢᠶᠠᠷᠤᠯᠲᠠ ᠶᠢ ᠴᠢᠩᠭᠠᠷᠠᠭᠤᠯᠤᠨ᠂ ᠭᠤᠤᠯ ᠮᠥᠷᠡᠨ ᠨᠠᠭᠤᠷ ᠴᠥᠭᠦᠷᠥᠮ ᠤᠨ ᠤᠰᠤᠨ ᠣᠷᠣᠨ ᠤ ᠡᠷᠭᠢ ᠶᠢᠨ | ᠱᠤᠭᠤᠮ ᠤᠨ ᠣᠷᠣᠨ ᠵᠠᠶ ᠶᠢ ᠬᠠᠮᠢᠶᠠᠷᠤᠨ ᠡᠵᠡᠮᠳᠡᠬᠦ ᠪᠠ ᠭᠤᠤᠯ ᠤᠨ ᠵᠠᠮ ᠠᠴᠠ ᠡᠯᠡᠰᠦ ᠮᠠᠯᠲᠠᠬᠤ ᠬᠠᠮᠢᠶᠠᠷᠤᠯᠲᠠ ᠶᠢ | ᠴᠢᠩᠳᠠᠯᠠᠵᠤ᠂ ᠭᠤᠤᠯ ᠮᠥᠷᠡᠨ ᠨᠠᠭᠤᠷ ᠴᠥᠭᠦᠷᠥᠮ ᠤᠨ ︽ᠳᠥᠷᠪᠡᠨ ᠰᠠᠮᠠᠭᠤᠨ ᠢ ᠠᠷᠢᠯᠭᠠᠬᠤ︾ ᠶᠢ | ᠪᠠᠶᠢᠩᠭᠤᠵᠢᠭᠤᠯᠬᠤ᠂ ᠵᠢᠷᠤᠮᠵᠢᠭᠤᠯᠬᠤ ᠶᠢ ᠭᠦᠨᠵᠡᠭᠡᠶᠢᠷᠡᠭᠦᠯᠦᠨ ᠠᠬᠢᠭᠤᠯᠤᠨ᠎ᠠ᠃ | 2022 ᠣᠨ ᠤ ᠨᠢᠭᠡᠳᠦᠭᠡᠷ ᠤᠯᠠᠷᠢᠯ ᠳᠤ᠂ ᠦᠴᠤᠸᠠᠨ ᠰᠢᠶᠠᠨ ᠤ ᠬᠢᠨ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠵᠤ᠂ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠤᠰᠤᠨ ᠤ ᠣᠷᠴᠢᠨ ᠲᠣᠭᠤᠷᠢᠨ ᠢ ᠵᠠᠰᠠᠬᠤ | ᠠᠵᠢᠯ ᠢ ᠥᠷᠨᠢᠭᠦᠯᠵᠦ᠂ ︽ᠭᠤᠣᠯ ᠨᠢ ᠴᠡᠪᠡᠷ᠂ ᠤᠰᠤ ᠨᠢ ᠲᠤᠩᠭᠠᠯᠠᠭ᠂ ᠪᠡᠯ ᠨᠢ ᠨᠣᠭᠤᠭᠠᠨ᠂ ᠡᠷᠭᠢ ᠨᠢ ᠭᠤᠶᠤ | ᠰᠠᠶᠢᠬᠠᠨ︾ ᠪᠠᠶᠢᠬᠤ ᠬᠠᠷᠠᠯᠲᠠ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ | ᠰᠢᠶᠠᠨ ᠤ ᠭᠤᠣᠯ ᠮᠥᠷᠡᠨ ᠤ ᠳᠠᠷᠤᠭ᠎ᠠ ᠶᠢᠨ ᠠᠯᠪᠠᠨ ᠭᠡᠷ ᠤᠨ ᠬᠢᠨ ᠰᠢᠶᠠᠨ ᠤ ᠡᠯ᠎ᠡ ᠱᠠᠲᠤᠨ ᠤ ᠭᠤᠣᠯ | ᠮᠥᠷᠡᠨ ᠤ ᠳᠠᠷᠤᠭ᠎ᠠ ᠨᠠᠷ ᠲᠠᠢ ᠬᠠᠮᠲᠤ ᠪᠠᠷ ᠭᠤᠣᠯ ᠮᠥᠷᠡᠨ ᠢ ᠲᠣᠭᠤᠷᠢᠨᠭᠤᠤᠯ ᠴᠠᠭᠳᠠᠬᠤ ᠶᠠᠪᠤᠴᠠ ᠳᠤ ᠨᠢᠭᠡ ᠳᠤ᠂ | ᠭᠤᠤᠯ ᠤᠨ ᠵᠠᠮ ᠢ ᠠᠷᠢᠭᠤᠨ ᠴᠡᠪᠡᠷ ᠪᠠᠶᠢᠯᠭᠠᠬᠤ᠂ ᠪᠣᠬᠢᠷ ᠤᠰᠤ ᠶᠢ ᠰᠢᠭᠤᠳ ᠭᠠᠳᠠᠭᠰᠢᠯᠠᠭᠤᠯᠬᠤ᠂ ᠭᠤᠤᠯ ᠤᠨ | ᠵᠠᠮ ᠬᠤᠷᠠᠬᠤ ᠵᠡᠷᠭᠡ ᠠᠰᠠᠭᠤᠳᠠᠯ ᠤᠨ ᠳᠠᠬᠢᠨ ᠢᠯᠡᠷᠡᠵᠦ ᠪᠠᠶᠢᠬᠤ ᠡᠰᠡᠬᠦ ᠶᠢ ᠪᠠᠶᠢᠴᠠᠭᠠᠨ ᠦᠵᠡᠨ᠎ᠡ︔ ᠬᠤᠶᠠᠷ ᠲᠤ᠂ | ᠡᠯ᠎ᠡ ᠲᠣᠰᠬᠤᠨ ᠤ ᠱᠠᠲᠤᠨ ᠤ ᠭᠤᠤᠯ ᠤᠨ ᠳᠠᠷᠤᠭ᠎ᠠ ᠶᠢᠨ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠬᠦ | ᠶᠢ ᠰᠢᠮᠳᠠᠭᠤᠯᠵᠤ᠂ ᠲᠣᠰ ᠲᠣᠰ ᠤᠨ ᠬᠠᠷᠢᠶ᠎ᠠ ᠣᠷᠣᠨ ᠤ ᠪᠠᠨ ᠳᠣᠲᠣᠷᠠᠬᠢ ᠭᠤᠤᠯ ᠤᠨ ᠵᠠᠮ ᠢ ᠨᠢᠭᠲᠠ ᠲᠣᠭᠤᠷᠢᠨ | ᠪᠠᠶᠢᠴᠠᠭᠠᠵᠤ᠂ ᠭᠤᠤᠯ ᠢ ᠴᠠᠭᠳᠠᠭᠰᠠᠨ ᠲᠡᠮᠳᠡᠭᠯᠡᠯ ᠢ ᠰᠠᠶᠢᠲᠤᠷ ᠬᠢᠵᠦ᠂ ᠭᠤᠤᠯ ᠤᠨ ᠵᠠᠮ ᠤᠨ ᠡᠳᠦᠷ ᠲᠤᠲᠤᠮ ᠤᠨ | ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠂ ᠵᠢᠱᠢᠶᠡᠯᠡᠪᠡᠯ ᠬᠤᠭ ᠨᠣᠪᠰᠢ ᠪᠠᠶᠢᠬᠤ ᠶᠢ ᠣᠯᠵᠤ ᠮᠡᠳᠡᠪᠡᠯ | ᠲᠣᠰᠬᠤᠨ ᠤ ᠱᠠᠲᠤᠨ ᠤ ᠭᠤᠤᠯ ᠤᠨ ᠳᠠᠷᠤᠭ᠎ᠠ ᠶᠢ ᠴᠠᠭ ᠲᠤᠬᠠᠶ ᠳᠤᠨᠢ ᠰᠢᠮᠳᠠᠭᠤᠯᠵᠤ ᠪᠠᠶᠢᠭᠠᠳ ᠴᠡᠪᠡᠷᠯᠡᠭᠦᠯᠬᠦ | ᠬᠡᠷᠡᠭᠲᠡᠶ︔ ᠵᠢᠱᠢᠶᠡᠯᠡᠪᠡᠯ ᠭᠤᠤᠯ ᠮᠥᠷᠡᠨ ᠤ ᠡᠷᠬᠢᠨ ᠲᠣᠭᠤᠷᠢᠨ ᠳᠤ ᠬᠠᠤᠯᠢ ᠠᠴᠠ ᠵᠥᠷᠢᠴᠡᠭᠰᠡᠨ᠂ | ᠲᠣᠭᠲᠠᠭᠠᠯ ᠠᠴᠠ ᠵᠥᠷᠢᠴᠡᠭᠰᠡᠨ ᠦᠵᠡᠭᠳᠡᠯ ︵ᠵᠢᠱᠢᠶᠡᠯᠡᠪᠡᠯ᠄ ᠦᠶᠡᠷ ᠵᠠᠯᠠᠬᠤ ᠶᠢ ᠬᠠᠷᠰᠢᠯᠠᠬᠤ ᠪᠣᠳᠠᠰ ᠢ ᠬᠠᠶᠠᠬᠤ᠂ | ᠣᠪᠣᠭᠠᠯᠠᠬᠤ ᠪᠤᠶᠤ ᠦᠶᠡᠷ ᠵᠠᠯᠠᠬᠤ ᠶᠢ ᠬᠠᠷᠰᠢᠯᠠᠬᠤ ᠣᠶ ᠮᠣᠳᠣ ᠵᠢᠴᠢ ᠥᠨᠳᠥᠷ ᠡᠰᠢᠲᠦ ᠲᠠᠷᠢᠮᠠᠯ ᠳᠠᠷᠢᠬᠤ︶ | ᠣᠷᠣᠰᠢᠵᠤ ᠪᠠᠶᠢᠬᠤ ᠶᠢ ᠣᠯᠵᠤ ᠮᠡᠳᠡᠪᠡᠯ᠂ ᠴᠠᠭ ᠲᠤᠬᠠᠶ ᠳᠤᠨᠢ ᠢᠳᠬᠠᠨ ᠬᠤᠷᠢᠭᠯᠠᠵᠤ᠂ ᠴᠡᠭᠴᠡᠯᠡᠨ | ᠰᠠᠶᠢᠵᠢᠷᠠᠭᠤᠯᠬᠤ ᠶᠢᠨ ᠬᠠᠮᠲᠤ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ︔ ᠭᠤᠷᠪᠠ ᠳᠤ᠂ ᠭᠤᠣᠯ | ᠮᠥᠷᠡᠨ᠂ ᠤᠰᠤᠨ ᠴᠥᠭᠦᠷᠥᠮ ᠤᠨ ᠤᠰᠤᠨ ᠲᠦᠪᠰᠢᠨ ᠢ ᠬᠢᠨᠠᠨ ᠡᠵᠡᠮᠳᠡᠬᠦ ᠶᠢ ᠴᠢᠩᠭᠠᠳᠬᠠᠵᠤ᠂ ᠤᠰᠤᠨ | ᠴᠥᠭᠦᠷᠥᠮ ᠤᠨ ᠦᠶᠡᠷ ᠢ ᠰᠡᠷᠭᠡᠶᠢᠯᠡᠬᠦ ᠤᠰᠤ ᠵᠠᠯᠠᠬᠤ ᠠᠵᠢᠯ ᠢ ᠴᠠᠭ ᠲᠤᠬᠠᠶ ᠳᠤᠨᠢ ᠰᠠᠶᠢᠲᠤᠷ ᠬᠢᠵᠦ᠂ ᠤᠰᠤᠨ | ᠴᠥᠭᠦᠷᠥᠮ ᠤᠨ ᠠᠶᠤᠯᠭᠦᠶ ᠤᠰᠤᠨ ᠲᠦᠪᠰᠢᠨ ᠳᠣᠣᠷ᠎ᠠ ᠠᠵᠢᠯᠯᠠᠬᠤ ᠶᠢ ᠦᠨᠡᠨ ᠬᠦ ᠪᠠᠲᠤᠯᠠᠨ᠎ᠠ︔ ᠲᠦᠷᠪᠡ ᠳᠤ᠂ | ᠪᠦᠬᠦ ᠠᠷᠠᠳ ᠤᠨ ᠲᠠᠶᠢᠴᠢᠯᠠᠯᠳᠡ ᠶᠢ ᠰᠠᠶᠢᠲᠤᠷ ᠠᠳᠬᠤᠵᠤ᠂ ᠭᠤᠣᠯ ᠮᠥᠷᠡᠨ ᠤ ᠳᠠᠷᠤᠭ᠎ᠠ ᠶᠢᠨ ᠲᠦᠷᠢᠮ ᠤᠨ | ᠤᠬᠠᠭᠤᠯᠭ᠎ᠠ ᠶᠢᠨ ᠡᠷᠴᠢᠮ ᠢ ᠴᠢᠨᠠᠭᠰᠢᠳᠠ ᠴᠢᠩᠭᠠᠷᠠᠭᠤᠯᠵᠤ᠂ ᠤᠯᠠᠨ ᠲᠦᠮᠡᠨ ᠤ ᠬᠦᠴᠦᠨ ᠢ ᠭᠦᠢᠴᠡᠳ | ᠪᠠᠳᠠᠷᠠᠭᠤᠯᠵᠤ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠴᠤ᠂ ᠬᠥᠬᠡᠮᠳᠦᠭ ᠨᠣᠭᠤᠭᠠᠨ ᠠᠭᠤᠯᠠ ᠤᠰᠤᠨ ᠤ ᠰᠠᠶᠢᠨ | ᠰᠠᠶᠢᠬᠠᠨ ᠭᠡᠷ ᠣᠷᠣᠨ ᠢ ᠬᠠᠮᠲᠤᠪᠠᠷ ᠪᠦᠳᠦᠬᠡᠨ ᠪᠠᠶᠢᠭᠤᠯᠤᠨ᠎ᠠ᠃ | 2022 ᠣᠨ ᠤ ᠨᠢᠭᠡᠳᠦᠭᠡᠷ ᠤᠯᠠᠷᠢᠯ ᠳᠤ ᠪᠥᠬᠦ ᠰᠢᠶᠠᠨ ᠤ 10 ᠨᠡᠷᠡᠰ ᠰᠢᠶᠠᠨ ᠤ ᠱᠠᠲᠤᠨ ᠤ ᠭᠤᠤᠯ ᠤᠨ | ᠳᠠᠷᠤᠭ᠎ᠠ 20 ᠤᠳᠠᠭ᠎ᠠ ᠭᠤᠤᠯ ᠴᠠᠭᠳᠠᠵᠤ᠂ ᠰᠢᠶᠠᠨ ᠤ ᠭᠤᠤᠯ ᠤᠨ ᠳᠠᠷᠤᠭ᠎ᠠ ᠶᠢᠨ ᠠᠯᠪᠠᠨ ᠬᠡᠷ 21 ᠤᠳᠠᠭ᠎ᠠ | ᠭᠤᠤᠯ ᠴᠠᠭᠳᠠᠵᠤ᠂ ᠰᠢᠶᠠᠩ ᠪᠠᠯᠭᠠᠰᠤᠨ ᠤ ᠲᠠᠰ ᠤᠨ ᠭᠤᠤᠯ ᠤᠨ ᠳᠠᠷᠤᠭ᠎ᠠ 340 ᠤᠳᠠᠭ᠎ᠠ ᠭᠤᠤᠯ ᠴᠠᠭᠳᠠᠵᠤ᠂ | ᠪᠥᠬᠦ ᠰᠢᠶᠠᠨ ᠤ ᠭᠤᠤᠯ ᠴᠠᠭᠳᠠᠬᠤ ᠺᠢᠯᠣᠮᠧᠲᠷ ᠤᠨ ᠲᠤᠭ᠎ᠠ 2404.3 ᠺᠢᠯᠣᠮᠧᠲᠷ᠂ ᠭᠤᠤᠯ ᠴᠠᠭᠳᠠᠬᠤ ᠴᠠᠭ ᠤᠨ | ᠣᠷᠳᠣ ᠨᠢ 209.26 ᠴᠠᠭ ᠪᠣᠯᠤᠨ᠎ᠠ᠃ ᠳᠡᠭᠡᠳᠦ ᠱᠠᠲᠤᠨ ᠤ ᠭᠤᠤᠯ ᠮᠥᠷᠡᠨ ᠤ ᠳᠠᠷᠤᠭ᠎ᠠ ᠶᠢᠨ ᠠᠯᠪᠠᠨ ᠬᠡᠷ ᠤᠨ | ᠰᠢᠮᠳᠠᠭᠤᠯᠤᠨ ᠰᠢᠢᠳᠪᠦᠷᠢᠯᠡᠭᠦᠯᠬᠦ ᠮᠡᠳᠡᠭᠳᠡᠯ ᠢ 1 ᠬᠤᠪᠢ ᠣᠯᠵᠤ᠂ ᠭᠤᠤᠯ ᠤᠨ ᠵᠠᠮ ᠤᠨ ᠲᠠᠪᠤᠨ ᠳᠤᠷ᠎ᠠ ᠪᠠᠷ ᠢᠶᠠᠨ | ᠰᠠᠮᠠᠭᠤᠷᠠᠭᠰᠠᠨ ᠠᠰᠠᠭᠤᠳᠠᠯ ᠢ 18 ᠬᠤᠪᠢ ᠴᠡᠪᠡᠷᠯᠡᠵᠦ᠂ ᠰᠢᠶᠠᠨ ᠤ ᠭᠤᠤᠯ ᠮᠥᠷᠡᠨ ᠤ ᠳᠠᠷᠤᠭ᠎ᠠ ᠶᠢᠨ ᠠᠯᠪᠠᠨ | ᠬᠡᠷ ᠠᠴᠠ ᠭᠤᠤᠯ ᠮᠥᠷᠡᠨ ᠨᠠᠭᠤᠷ ᠴᠥᠭᠦᠷᠥᠮ ᠤᠨ ᠲᠠᠪᠤᠨ ᠳᠤᠷ᠎ᠠ ᠪᠠᠷ ᠢᠶᠠᠨ ᠰᠢᠮᠳᠠᠭᠤᠯᠤᠨ ᠰᠢᠢᠳᠪᠦᠷᠢᠯᠡᠭᠦᠯᠬᠦ | ᠮᠡᠳᠡᠭᠳᠡᠯ ᠤᠨ ᠬᠠᠭᠤᠳᠠᠰᠤ ᠶᠢ 6 ᠬᠤᠪᠢ ᠪᠠᠭᠤᠯᠭᠠᠵᠤ᠂ ᠭᠤᠤᠯ ᠤᠨ ᠵᠠᠮ ᠤᠨ ᠬᠤᠭ ᠨᠣᠪᠰᠢ ᠶᠢ ᠡᠷᠦᠶ ᠬᠤᠷᠤᠶ | ᠥᠬᠡᠶ ᠣᠪᠣᠭᠠᠯᠠᠵᠤ ᠪᠠᠶᠢᠭ᠎ᠠ ᠠᠰᠠᠭᠤᠳᠠᠯ ᠢ 11 ᠬᠤᠪᠢ ᠴᠡᠪᠡᠷᠯᠡᠵᠦ᠂ 2022 ᠣᠨ ᠤ 4 ᠰᠠᠷ᠎ᠠ ᠠᠴᠠ 3 | ᠰᠠᠷ᠎ᠠ ᠶᠢᠨ ᠬᠤᠭᠤᠴᠠᠭ᠎ᠠ ᠲᠠᠢ ᠭᠤᠤᠯ ᠮᠥᠷᠡᠨ ᠨᠠᠭᠤᠷ ᠴᠥᠭᠦᠷᠥᠮ ᠢ ᠴᠡᠪᠡᠷᠯᠡᠬᠦ ᠬᠠᠪᠤᠷ ᠤᠨ ᠤᠯᠠᠷᠢᠯ ᠤᠨ | ᠠᠵᠢᠯᠯᠠᠭ᠎ᠠ ᠶᠢ ᠥᠷᠨᠢᠭᠦᠯᠪᠡ᠃ ︽ᠳᠡᠯᠡᠬᠡᠢ ᠶᠢᠨ ᠤᠰᠤᠨ ᠤ ᠡᠳᠦᠷ︾᠂ ︽ᠳᠤᠮᠳᠠᠳᠤ ᠤᠯᠤᠰ ᠤᠨ ᠤᠰᠤᠨ ᠤ | ᠭᠠᠷᠠᠭ︾ ᠢ ᠳᠤᠷᠠᠰᠬᠠᠬᠤ ᠬᠤᠭᠤᠴᠠᠭᠠᠨ ᠳᠤ᠂ ᠮᠠᠨ ᠤ ᠰᠢᠶᠠᠨ ᠤ ᠡᠯ᠎ᠡ ᠱᠠᠲᠤᠨ ᠤ ᠭᠤᠣᠯ ᠮᠥᠷᠡᠨ ᠤ | ᠳᠠᠷᠤᠭ᠎ᠠ ᠶᠢᠨ ᠠᠯᠪᠠᠨ ᠭᠡᠷ ︽ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠢ ᠶᠢᠨ ᠣᠷᠴᠢᠨ ᠲᠣᠭᠤᠷᠢᠨ ᠢ | ᠰᠡᠷᠭᠦᠭᠡᠵᠦ᠂ ᠭᠤᠣᠯ ᠮᠥᠷᠡᠨ ᠨᠠᠭᠤᠷ ᠴᠥᠭᠦᠷᠥᠮ ᠤᠨ ᠡᠷᠡᠭᠦᠯ ᠡᠩᠬᠡ ᠠᠮᠢ ᠨᠠᠰᠤ ᠶᠢ ᠬᠠᠮᠠᠭᠠᠯᠠᠬᠤ︾ ᠭᠤᠣᠯ | ᠰᠡᠳᠦᠪ ᠤᠨ ᠲᠣᠭᠤᠷᠢᠨ ᠳᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠵᠡᠷᠭᠡᠪᠡᠷ ᠬᠦᠴᠦᠯᠡᠵᠦ᠂ | ᠤᠬᠠᠭᠤᠯᠤᠨ ᠳᠠᠶᠢᠴᠢᠯᠠᠬᠤ ᠠᠵᠢᠯ ᠢ ᠶᠡᠬᠡᠪᠡᠷ ᠥᠷᠨᠢᠭᠦᠯᠵᠡᠢ᠃ | | | | |