ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠪᠡ
ᠨᠡᠶᠢᠲᠡᠯᠡᠭᠰᠡᠨ ᠴᠠᠭ᠄
2022/4/24
     ᠮᠠᠨ ᠤ ᠰᠢᠶᠠᠨ ᠤ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠣᠷᠴᠢᠨ ᠲᠣᠭᠤᠷᠢᠨ ᠢ ᠰᠠᠶᠢᠵᠢᠷᠠᠭᠤᠯᠵᠤ ᠂ ᠮᠠᠨ ᠤ ᠰᠢᠶᠠᠨ ᠤ ᠪᠣᠯᠪᠠᠰᠤᠨ ᠰᠢᠶᠠᠨ ᠤ ᠬᠤᠳᠠ ᠶᠢ ᠴᠢᠷᠮᠠᠶᠢᠨ ᠪᠠᠶᠢᠭᠤᠯᠬᠤ ᠳᠤ ᠬᠦᠴᠦᠨ ᠨᠡᠮᠡᠷᠢᠯᠡᠬᠦ ᠶᠢᠨ ᠲᠥᠯᠥᠭᠡ᠂ ᠦᠴᠤᠸᠠᠨ ᠰᠢᠶᠠᠨ ᠤ ᠤᠯᠠᠭᠠᠨ ᠵᠠᠭᠠᠯᠮᠠᠶᠢᠳᠠᠨ ᠤ ᠵᠣᠬᠢᠶᠠᠨ ᠪᠠᠶᠢᠭᠤᠯᠤᠯᠲᠠ ᠤᠢᠢᠷ᠎ᠠ ᠶᠢᠨ ᠡᠳᠦᠷ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠦᠵᠡᠰᠬᠦᠯᠡᠩᠲᠦ ᠰᠠᠶᠢᠬᠠᠨ ᠭᠡᠷ ᠣᠷᠣᠨ ᠢ ᠬᠠᠮᠲᠤᠪᠠᠷ ᠪᠦᠳᠦᠭᠡᠨ ᠪᠠᠶᠢᠭᠤᠯᠵᠠᠢ᠃ 4 ᠰᠠᠷ᠎ᠠ ᠶᠢᠨ 20 ᠤ ᠡᠳᠦᠷ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠬᠢᠨ ᠬᠢᠵᠠᠭᠠᠷ ᠦᠭᠡᠢ ᠶᠡᠭᠡ ᠬᠠᠶᠢᠷ᠎ᠠ ᠶᠢᠨ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠦᠢᠯᠡᠴᠢᠯᠡᠭᠡᠨ ᠤ ᠠᠩᠬᠢ ᠶᠢᠨ 20 ᠭᠠᠷᠤᠢ ᠬᠥᠮᠦᠨ ᠢ ᠵᠣᠬᠢᠶᠠᠨ ᠪᠠᠶᠢᠭᠤᠯᠵᠤ ᠮᠠᠨ ᠤ ᠰᠢᠶᠠᠨ ᠤ ᠶᠢᠨ ᠰᠠᠨ ᠵᠢᠶᠤᠤ ᠶᠢᠨ ᠡᠷᠬᠢᠨ ᠲᠣᠭᠤᠷᠢᠨ ᠳᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠪᠡᠷᠯᠡᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠂ ᠠᠵᠢᠯᠯᠠᠭ᠎ᠠ ᠶᠢᠨ ᠳᠤᠮᠳᠠ ᠂ ᠰᠠᠶᠢᠨ ᠳᠤᠷ᠎ᠠ ᠶᠢᠨ ᠦᠢᠯᠡᠴᠢᠯᠡᠭᠴᠢᠳ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠦᠴᠢᠷ ᠠᠴᠠ ᠠᠶᠤᠬᠤ ᠦᠭᠡᠢ᠂ ᠪᠤᠵᠠᠷ ᠪᠤᠷᠲᠠᠭ ᠠᠴᠠ ᠠᠶᠤᠬᠤ ᠦᠭᠡᠢ᠂ ᠶᠠᠳᠠᠷᠠᠬᠤ ᠠᠴᠠ ᠠᠶᠤᠬᠤ ᠦᠭᠡᠢ ᠵᠣᠷᠢᠭ ᠰᠠᠨᠠᠭ᠎ᠠ ᠶᠢ ᠪᠠᠳᠠᠷᠠᠭᠤᠯᠵᠤ᠂ ᠵᠠᠮ ᠤᠨ ᠬᠤᠶᠠᠷ ᠬᠠᠵᠠᠭᠤ ᠶᠢᠨ ᠴᠠᠭᠠᠨ ᠥᠩᠭᠡᠲᠦ ᠬᠤᠭ ᠨᠣᠪᠰᠢ᠂ ᠬᠤᠭ ᠨᠣᠪᠰᠢ᠂ ᠪᠤᠵᠠᠷ ᠡᠪᠡᠰᠦ ᠶᠢ ᠴᠡᠪᠡᠷᠯᠡᠬᠦ ᠶᠢᠨ ᠬᠠᠮᠲᠤ ᠬᠤᠭ ᠨᠣᠪᠰᠢ ᠶᠢ ᠲᠥᠪᠯᠡᠷᠡᠭᠦᠯᠦᠨ ᠰᠢᠢᠳᠪᠦᠷᠢᠯᠡᠪᠡ᠃      ᠲᠣᠰ ᠤᠳᠠᠭᠠᠨ ᠤ ᠣᠷᠴᠢᠨ ᠠᠬᠤᠶ ᠶᠢᠨ ᠴᠡᠪᠡᠷᠯᠡᠯᠲᠡ ᠶᠢᠨ ᠠᠵᠢᠯᠯᠠᠭ᠎ᠠ ᠨᠢ ᠰᠠᠭᠤᠭᠠᠯᠢ ᠠᠷᠠᠳ ᠤᠨ ᠣᠷᠴᠢᠨ ᠠᠬᠤᠶ ᠶᠢ ᠬᠠᠶᠢᠷᠠᠯᠠᠬᠤ ᠬᠠᠷᠢᠭᠤᠴᠠᠯᠭᠠᠲᠤ ᠤᠬᠠᠮᠰᠠᠷ ᠢ ᠳᠡᠭᠡᠭᠰᠢᠯᠡᠭᠦᠯᠵᠦ᠂ ᠮᠠᠨ ᠤ ᠰᠢᠶᠠᠨ ᠤ ᠠᠯᠲᠠᠨ ᠭᠤᠷᠪᠠᠯᠵᠢᠨ ᠬᠤᠶᠢᠭ ᠤᠨ ᠡᠷᠬᠢᠨ ᠲᠣᠭᠤᠷᠢᠨ ᠤ ᠡᠷᠡᠭᠦᠯ ᠬᠠᠮᠠᠭᠠᠯᠠᠯ ᠤᠨ ᠣᠷᠴᠢᠨ ᠨᠥᠬᠦᠴᠡᠯ ᠢ ᠪᠦᠲᠦᠮᠵᠢᠲᠡᠶ ᠰᠠᠶᠢᠵᠢᠷᠠᠭᠤᠯᠤᠭᠰᠠᠨ ᠪᠠᠶᠢᠨ᠎ᠠ᠂ ᠬᠢᠵᠠᠭᠠᠷ ᠥᠬᠡᠶ ᠰᠠᠶᠢᠨ ᠳᠤᠷ᠎ᠠ ᠶᠢᠨ ᠠᠵᠢᠯᠯᠠᠭᠴᠢᠳ ᠤᠨ ᠪᠦᠯᠬᠦᠮ ᠤᠨ ᠬᠢᠨ ᠲᠣᠰ ᠤᠳᠠᠭᠠᠨ ᠤ ᠠᠵᠢᠯᠯᠠᠭ᠎ᠠ ᠪᠠᠷ ᠲᠣᠬᠢᠶᠠᠯ ᠪᠣᠯᠭᠠᠨ᠂ ᠪᠣᠳᠠᠲᠤ ᠠᠵᠢᠯᠯᠠᠭ᠎ᠠ ᠪᠠᠷ ᠢᠶᠠᠨ ᠮᠠᠨ ᠤ ᠰᠢᠶᠠᠨ ᠤ ᠰᠠᠭᠤᠭᠠᠯᠢ ᠠᠷᠠᠳ ᠤᠨ ᠬᠡᠷ ᠣᠷᠣᠨ ᠢᠶᠠᠨ ᠬᠠᠶᠢᠷᠠᠯᠠᠬᠤ᠂ ᠣᠷᠣᠰᠢᠨ ᠰᠠᠭᠤᠬᠤ ᠣᠷᠴᠢᠨ ᠨᠥᠬᠦᠴᠡᠯ ᠢᠶᠠᠨ ᠰᠠᠶᠢᠵᠢᠷᠠᠭᠤᠯᠬᠤ᠂ ᠣᠷᠴᠢᠨ ᠠᠬᠤᠶ ᠶᠢᠨ ᠬᠠᠮᠠᠭᠠᠯᠠᠯᠲᠠ ᠶᠢᠨ ᠤᠬᠠᠮᠰᠠᠷ ᠢᠶᠠᠨ ᠳᠡᠭᠡᠭᠰᠢᠯᠡᠭᠦᠯᠬᠦ ᠶᠢ ᠰᠠᠨᠠᠭᠠᠴᠢᠯᠠᠵᠠᠶ᠃      ᠣᠷᠴᠢᠨ ᠲᠣᠭᠤᠷᠢᠨ ᠢ ᠬᠠᠮᠠᠭᠠᠯᠠᠬᠤ ᠳᠤ ᠤᠯᠠᠨ ᠢ ᠲᠦᠰᠢᠭᠯᠡᠨ᠎ᠡ᠂ ᠦᠵᠡᠰᠬᠦᠯᠡᠩᠲᠦ ᠰᠠᠶᠢᠬᠠᠨ ᠭᠡᠷ ᠣᠷᠣᠨ ᠢ ᠪᠦᠳᠦᠭᠡᠨ ᠪᠠᠶᠢᠭᠤᠯᠬᠤ ᠳᠤ ᠤᠯᠠᠨ ᠢ ᠲᠦᠰᠢᠭᠯᠡᠨ᠎ᠡ᠂ ᠪᠢᠳᠡ ᠬᠥᠮᠦᠨ ᠪᠣᠯᠭᠠᠨ ᠬᠥᠳᠡᠯᠦᠯᠴᠡᠵᠦ᠂ ᠣᠷᠴᠢᠨ ᠲᠣᠭᠤᠷᠢᠨ ᠢ ᠬᠠᠶᠢᠷᠠᠯᠠᠨ ᠬᠠᠮᠠᠭᠠᠯᠠᠵᠤ᠂ ᠣᠷᠴᠢᠨ ᠲᠣᠭᠤᠷᠢᠨ ᠢ ᠬᠠᠮᠠᠭᠠᠯᠠᠵᠤ᠂ ᠴᠡᠪᠡᠷ ᠴᠡᠮᠴᠡᠭᠡᠷ᠂ ᠦᠵᠡᠰᠬᠦᠯᠡᠩᠲᠦ ᠰᠠᠶᠢᠬᠠᠨ ᠲᠠᠭᠠᠯᠠᠮᠵᠢᠲᠠᠢ ᠦᠴᠤᠸᠠᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠬᠠᠮᠲᠤᠪᠠᠷ ᠡᠭᠦᠳᠦᠨ ᠪᠠᠶᠢᠭᠤᠯᠤᠶ᠎ᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号