ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠷᠪᠠᠳᠤᠭᠠᠷ ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠠᠴᠠ ᠬᠥᠬᠡᠬᠤᠲᠠ ᠳᠤ  ᠰᠢᠢᠳᠪᠦᠷᠢᠯᠡᠭᠦᠯᠬᠦ ᠪᠠᠷ ᠲᠤᠰᠢᠶᠠᠭᠰᠠᠨ ᠠᠷᠪᠠ ᠶᠢᠰᠦᠳᠦᠭᠡᠷ ᠪᠦᠯᠦᠭ ᠤᠨ 13 ᠬᠤᠪᠢ ᠣᠯᠠᠨ ᠲᠦᠮᠡᠨ ᠤ ᠵᠠᠬᠢᠳᠠᠯ ᠰᠣᠷᠪᠤᠯᠵᠢᠯᠠᠭ᠎ᠠ ᠪᠠᠷ ᠢᠯᠡᠴᠢᠯᠡᠨ  ᠮᠡᠳᠡᠭᠦᠯᠦᠭᠰᠡᠨ ᠬᠡᠷᠡᠭ ᠢ ᠰᠢᠢᠳᠪᠦᠷᠢᠯᠡᠭᠰᠡᠨ ᠪᠠᠶᠢᠳᠠᠯ
ᠨᠡᠶᠢᠲᠡᠯᠡᠭᠰᠡᠨ ᠴᠠᠭ᠄
2022/4/24
      ︵ᠰᠤᠷᠪᠤᠯᠵᠢᠯᠠᠭᠴᠢ ᠯᠢᠦ ᠵᠢᠶᠦ᠋ᠨ︶ 3 ᠳ᠋ᠤᠭᠠᠷ ᠰᠠᠷ᠎ᠠ ᠶᠢᠨ 26 ᠤ ᠡᠳᠦᠷ ᠠᠴᠠ 4 ᠳ᠋ᠤᠭᠡᠷ ᠰᠠᠷ᠎ᠠ ᠶᠢᠨ 22 ᠤᠨ ᠡᠳᠦᠷ ᠪᠣᠯᠲᠠᠯ᠎ᠠ᠂ ᠲᠥᠪ ᠤᠨ ᠠᠮᠢ  ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠷᠪᠠᠳᠤᠭᠠᠷ ᠰᠢᠮᠳᠠᠭᠤᠯᠤᠨ ᠪᠠᠶᠢᠴᠠᠭᠠᠬᠤ ᠳᠤᠭᠤᠶᠢᠯᠠᠩ ︵ᠳᠣᠷᠣᠭᠰᠢ ︽ᠲᠥᠪ ᠤᠨ ᠰᠢᠮᠳᠠᠭᠤᠯᠤᠨ  ᠪᠠᠶᠢᠴᠠᠭᠠᠬᠤ ᠳᠤᠭᠤᠶᠢᠯᠠᠩ︾ ᠭᠡᠵᠦ ᠲᠣᠪᠴᠢᠯᠠᠨ᠎ᠠ︶ ᠠᠴᠠ ᠮᠠᠨ ᠤ ᠬᠤᠲᠠ ᠳᠤ 28 ᠪᠦᠯᠦᠭ ᠤᠨ ᠨᠡᠶᠢᠲᠡ 374 ᠬᠤᠪᠢ ︵ᠤᠲᠠᠰᠤ ᠪᠠᠷ ᠢᠯᠡᠴᠢᠯᠡᠨ  ᠮᠡᠳᠡᠭᠦᠯᠦᠭᠰᠡᠨ ᠨᠢ 206 ᠬᠤᠪᠢ᠂ ᠴᠠᠬᠢᠯᠭᠠᠨ ᠬᠤᠯᠪᠣᠭ᠎ᠠ ᠪᠠᠷ ᠢᠯᠡᠴᠢᠯᠡᠨ ᠮᠡᠳᠡᠭᠦᠯᠦᠭᠰᠡᠨ ᠨᠢ 168 ᠬᠤᠪᠢ︶ ᠢᠯᠡᠴᠢᠯᠡᠨ ᠮᠡᠳᠡᠭᠦᠯᠦᠭᠰᠡᠨ ᠬᠡᠷᠡᠭ ᠢ  ᠰᠢᠢᠳᠪᠦᠷᠢᠯᠡᠭᠦᠯᠬᠦ ᠪᠠᠷ ᠲᠤᠰᠢᠶᠠᠪᠠ᠃    4 ᠳ᠋ᠤᠭᠡᠷ ᠰᠠᠷ᠎ᠠ ᠶᠢᠨ 13 ᠤ ᠡᠳᠦᠷ᠂ ᠲᠥᠪ ᠤᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠠᠴᠠ ᠮᠠᠨ ᠤ ᠬᠤᠲᠠ ᠳᠤ ᠠᠷᠪᠠ ᠶᠢᠰᠦᠳᠦᠭᠡᠷ  ᠪᠦᠯᠦᠭ ᠤᠨ 13 ᠬᠤᠪᠢ ︵ᠤᠳᠠᠰᠤ ᠪᠠᠷ ᠢᠯᠡᠴᠢᠯᠡᠨ ᠮᠡᠳᠡᠭᠦᠯᠦᠭᠰᠡᠨ ᠨᠢ 6 ᠬᠤᠪᠢ᠂ ᠴᠠᠬᠢᠯᠭᠠᠨ ᠬᠤᠯᠪᠣᠭ᠎ᠠ ᠪᠠᠷ ᠢᠯᠡᠴᠢᠯᠡᠨ ᠮᠡᠳᠡᠭᠦᠯᠦᠭᠰᠡᠨ ᠨᠢ 7  ᠬᠤᠪᠢ︶ ᠢᠯᠡᠴᠢᠯᠡᠨ ᠮᠡᠳᠡᠭᠦᠯᠦᠭᠰᠡᠨ ᠬᠡᠷᠡᠭ ᠢ ᠰᠢᠢᠳᠪᠦᠷᠢᠯᠡᠭᠦᠯᠬᠦ ᠪᠠᠷ ᠲᠤᠰᠢᠶᠠᠪᠠ᠂ ᠲᠥᠪ ᠤᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠠᠵᠢᠯ ᠤᠨ  ᠱᠠᠭᠠᠷᠳᠠᠯᠭ᠎ᠠ ᠶᠣᠰᠣᠭᠠᠷ᠂ ᠪᠥᠬᠦ ᠬᠤᠲᠠ ᠶᠢᠨ ᠬᠢᠨ ᠨᠢᠭᠡᠨᠲᠡ ᠠᠷᠪᠠ ᠶᠢᠰᠦᠳᠦᠭᠡᠷ ᠪᠦᠯᠦᠭ ᠤᠨ 13 ᠬᠤᠪᠢ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ  ᠪᠠᠶᠢᠴᠠᠭᠠᠨ ᠰᠢᠢᠳᠪᠦᠷᠢᠯᠡᠪᠡ᠃ ᠣᠲᠣ ᠪᠣᠯᠲᠠᠯ᠎ᠠ᠂ 6 ᠬᠡᠷᠡᠭ  ᠢ ᠨᠢᠭᠡᠨᠲᠡ ᠰᠢᠢᠳᠪᠦᠷᠢᠯᠡᠵᠦ ᠳᠠᠭᠤᠰᠬᠠᠨ᠂ 6 ᠬᠡᠷᠡᠭ ᠢ ᠱᠠᠲᠤ ᠦᠶ᠎ᠡ  ᠶᠢᠨ ᠴᠢᠨᠠᠷᠲᠠᠢ ᠪᠠᠷ  ᠰᠢᠢᠳᠪᠦᠷᠢᠯᠡᠵᠦ ᠳᠠᠭᠤᠰᠬᠠᠨ᠂ 1 ᠬᠡᠷᠡᠭ  ᠢ ᠰᠢᠢᠳᠪᠦᠷᠢᠯᠡᠵᠦ ᠳᠠᠭᠤᠰᠬᠠᠭᠠᠳᠤᠢ᠂ 4 ᠶᠢ ᠨᠢ ᠵᠠᠷᠯᠢᠭᠳᠠᠨ ᠴᠡᠭᠴᠡᠯᠡᠨ ᠰᠠᠶᠢᠵᠢᠷᠠᠭᠤᠯᠵᠤ᠂ 2 ᠢ ᠨᠢ ᠬᠡᠷᠡᠭ  ᠪᠣᠯᠭᠠᠨ ᠳᠠᠩᠰᠠᠯᠠᠨ ᠰᠢᠢᠳᠬᠡᠵᠦ᠂ 25000 ᠲᠥᠭᠦᠷᠢᠭ ᠲᠣᠷᠭᠠᠪᠠ᠃          4 ᠳ᠋ᠤᠭᠡᠷ ᠰᠠᠷ᠎ᠠ ᠶᠢᠨ 22 ᠤᠨ ᠡᠳᠦᠷ ᠪᠣᠯᠲᠠᠯ᠎ᠠ᠂ ᠪᠥᠬᠦ ᠬᠤᠲᠠ ᠶᠢᠨ ᠬᠢᠨ 1 ︱ 19 ᠳ᠋ᠦ᠋ᠭᠡᠷ ᠪᠦᠯᠦᠭ ᠤᠨ ᠨᠡᠶᠢᠲᠡ 240 ᠬᠤᠪᠢ ᠵᠠᠬᠢᠳᠠᠯ  ᠰᠣᠷᠪᠤᠯᠵᠢᠯᠠᠭ᠎ᠠ ᠶᠢᠨ ᠬᠡᠷᠡᠭ ᠢ ᠪᠠᠶᠢᠴᠠᠭᠠᠨ ᠰᠢᠢᠳᠪᠦᠷᠢᠯᠡᠪᠡ᠂ ᠡᠭᠦᠨ ᠳᠤ 96 ᠬᠤᠪᠢ ᠶᠢ ᠨᠢ ᠨᠢᠭᠡᠨᠲᠡ ᠰᠢᠢᠳᠪᠦᠷᠢᠯᠡᠨ ᠳᠠᠭᠤᠰᠬᠠᠵᠤ᠂ 93 ᠬᠤᠪᠢ ᠶᠢ ᠨᠢ  ᠱᠠᠲᠤ ᠦᠶ᠎ᠡ ᠶᠢᠨ ᠴᠢᠨᠠᠷᠲᠠᠢ ᠪᠠᠷ ᠰᠢᠢᠳᠪᠦᠷᠢᠯᠡᠨ ᠳᠠᠭᠤᠰᠬᠠᠵᠤ᠂ 51 ᠬᠤᠪᠢ ᠶᠢ ᠨᠢ ᠰᠢᠢᠳᠪᠦᠷᠢᠯᠡᠵᠦ ᠳᠠᠭᠤᠰᠬᠠᠭᠠᠳᠤᠢ᠂ 28 ᠶᠢ  ᠨᠢ ᠵᠠᠷᠯᠢᠭᠳᠠᠵᠤ  ᠴᠡᠭᠴᠡᠯᠡᠨ ᠰᠠᠶᠢᠵᠢᠷᠠᠭᠤᠯᠵᠤ᠂ 11 ᠶᠢ ᠨᠢ ᠬᠡᠷᠡᠭ ᠪᠣᠯᠭᠠᠨ ᠳᠡᠩᠰᠡᠯᠡᠨ ᠰᠢᠢᠳᠬᠡᠵᠦ᠂ 45.2258 ᠲᠦᠮᠡᠨ ᠲᠥᠭᠦᠷᠢᠭ ᠤᠨ ᠵᠣᠭᠤᠰ ᠢᠶᠠᠷ ᠲᠣᠷᠭᠠᠵᠤ᠂ 2   ᠢ ᠨᠢ ᠬᠡᠷᠡᠭ ᠪᠣᠯᠭᠠᠨ ᠳᠡᠩᠰᠡᠯᠡᠵᠦ ᠲᠠᠩᠨᠠᠨ ᠪᠠᠶᠢᠴᠠᠭᠠᠵᠤ᠂ 2 ᠨᠢᠭᠡᠴᠡ᠂ 13 ᠬᠥᠮᠥᠨ ᠠᠴᠠ ᠬᠠᠷᠢᠭᠤᠴᠠᠯᠭ᠎ᠠ ᠨᠡᠬᠡᠮᠵᠢᠯᠡᠵᠦ᠂ 11 ᠬᠥᠮᠥᠨ ︵ᠡᠭᠦᠨ ᠳᠤ  1 ᠬᠥᠮᠥᠨ ᠳᠤ ᠵᠠᠰᠠᠭ ᠵᠠᠬᠢᠷᠭᠠᠨ ᠤ ᠰᠠᠭᠠᠲᠠᠭᠠᠨ ᠦᠯᠡᠳᠡᠭᠡᠬᠦ ᠠᠷᠭ᠎ᠠ ᠬᠡᠮᠵᠢᠶ᠎ᠡ ᠠᠪᠴᠠᠢ︶ ᠢ ᠬᠡᠷᠡᠭ ᠪᠣᠯᠭᠠᠨ ᠳᠠᠩᠰᠠᠯᠠᠨ ᠬᠢᠨᠠᠵᠤ ᠪᠠᠶᠢᠴᠠᠭᠠᠵᠤ᠂ 11  ᠬᠥᠮᠥᠨ ᠢ ᠬᠡᠷᠡᠭ ᠪᠣᠯᠭᠠᠨ ᠳᠠᠩᠰᠠᠯᠠᠵᠤ ᠲᠠᠩᠨᠠᠨ ᠪᠠᠶᠢᠴᠠᠭᠠᠵᠤ ᠡᠷᠡᠭᠦᠦ ᠶᠢᠨ ᠬᠡᠷᠡᠭ ᠢᠶᠠᠷ ᠲᠦᠷ ᠬᠤᠷᠢᠪᠠ᠃          ᠬᠤᠯᠪᠣᠭᠳᠠᠯ ᠪᠦᠬᠦᠢ ᠬᠡᠷᠡᠭ ᠢ ᠦᠷᠭᠦᠯᠵᠢᠯᠡᠨ ᠲᠥᠪ ᠤᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠰᠢᠮᠳᠠᠭᠤᠯᠤᠨ ᠪᠠᠶᠢᠴᠠᠭᠠᠬᠤ ᠶᠢᠨ ᠳᠠᠭᠠᠤ  ᠴᠡᠭᠴᠡᠯᠡᠨ ᠰᠠᠶᠢᠵᠢᠷᠠᠭᠤᠯᠬᠤ ᠠᠵᠢᠯ ᠤᠨ ᠱᠠᠭᠠᠷᠳᠠᠯᠭ᠎ᠠ ᠶᠣᠰᠣᠭᠠᠷ ᠪᠠᠶᠢᠴᠠᠭᠠᠨ ᠰᠢᠢᠳᠪᠦᠷᠢᠯᠡᠵᠦ ᠴᠡᠭᠴᠡᠯᠡᠨ ᠰᠠᠶᠢᠵᠢᠷᠠᠭᠤᠯᠤᠨ᠎ᠠ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号