ᠬᠥᠬᠡᠬᠤᠲᠠ ᠵᠠᠰᠠᠭ ᠠᠯᠪᠠᠨ ᠥᠰᠥᠭ ︹2022︺ 22 ᠳ᠋ᠤᠭᠠᠷ ᠲᠣᠭᠠᠲᠤ | 2022 ᠣᠨ ᠤ 3 ᠳ᠋ᠤᠭᠠᠷ ᠰᠠᠷ᠎ᠠ ᠶᠢᠨ 11 ᠤ ᠡᠳᠦᠷ | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠲᠠ ᠶᠢᠨ ᠬᠠᠷᠢᠶ᠎ᠠ ᠡᠯ᠎ᠡ ᠤᠯᠤᠰ ᠤᠨ ᠥᠮᠴᠢᠯᠡᠯᠲᠦ ᠠᠵᠤ | ᠠᠬᠤᠶᠢᠯᠠᠯ ᠳᠤ᠄ | ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠬᠦᠬᠡᠬᠤᠲᠠ ᠶᠢᠨ | ᠬᠢᠵᠢᠭ ᠤᠨ ᠪᠠᠶᠢᠳᠠᠯ ᠤᠨ ᠨᠥᠯᠥᠭᠡ ᠶᠢ ᠠᠷᠭᠠᠴᠠᠨ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠵᠦ | ᠳᠠᠷᠤᠭᠠᠰᠤ ᠶᠢ ᠬᠥᠩᠭᠡᠷᠡᠭᠦᠯᠬᠦ ᠠᠷᠭ᠎ᠠ ᠬᠡᠮᠵᠢᠶ᠎ᠡ ᠨᠦᠭᠦᠳ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠨᠠᠷᠢᠨ ᠬᠢᠨᠠᠮᠠᠭᠠᠢ ᠰᠠᠶᠢᠲᠤᠷ ᠠᠳᠬᠤᠲᠤᠭᠠᠢ᠃ | ᠬᠥᠬᠡᠬᠤᠲᠠ ᠶᠢᠨ ᠬᠢᠵᠢᠭ ᠤᠨ ᠪᠠᠶᠢᠳᠠᠯ ᠤᠨ ᠨᠥᠯᠥᠭᠡ ᠶᠢ ᠠᠷᠭᠠᠴᠠᠨ ᠠᠵᠤ ᠠᠬᠤᠶᠢᠯᠠᠯ ᠤᠨ ᠬᠦᠴᠢᠷᠳᠡᠯ ᠢ | ᠰᠢᠢᠳᠪᠦᠷᠢᠯᠡᠵᠦ ᠳᠠᠷᠤᠭᠠᠰᠤ ᠶᠢ ᠬᠥᠩᠭᠡᠷᠡᠭᠦᠯᠬᠦ ᠠᠷᠭ᠎ᠠ ᠬᠡᠮᠵᠢᠶ᠎ᠡ ᠨᠦᠭᠦᠳ | ᠨᠢᠭᠡ᠂ ᠬᠤᠳᠠ ᠪᠠᠯᠭᠠᠰᠤ ᠶᠢᠨ ᠭᠠᠵᠠᠷ ᠰᠢᠷᠣᠢ ᠬᠡᠷᠡᠭᠯᠡᠬᠦ ᠭᠠᠶᠢᠯᠢ ᠶᠢ ᠬᠠᠰᠤᠵᠤ ᠬᠡᠯᠲᠦᠷᠢᠭᠦᠯᠦᠨ᠎ᠡ ᠬᠤᠲᠠ | ᠪᠠᠯᠭᠠᠰᠤ ᠶᠢᠨ ᠭᠠᠵᠠᠷ ᠰᠢᠷᠣᠢ ᠬᠡᠷᠡᠭᠯᠡᠬᠦ ᠭᠠᠶᠢᠯᠢ ᠲᠤᠰᠢᠶᠠᠵᠤ ᠪᠠᠶᠢᠭ᠎ᠠ ᠢᠳᠡᠭᠡᠨ ᠤᠮᠳᠠᠭᠠᠨ ᠤ ᠦᠢᠯᠡᠰ᠂ ᠵᠠᠮ | ᠬᠠᠷᠢᠯᠴᠠᠭ᠎ᠠ ᠲᠡᠭᠡᠭᠡᠪᠦᠷᠢ ᠶᠢᠨ ᠦᠢᠯᠡᠰ᠂ ᠬᠤᠨᠤᠭ ᠪᠠᠭᠤᠳᠠᠯ ᠤᠨ ᠦᠢᠯᠡᠰ᠂ ᠵᠢᠭᠤᠯᠴᠢᠯᠠᠯ ᠤᠨ ᠦᠢᠯᠡᠰ ᠤᠨ | ᠭᠠᠶᠢᠯᠢ ᠲᠤᠰᠢᠶᠠᠭᠴᠢ ᠦᠨᠡᠨᠬᠦ ᠬᠦᠴᠢᠷᠳᠡᠯ ᠲᠠᠢ ᠪᠠᠶᠢᠪᠠᠯ᠂ ︽ᠬᠤᠲᠠ ᠪᠠᠯᠭᠠᠰᠤ ᠶᠢᠨ ᠭᠠᠵᠠᠷ ᠰᠢᠷᠣᠢ ᠬᠡᠷᠡᠭᠯᠡᠬᠦ | ᠭᠠᠶᠢᠯᠢ ᠶᠢᠨ ᠬᠦᠴᠢᠷᠳᠡᠯ ᠢ ᠬᠠᠰᠤᠵᠤ ᠬᠡᠯᠲᠦᠷᠢᠭᠦᠯᠬᠦ ᠬᠠᠮᠢᠶᠠᠷᠤᠯᠲᠠ ᠶᠢᠨ ᠠᠷᠭ᠎ᠠ︾ ︵ᠤᠯᠤᠰ ᠤᠨ ᠭᠠᠶᠢᠯᠢ ᠶᠢᠨ | ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ | ᠶᠠᠪᠤᠳᠠᠯ ᠤᠨ ᠲᠣᠪᠴᠢᠶ᠎ᠠ ᠶᠢᠨ ᠠᠯᠪᠠᠨ ᠵᠠᠷ 2022 ᠣᠨ ᠤ 1 ᠳ᠋ᠦ᠋ᠭᠡᠷ ᠲᠣᠭᠠᠲᠤ︶ ᠶᠢᠨ ᠲᠣᠭᠲᠠᠭᠠᠯ ᠢ | ᠦᠨᠳᠦᠰᠦᠯᠡᠨ᠂ 2022 ᠣᠨ ᠤ 3 ᠳ᠋ᠤᠭᠠᠷ ᠰᠠᠷ᠎ᠠ ᠠᠴᠠ 5 ᠳ᠋ᠤᠭᠠᠷ ᠰᠠᠷ᠎ᠠ ᠶᠢᠨ ᠬᠤᠲᠠ ᠪᠠᠯᠭᠠᠰᠤ ᠶᠢᠨ ᠭᠠᠵᠠᠷ | ᠰᠢᠷᠣᠢ ᠬᠡᠷᠡᠭᠯᠡᠬᠦ ᠭᠠᠶᠢᠯᠢ ᠶᠢ ᠬᠠᠰᠤᠵᠤ ᠬᠡᠯᠲᠦᠷᠢᠭᠦᠯᠦᠨ᠎ᠡ᠃ | ᠬᠤᠶᠠᠷ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠲᠤᠰᠢᠶᠠᠬᠤ ᠶᠢ | ᠬᠤᠶᠢᠰᠢᠯᠠᠭᠤᠯᠤᠨ᠎ᠠ ᠳᠤᠮᠳᠠ ᠵᠢᠵᠢᠭ ᠪᠢᠴᠢᠯ ᠠᠵᠤ ᠠᠬᠤᠶᠢᠯᠠᠯ ᠨᠢ ᠲᠣᠭᠲᠠᠭᠠᠯ ᠶᠣᠰᠣᠭᠠᠷ ᠣᠷᠣᠨ ᠰᠠᠭᠤᠴᠠ ᠶᠢᠨ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠬᠠᠮᠤᠭ ᠤᠨ ᠤᠳᠠᠭᠠᠨ ᠳᠠᠭᠠᠨ 2022 ᠣᠨ ᠤ 6 ᠳ᠋ᠤᠭᠠᠷ | ᠰᠠᠷ᠎ᠠ ᠶᠢᠨ 30 ᠤ ᠡᠳᠦᠷ ᠪᠣᠯᠲᠠᠯ᠎ᠠ ᠬᠤᠶᠢᠰᠢᠯᠠᠭᠤᠯᠤᠨ ᠲᠤᠰᠢᠶᠠᠬᠤ ᠪᠠᠷ ᠭᠤᠶᠤᠴᠢᠯᠠᠵᠤ ᠪᠣᠯᠣᠨ᠎ᠠ᠂ | ᠬᠤᠶᠢᠰᠢᠯᠠᠭᠤᠯᠤᠨ ᠲᠤᠰᠢᠶᠠᠬᠤ ᠬᠤᠭᠤᠴᠠᠭᠠᠨ ᠳᠤ ᠲᠤᠰᠢᠶᠠᠨ ᠬᠠᠳᠠᠭᠠᠯᠠᠭᠤᠯᠤᠭᠰᠠᠨ ᠴᠠᠭ ᠢ ᠦᠷᠭᠦᠯᠵᠢᠯᠡᠭᠦᠯᠦᠨ | ᠪᠣᠳᠣᠵᠤ᠂ ᠠᠵᠢᠯᠲᠠᠨ ᠠᠵᠢᠯᠴᠢᠨ ᠤ ᠬᠡᠪ ᠤᠨ ᠶᠣᠰᠣᠭᠠᠷ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠪᠠᠨ ᠭᠠᠷᠭᠠᠨ ᠠᠪᠬᠤ ᠪᠠ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠭᠤᠶᠤᠴᠢᠯᠠᠬᠤ ᠶᠢ ᠨᠥᠯᠥᠭᠡᠯᠡᠬᠦ ᠦᠭᠡᠢ᠃ | ᠭᠤᠷᠪᠠ᠂ ᠬᠡᠰᠡᠭ ᠭᠠᠶᠢᠯᠢ ᠰᠦᠢᠳᠬᠡᠯ ᠲᠤᠰᠢᠶᠠᠬᠤ ᠶᠢ ᠬᠤᠶᠢᠰᠢᠯᠠᠭᠤᠯᠤᠨ᠎ᠠ ︽ᠦᠶ᠋ᠯᠡᠳᠬᠦ ᠦᠢᠯᠡᠰ ᠤᠨ | ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠡᠰᠡᠭ ᠭᠠᠶᠢᠯᠢ ᠰᠦᠢᠳᠬᠡᠯ ᠢ ᠬᠤᠶᠢᠰᠢᠯᠠᠭᠤᠯᠤᠨ ᠲᠤᠰᠢᠶᠠᠬᠤ | ᠬᠤᠯᠪᠣᠭᠳᠠᠯ ᠪᠦᠬᠦᠢ ᠵᠦᠢᠯᠡᠰ ᠢ ᠦᠷᠭᠦᠯᠵᠢᠯᠡᠨ ᠬᠡᠷᠡᠭᠵᠢᠭᠦᠯᠬᠦ ᠲᠤᠬᠠᠢ ᠤᠯᠤᠰ ᠤᠨ ᠭᠠᠶᠢᠯᠢ ᠶᠢᠨ ᠶᠠᠪᠤᠳᠠᠯ ᠤᠨ | ᠶᠡᠷᠦᠩᠬᠡᠢ ᠲᠣᠪᠴᠢᠶ᠎ᠠ ᠡᠳ᠋ ᠤᠨ ᠵᠠᠰᠠᠭ ᠤᠨ ᠶᠠᠮᠤᠨ ᠤ ᠠᠯᠪᠠᠨ ᠵᠠᠷ︾ ︵ᠤᠯᠤᠰ ᠤᠨ ᠭᠠᠶᠢᠯᠢ ᠶᠢᠨ ᠶᠠᠪᠤᠳᠠᠯ ᠤᠨ | ᠶᠡᠷᠦᠩᠬᠡᠢ ᠲᠣᠪᠴᠢᠶ᠎ᠠ ᠡᠳ᠋ ᠤᠨ ᠵᠠᠰᠠᠭ ᠤᠨ ᠶᠠᠮᠤᠨ ᠤ ᠠᠯᠪᠠᠨ ᠵᠠᠷ 2022 ᠣᠨ ᠤ 2 ᠳ᠋ᠤᠭᠠᠷ ᠲᠣᠭᠠᠲᠤ︶ ᠢ | ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠶ᠋ᠯᠡᠳᠬᠦ ᠦᠢᠯᠡᠰ ᠤᠨ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ | 2021 ᠣᠨ ᠤ ᠳᠥᠷᠪᠡᠳᠦᠭᠡᠷ ᠤᠯᠠᠷᠢᠯ ᠤᠨ ᠬᠡᠰᠡᠭ ᠭᠠᠶᠢᠯᠢ ᠰᠦᠢᠳᠬᠡᠯ ᠢ ᠬᠤᠶᠢᠰᠢᠯᠠᠭᠤᠯᠤᠨ ᠲᠤᠰᠢᠶᠠᠬᠤ | ᠲᠥᠷᠥ ᠶᠢᠨ ᠪᠣᠳᠣᠯᠭ᠎ᠠ ᠶᠢ ᠬᠡᠷᠡᠭᠵᠢᠬᠦᠯᠵᠦ᠂ ᠬᠤᠶᠢᠰᠢᠯᠠᠭᠤᠯᠤᠨ ᠲᠤᠰᠢᠶᠠᠬᠤ ᠬᠤᠭᠤᠴᠠᠭ᠎ᠠ ᠶᠢ ᠦᠷᠭᠦᠯᠵᠢᠯᠡᠨ 6 | ᠰᠠᠷ᠎ᠠ ᠤᠷᠲᠤᠳᠬᠠᠨ᠎ᠠ︔ 2022 ᠣᠨ ᠤ ᠨᠢᠭᠡᠳᠦᠭᠡᠷ ᠤᠯᠠᠷᠢᠯ᠂ ᠬᠤᠶᠠᠳᠤᠭᠠᠷ ᠤᠯᠠᠷᠢᠯ ᠤᠨ ᠬᠡᠰᠡᠭ ᠭᠠᠶᠢᠯᠢ | ᠰᠦᠢᠳᠬᠡᠯ ᠲᠤᠰᠢᠶᠠᠬᠤ ᠶᠢ ᠬᠤᠶᠢᠰᠢᠯᠠᠭᠤᠯᠵᠤ᠂ ᠬᠤᠶᠢᠰᠢᠯᠠᠭᠤᠯᠬᠤ ᠬᠤᠭᠤᠴᠠᠭ᠎ᠠ ᠶᠢ 6 ᠰᠠᠷ᠎ᠠ ᠪᠠᠷ ᠬᠢᠵᠠᠭᠠᠷᠯᠠᠨ᠎ᠠ᠃ | | ᠳᠥᠷᠪᠡ᠂ ᠤᠰᠤᠨ ᠤ ᠰᠦᠢᠳᠬᠡᠯ ᠰᠢᠲᠠᠮᠠᠬᠠᠢ ᠬᠡᠢ ᠶᠢᠨ ᠰᠦᠢᠳᠬᠡᠯ ᠲᠤᠰᠢᠶᠠᠬᠤ ᠶᠢ ᠬᠤᠶᠢᠰᠢᠯᠠᠭᠤᠯᠤᠨ᠎ᠠ | ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠤ ᠤᠰᠤᠨ ᠤ ᠰᠦᠢᠳᠬᠡᠯ ᠰᠢᠲᠠᠮᠠᠬᠠᠢ ᠬᠡᠢ ᠶᠢᠨ ᠰᠦᠢᠳᠬᠡᠯ ᠢ | ᠲᠣᠭᠲᠠᠭᠰᠠᠨ ᠬᠤᠭᠤᠴᠠᠭᠠᠨ ᠳᠠᠭᠠᠨ ᠲᠤᠰᠢᠶᠠᠵᠤ ᠳᠡᠶᠢᠯᠬᠦ ᠦᠭᠡᠢ ᠳᠤᠮᠳᠠ ᠵᠢᠵᠢᠭ ᠪᠢᠴᠢᠯ ᠠᠵᠤ ᠠᠬᠤᠶᠢᠯᠠᠯ ᠨᠢ | ᠤᠰᠤ ᠰᠢᠲᠠᠮᠠᠬᠠᠢ ᠬᠡᠢ ᠶᠢᠨ ᠬᠠᠩᠭᠠᠯᠭ᠎ᠠ ᠶᠢᠨ ᠠᠵᠤ ᠠᠬᠤᠶᠢᠯᠠᠯ ᠳᠤ ᠰᠦᠢᠳᠬᠡᠯ ᠢ ᠬᠤᠶᠢᠰᠢᠯᠠᠭᠤᠯᠤᠨ | ᠲᠤᠰᠢᠶᠠᠬᠤ ᠪᠠᠷ ᠭᠤᠶᠤᠴᠢᠯᠠᠵᠤ ᠪᠣᠯᠣᠨ᠎ᠠ᠂ 2022 ᠣᠨ ᠤ 3 ᠳ᠋ᠤᠭᠠᠷ ᠰᠠᠷ᠎ᠠ ᠠᠴᠠ 5 ᠳ᠋ᠤᠭᠠᠷ ᠰᠠᠷ᠎ᠠ ᠪᠣᠯᠲᠠᠯ᠎ᠠ᠂ | ᠬᠠᠮᠤᠭ ᠤᠨ ᠤᠳᠠᠭᠠᠨ ᠳᠠᠭᠠᠨ 3 ᠰᠠᠷ᠎ᠠ ᠠᠴᠠ ᠬᠡᠲᠦᠷᠡᠭᠦᠯᠵᠦ ᠪᠣᠯᠬᠤ ᠦᠭᠡᠢ᠃ ᠰᠦᠢᠳᠬᠡᠯ ᠲᠤᠰᠢᠶᠠᠬᠤ ᠶᠢ | ᠬᠤᠶᠢᠰᠢᠯᠠᠭᠤᠯᠤᠭᠰᠠᠨ ᠬᠤᠭᠤᠴᠠᠭᠠᠨ ᠳᠤ ᠬᠠᠩᠭᠠᠯᠭ᠎ᠠ ᠶᠢ ᠲᠠᠰᠤᠯᠳᠠᠭᠤᠯᠬᠤ ᠦᠭᠡᠢ᠂ ᠬᠤᠭᠤᠴᠠᠭ᠎ᠠ | ᠰᠠᠭᠠᠲᠠᠭᠤᠯᠤᠭᠰᠠᠨ ᠲᠣᠷᠭᠠᠭᠤᠯᠢ ᠶᠢᠨ ᠮᠥᠩᠭᠦ ᠬᠤᠷᠢᠶᠠᠬᠤ ᠦᠭᠡᠢ᠃ | ᠲᠠᠪᠤ᠂ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠭᠡᠷ ᠪᠠᠶᠢᠰᠢᠩ ᠢ | ᠲᠦᠷᠢᠶᠡᠰᠦᠯᠡᠭᠰᠡᠨ ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠦᠨ᠎ᠡ ᠬᠤᠲᠠ᠂ ᠲᠣᠭᠤᠷᠢᠭ ᠤᠨ ᠤᠯᠤᠰ ᠤᠨ | ᠥᠮᠴᠢᠯᠡᠯᠲᠦ ᠠᠵᠤ ᠠᠬᠤᠶᠢᠯᠠᠯ ᠪᠣᠯᠣᠨ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠡᠷᠬᠡ ᠶᠢᠨ | ᠬᠠᠷᠢᠶᠠᠯᠠᠯ ᠲᠠᠢ ᠡᠵᠡᠩᠨᠡᠯᠲᠡ ᠶᠢᠨ ᠴᠢᠨᠠᠷᠲᠠᠢ ᠭᠡᠷ ᠬᠥᠷᠥᠩᠭᠡ ᠵᠢᠴᠢ ᠪᠠᠲᠤᠯᠠᠭ᠎ᠠ ᠶᠢᠨ ᠣᠷᠣᠨ ᠰᠠᠭᠤᠴᠠ ᠳᠤ ᠢᠵᠢ | ᠪᠦᠷᠢᠳᠦᠭᠦᠯᠦᠭᠰᠡᠨ ᠬᠤᠳᠠᠯᠳᠤᠭᠠᠨ ᠳᠤ ᠬᠡᠷᠡᠭᠯᠡᠬᠦ ᠭᠡᠷ ᠪᠠᠶᠢᠰᠢᠩ ᠢ ᠲᠦᠷᠢᠶᠡᠰᠦᠯᠡᠨ ᠦᠢᠯᠡᠳᠪᠦᠷᠢᠯᠡᠯ | ᠡᠵᠡᠩᠨᠡᠯᠲᠡ ᠳᠤ ᠬᠡᠷᠡᠭᠯᠡᠭᠰᠡᠨ ᠮᠥᠷᠲᠡᠭᠡᠨ ᠬᠠᠮᠤᠭ ᠡᠴᠦᠰ ᠤᠨ ᠲᠦᠷᠢᠶᠡᠰᠦᠯᠡᠭᠴᠢ ᠨᠢ ᠤᠯᠤᠰ ᠤᠨ ᠥᠮᠴᠢᠯᠡᠯ ᠤᠨ | ᠪᠤᠰᠤ ᠠᠵᠤ ᠠᠬᠤᠶᠢᠯᠠᠯ ᠪᠣᠯᠣᠨ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠪᠤᠰᠤ ᠳᠤ ᠲᠦᠷᠢᠶᠡᠰᠦᠨ | ᠮᠥᠩᠭᠦ ᠶᠢ ᠬᠠᠰᠤᠵᠤ ᠬᠡᠯᠲᠦᠷᠢᠭᠦᠯᠦᠨ᠎ᠡ᠂ ᠡᠭᠦᠨ ᠳᠤ ᠬᠢᠵᠢᠭ ᠤᠨ ᠪᠠᠶᠢᠳᠠᠯ ᠳᠤ ᠨᠥᠯᠥᠭᠡᠯᠡᠭᠳᠡᠭᠰᠡᠨ | ᠭᠤᠣᠯᠳᠠᠯᠭ᠎ᠠ ᠲᠠᠢ ᠣᠷᠣᠨ ᠪᠦᠰᠡ ︵ᠳᠤᠮᠳᠠ ᠥᠨᠳᠥᠷ ᠲᠦᠭᠰᠢᠭᠦᠷᠢᠲᠡᠢ ᠭᠠᠵᠠᠷ ᠣᠷᠣᠨ ᠵᠢᠴᠢ ᠪᠢᠲᠡᠭᠦᠮᠵᠢᠯᠡᠨ | ᠡᠵᠡᠮᠳᠡᠬᠦ ᠬᠠᠮᠢᠶᠠᠷᠤᠨ ᠡᠵᠡᠮᠳᠡᠬᠦ ᠣᠷᠣᠨ︶ ᠪᠣᠯᠣᠨ ᠬᠢᠵᠢᠭ ᠤᠨ ᠪᠠᠶᠢᠳᠠᠯ ᠳᠤ ᠨᠡᠯᠢᠶᠡᠳ ᠬᠦᠨᠳᠦ ᠨᠥᠯᠥᠭᠡᠯᠡᠭᠳᠡᠭᠰᠡᠨ | ᠪᠠᠭᠤᠳᠠᠯ ᠪᠠ ᠢᠳᠡᠭᠡᠨ ᠤᠮᠳᠠᠭᠠᠨ ᠤ ᠦᠢᠯᠡᠰ᠂ ᠵᠢᠵᠢᠭᠯᠡᠨ ᠬᠤᠳᠠᠯᠳᠤᠬᠤ ᠦᠢᠯᠡᠰ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠦᠢᠯᠡᠰ᠂ ᠰᠣᠶᠣᠯ ᠪᠡᠶ᠎ᠡ ᠶᠢᠨ ᠲᠠᠮᠢᠷ ᠪᠠ ᠵᠤᠭ᠎ᠠ ᠴᠡᠩᠭᠡᠯ ᠤᠨ ᠦᠢᠯᠡᠰ᠂ ᠵᠢᠭᠤᠯᠴᠢᠯᠠᠯ ᠤᠨ | ᠦᠢᠯᠡᠰ ᠵᠢᠴᠢ ᠪᠢᠲᠡᠭᠦᠮᠵᠢᠯᠡᠨ ᠡᠵᠡᠮᠳᠡᠬᠦ ᠬᠠᠮᠢᠶᠠᠷᠤᠨ ᠡᠵᠡᠮᠳᠡᠬᠦ ᠠᠴᠠ ᠪᠣᠯᠵᠤ ᠡᠭᠦᠳᠡ ᠪᠠᠨ ᠬᠠᠭᠠᠭᠰᠠᠨ ᠪᠠ | ᠵᠠᠰᠠᠭ ᠤᠨ ᠣᠷᠳᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠠᠷᠯᠠᠯ ᠤᠨ ᠱᠠᠭᠠᠷᠳᠠᠯᠭ᠎ᠠ ᠪᠠᠷ | ᠡᠵᠡᠩᠨᠡᠯᠲᠡ ᠪᠠᠨ ᠵᠣᠭᠰᠣᠭᠠᠭᠰᠠᠨ ᠠᠵᠤ ᠠᠬᠤᠶᠢᠯᠠᠯ ︵ᠦᠢᠯᠡᠳᠪᠦᠷᠢ ᠬᠤᠳᠠᠯᠳᠤᠭᠠᠨ ᠤ ᠬᠤᠪᠢ ᠶᠢᠨ ᠡᠷᠦᠬᠡ | ᠪᠠᠭᠲᠠᠨ᠎ᠠ︶ ᠳᠤ 3 ᠰᠠᠷ᠎ᠠ ᠶᠢᠨ ᠲᠦᠷᠢᠶᠡᠰᠦᠨ ᠮᠥᠩᠭᠦ ᠶᠢ ᠬᠡᠯᠲᠦᠷᠢᠭᠦᠯᠵᠦ᠂ ᠬᠤᠳᠠ ᠶᠢᠨ ᠬᠠᠷᠢᠶ᠎ᠠ ᠡᠯ᠎ᠡ | ᠤᠯᠤᠰ ᠤᠨ ᠥᠮᠴᠢᠯᠡᠯᠲᠦ ᠠᠵᠤ ᠠᠬᠤᠶᠢᠯᠠᠯ ᠬᠠᠮᠢᠶ᠎ᠠ ᠪᠦᠬᠦᠢ ᠠᠵᠤ ᠠᠬᠤᠶᠢᠯᠠᠯ ᠯᠤᠭ᠎ᠠ ᠲᠦᠷᠢᠶᠡᠰᠦᠨ ᠮᠥᠩᠭᠦ ᠶᠢ | ᠬᠡᠯᠲᠦᠷᠢᠭᠦᠯᠬᠦ ᠭᠡᠷ᠎ᠡ ᠲᠣᠭᠲᠠᠬᠤ ᠶᠢ ᠬᠠᠷᠢᠭᠤᠴᠠᠨ᠎ᠠ᠃ | ᠵᠢᠷᠭᠤᠭ᠎ᠠ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠶᠢ ᠳᠡᠮᠵᠢᠨ᠎ᠡ ᠡᠯ᠎ᠡ ᠲᠥᠷᠥᠯ ᠤᠨ ᠳᠤᠮᠳᠠ ᠵᠢᠵᠢᠭ | ᠪᠢᠴᠢᠯ ᠠᠵᠤ ᠠᠬᠤᠶᠢᠯᠠᠯ ᠤᠨ 2022 ᠣᠨ ᠳᠤ ᠰᠢᠨ᠎ᠡ ᠪᠠᠷ ᠡᠯᠰᠡᠨ ᠬᠡᠷᠡᠭᠯᠡᠭᠰᠡᠨ ᠬᠥᠮᠥᠰ ᠤᠨ ᠨᠡᠶᠢᠭᠡᠮ ᠤᠨ | ᠳᠠᠭᠠᠳᠬᠠᠯ ᠲᠤᠰᠢᠶᠠᠭᠠᠳ ᠪᠦᠬᠦᠯᠢ 6 ᠰᠠᠷ᠎ᠠ ᠪᠣᠯᠣᠭᠰᠠᠨ ᠳᠤ᠂ ᠬᠥᠮᠥᠨ ᠪᠦᠷᠢ ᠳᠤ 500 ᠲᠥᠭᠦᠷᠢᠭ ᠢᠶᠠᠷ ᠠᠵᠤ | ᠠᠬᠤᠶᠢᠯᠠᠯ ᠳᠤ ᠨᠢᠭᠡ ᠤᠳᠠᠭ᠎ᠠ ᠶᠢᠨ ᠴᠢᠨᠠᠷᠲᠠᠢ ᠠᠵᠢᠯ ᠣᠯᠭᠤᠯᠲᠠ ᠶᠢᠨ ᠨᠥᠬᠦᠪᠦᠷᠢ ᠣᠯᠭᠤᠨ᠎ᠠ᠂ ᠲᠥᠷᠥ ᠶᠢᠨ | ᠪᠣᠳᠣᠯᠭ᠎ᠠ ᠶᠢᠨ ᠭᠥᠯᠢᠶᠡᠨ ᠠᠪᠴᠤ ᠰᠢᠢᠳᠪᠦᠷᠢᠯᠡᠬᠦ ᠬᠤᠭᠤᠴᠠᠭ᠎ᠠ ᠨᠢ 2022 ᠣᠨ ᠤ 12 ᠳ᠋ᠤᠭᠠᠷ ᠰᠠᠷ᠎ᠠ ᠶᠢᠨ | 31 ᠤ ᠡᠳᠦᠷ ᠪᠣᠯᠲᠠᠯ᠎ᠠ᠃ ᠠᠵᠤ ᠠᠬᠤᠶᠢᠯᠠᠯ ᠢ ᠢᠳᠡᠪᠬᠢᠲᠡᠢ ᠪᠠᠷ ᠬᠠᠪᠰᠤᠷᠤᠨ ︽ᠠᠵᠢᠯ ᠤᠨ ᠪᠠᠶᠢᠷᠢ ᠳᠠᠭᠠᠨ | ᠪᠤᠴᠠᠬᠤ ᠳᠤ ᠬᠦᠴᠢᠷᠲᠡᠢ︾ ᠪᠠᠶᠢᠬᠤ ᠠᠰᠠᠭᠤᠳᠠᠯ ᠢ ᠨᠢ ᠰᠢᠢᠳᠪᠦᠷᠢᠯᠡᠵᠦ᠂ ᠴᠢᠬᠤᠯᠠ ᠲᠠᠢ ᠦᠶ᠎ᠡ ᠳᠤ ᠬᠠᠷᠢᠶ᠎ᠠ | ᠭᠠᠵᠠᠷ ᠠᠴᠠ ᠲᠡᠷᠭᠡ ᠬᠥᠰᠬᠡ ᠲᠣᠬᠢᠷᠠᠭᠤᠯᠵᠤ ︽ᠴᠡᠭ ᠠᠴᠠ ᠴᠡᠭ ᠲᠤ︾ ᠬᠦᠷᠭᠡᠵᠦ ᠲᠣᠰᠴᠤ ᠪᠣᠯᠣᠨ᠎ᠠ᠃ | ᠳᠣᠯᠤᠭ᠎ᠠ᠂ ᠪᠡᠯᠡ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠪᠠᠭᠤᠷᠠᠭᠤᠯᠤᠨ᠎ᠠ ᠡᠯ᠎ᠡ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠠᠷᠭ᠎ᠠ ᠪᠦᠬᠦᠨ ᠢ ᠰᠦᠪᠡᠭᠴᠢᠯᠡᠨ ᠳᠤᠮᠳᠠ ᠵᠢᠵᠢᠭ ᠠᠵᠤ ᠠᠬᠤᠶᠢᠯᠠᠯ ᠤᠨ ᠪᠡᠯᠡ | ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠪᠠᠭᠤᠷᠠᠭᠤᠯᠬᠤ ᠶᠢ ᠵᠣᠷᠢᠭᠵᠢᠭᠤᠯᠵᠤ᠂ ᠳᠤᠮᠳᠠ ᠵᠢᠵᠢᠭ ᠠᠵᠤ | ᠠᠬᠤᠶᠢᠯᠠᠯ ᠤᠨ 2022 ᠣᠨ ᠤ ᠪᠡᠯᠡ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ 2021 ᠣᠨ ᠤ ᠠᠳᠠᠯᠢ | ᠬᠤᠭᠤᠴᠠᠭᠠᠨ ᠤ ᠬᠢᠷᠢ ᠲᠦᠪᠰᠢᠨ ᠠᠴᠠ ᠥᠨᠳᠥᠷ ᠪᠣᠯᠭᠠᠬᠤ ᠦᠭᠡᠢ ᠶᠢ ᠪᠠᠲᠤᠯᠠᠨ᠎ᠠ᠃ ᠡᠯ᠎ᠡ ᠮᠥᠩᠭᠦᠨ | ᠭᠦᠢᠯᠭᠡᠭᠡᠨ ᠤ ᠪᠠᠶᠢᠭᠤᠯᠤᠮᠵᠢ ᠨᠢ ᠬᠢᠵᠢᠭ ᠤᠨ ᠪᠠᠶᠢᠳᠠᠯ ᠳᠤ ᠨᠥᠯᠥᠭᠡᠯᠡᠭᠳᠡᠭᠰᠡᠨ ᠠᠵᠤ ᠠᠬᠤᠶᠢᠯᠠᠯ ︵ᠠᠵᠤ | ᠦᠢᠯᠡᠳᠪᠦᠷᠢ ᠬᠤᠳᠠᠯᠳᠤᠭᠠᠨ ᠤ ᠬᠤᠪᠢ ᠶᠢᠨ ᠡᠷᠦᠬᠡ ᠪᠠ ᠵᠢᠵᠢᠭ ᠪᠢᠴᠢᠯ ᠠᠵᠤ ᠠᠬᠤᠶᠢᠯᠠᠯ ᠤᠨ ᠡᠵᠡᠨ ᠪᠠᠭᠲᠠᠨ᠎ᠠ︶ | ᠠᠴᠠ ᠰᠣᠬᠤᠷ ᠪᠠᠯᠠᠢ ᠪᠠᠷ ᠵᠢᠭᠡᠯᠡᠯᠭᠡ ᠶᠢ ᠤᠷᠢᠳᠴᠢᠯᠠᠨ ᠪᠣᠴᠠᠭᠠᠯᠭᠠᠬᠤ᠂ ᠵᠢᠭᠡᠯᠡᠯᠭᠡ ᠲᠠᠯᠪᠢᠬᠤ ᠪᠠᠨ | ᠬᠤᠶᠢᠰᠢᠯᠠᠭᠤᠯᠵᠤ᠂ ᠵᠢᠭᠡᠯᠡᠯᠭᠡ ᠪᠠᠨ ᠲᠠᠰᠤᠯᠳᠠᠭᠤᠯᠵᠤ ᠪᠣᠯᠬᠤ ᠦᠭᠡᠢ᠂ ᠵᠢᠯ ᠤᠨ ᠳᠣᠲᠣᠷ᠎ᠠ ᠬᠤᠭᠤᠴᠠᠭ᠎ᠠ ᠨᠢ | ᠲᠤᠯᠬᠤ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢ ᠬᠤᠶᠢᠰᠢᠯᠠᠭᠤᠯᠬᠤ ᠶᠣᠰᠣᠲᠠᠢ ᠶᠢ ᠪᠦᠬᠦᠨ ᠢ | ᠬᠤᠶᠢᠰᠢᠯᠠᠭᠤᠯᠬᠤ ᠬᠡᠷᠡᠭᠲᠡᠢ᠃ ᠵᠠᠰᠠᠭ ᠤᠨ ᠣᠷᠳᠣᠨ᠂ ᠪᠠᠩᠬᠢ᠂ ᠳᠠᠭᠠᠭᠠᠯᠲᠠ ᠶᠢᠨ ᠪᠠᠶᠢᠭᠤᠯᠤᠮᠵᠢ ᠶᠢᠨ ᠭᠦᠨᠵᠡᠭᠡᠢ | ᠬᠠᠮᠲᠤᠷᠠᠯᠴᠠᠭ᠎ᠠ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠴᠢᠨᠠᠷᠲᠠᠢ ᠪᠡᠯᠡ ᠲᠣᠬᠢᠷᠠᠭᠤᠯᠭ᠎ᠠ ᠶᠢᠨ | ᠲᠦᠭᠰᠢᠭᠦᠷᠢ ᠶᠢᠨ ᠨᠥᠬᠦᠪᠦᠷᠢ ᠪᠡᠯᠡ ᠮᠥᠩᠭᠦ᠂ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠨᠥᠬᠦᠪᠦᠷᠢ ᠪᠡᠯᠡ | ᠮᠥᠩᠭᠦ ᠶᠢᠨ ᠲᠥᠷᠥ ᠶᠢᠨ ᠪᠣᠳᠣᠯᠭ᠎ᠠ ᠶᠢᠨ ᠲᠣᠮᠣᠷᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠳᠤᠮᠳᠠ ᠵᠢᠵᠢᠭ ᠠᠵᠤ ᠠᠬᠤᠶᠢᠯᠠᠯ ᠳᠤ ᠵᠢᠭᠡᠯᠡᠯᠭᠡ ᠲᠠᠯᠪᠢᠬᠤ ᠪᠠᠨ ᠨᠡᠮᠡᠭᠳᠡᠭᠦᠯᠬᠦ ᠶᠢ | ᠳᠡᠮᠵᠢᠨ᠎ᠡ᠃ |