ᠦᠴᠤᠸᠠᠨ ᠰᠢᠶᠠᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠰᠢᠷᠭᠤᠯᠵᠢ ᠶᠢᠨ ᠣᠶ ᠰᠢᠭᠤᠶ ᠶᠢᠨ ᠲᠥᠷᠥᠯ ᠵᠦᠢᠯ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠬᠠᠶ ᠮᠡᠳᠡᠭᠦᠯᠦᠯᠲᠡ
ᠨᠡᠶᠢᠲᠡᠯᠡᠭᠰᠡᠨ ᠴᠠᠭ᠄
2022/4/25
ᠬᠥᠬᠡᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠳᠤ᠄      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ︽ᠰᠢᠷᠭᠤᠯᠵᠢ ᠶᠢᠨ ᠣᠶ ᠰᠢᠭᠤᠶ ᠶᠢᠨ ᠲᠥᠷᠥᠯ ᠵᠦᠢᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠪᠥᠬᠦ ᠲᠠᠯ᠎ᠠ ᠪᠠᠷ ᠥᠷᠨᠢᠭᠦᠯᠬᠦ ᠲᠤᠬᠠᠶ ᠮᠡᠳᠡᠭᠳᠡᠯ︾ ᠶᠣᠰᠣᠭᠠᠷ᠂ ᠦᠴᠤᠸᠠᠨ ᠰᠢᠶᠠᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ 2020 ᠣᠨ ᠤ ᠰᠢᠷᠭᠤᠯᠵᠢ ᠶᠢᠨ ᠣᠶ ᠰᠢᠭᠤᠶ ᠶᠢᠨ ᠴᠢᠴᠠᠷᠭᠠᠨ᠎ᠠ ᠶᠢᠨ ᠣᠶᠢᠵᠢᠭᠤᠯᠤᠯᠲᠠ ᠶᠢᠨ ᠲᠥᠷᠥᠯ ᠵᠦᠢᠯ ᠳᠤ ᠭᠤᠷᠪᠠᠨ ᠲᠠᠷᠢᠮᠠᠯ ᠤᠨ ᠺᠣᠮᠫᠠᠨᠢ ᠶᠢᠨ ᠲᠥᠷᠥᠯ ᠵᠦᠢᠯ ᠢ ᠬᠡᠷᠡᠭᠵᠢᠭᠦᠯᠦᠭᠰᠡᠨ ᠪᠠᠶᠢᠳᠠᠯ ᠢ ᠵᠢᠭᠰᠠᠭᠠᠨ ᠪᠠᠶᠢᠴᠠᠭᠠᠬᠤ ᠶᠢᠨ ᠬᠠᠮᠲᠤ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠬᠤ ᠪᠠᠷ ᠱᠠᠭᠠᠷᠳᠠᠪᠠ᠂ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠨᠢ ᠳᠣᠤᠷᠠᠬᠢ ᠮᠡᠲᠦ᠄      1.ᠲᠥᠷᠥᠯ ᠵᠦᠢᠯ ᠳᠤ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠠᠰᠠᠭᠤᠳᠠᠯ᠄ ᠦᠴᠤᠸᠠᠨ ᠰᠢᠶᠠᠨ ᠤ ᠰᠢᠷᠭᠤᠯᠵᠢ ᠶᠢᠨ ᠣᠶ ᠰᠢᠭᠤᠶ ᠶᠢᠨ ᠴᠢᠴᠠᠷᠭᠠᠨ᠎ᠠ ᠶᠢᠨ ᠣᠶᠢᠵᠢᠭᠤᠯᠬᠤ ᠲᠥᠷᠥᠯ ᠵᠦᠢᠯ ᠢ ᠬᠡᠷᠡᠭᠵᠢᠭᠦᠯᠬᠦ ᠶᠢᠨ ᠡᠮᠦᠨ᠎ᠡ ᠬᠤᠭᠤᠴᠠᠭᠠᠨ ᠳᠤ ᠨᠢᠭᠡᠨᠲᠡ ᠭᠠᠴᠠᠭᠠᠨ ᠤ ᠠᠷᠠᠳ ᠤᠨ ᠵᠥᠪᠯᠡᠯ ᠯᠦᠭᠡ ᠠᠭᠯᠠᠭ ᠠᠭᠤᠯᠠ ᠠᠲᠠᠷ ᠭᠠᠵᠠᠷ ᠤᠨ ᠴᠢᠴᠠᠷᠭᠠᠨ᠎ᠠ ᠶᠢ ᠬᠡᠷᠡᠭᠯᠡᠨ ᠣᠶᠢᠵᠢᠭᠤᠯᠬᠤ ᠵᠥᠪᠯᠡᠯᠴᠡᠭᠡᠷ ᠲᠣᠭᠲᠠᠵᠤ᠂ ᠵᠢᠭᠰᠠᠭᠠᠨ ᠪᠠᠶᠢᠴᠠᠭᠠᠬᠤ ᠪᠠᠷ ᠳᠡᠮᠵᠢᠨ ︽ᠰᠢᠷᠭᠤᠯᠵᠢ ᠶᠢᠨ ᠣᠶ︾ ᠶᠢᠨ ᠴᠢᠴᠠᠷᠭᠠᠨ᠎ᠠ ᠶᠢᠨ ᠣᠶᠢᠵᠢᠭᠤᠯᠬᠤ ᠲᠥᠷᠥᠯ ᠵᠦᠢᠯ ᠳᠤ ᠲᠠᠷᠢᠶᠠᠨ ᠭᠠᠵᠠᠷ ᠢ ᠡᠵᠡᠯᠡᠨ ᠬᠡᠷᠡᠭᠯᠡᠭᠰᠡᠨ ᠥᠬᠡᠶ᠃      2.ᠲᠥᠷᠥᠯ ᠵᠦᠢᠯ ᠤᠨ ᠨᠥᠬᠦᠵᠦ ᠳᠠᠷᠢᠬᠤ ᠠᠰᠠᠭᠤᠳᠠᠯ᠄ ᠭᠤᠷᠪᠠᠨ ᠲᠠᠷᠢᠮᠠᠯ ᠤᠨ ᠺᠣᠮᠫᠠᠨᠢ ᠶᠢᠨ ︽ᠰᠢᠷᠭᠤᠯᠵᠢ ᠶᠢᠨ ᠣᠶ︾ ᠶᠢᠨ ᠴᠢᠴᠠᠷᠭᠠᠨ᠎ᠠ ᠶᠢᠨ ᠣᠶᠢᠵᠢᠭᠤᠯᠬᠤ ᠲᠥᠷᠥᠯ ᠵᠦᠢᠯ ᠤᠨ ᠳᠠᠷᠢᠬᠤ ᠲᠠᠯᠠᠪᠠᠶ ᠨᠢ 1818.18 ᠮᠥ᠂ 200 ᠲᠦᠮᠡᠨ ᠨᠦᠬᠡ ᠳᠠᠷᠢᠵᠤ᠂ ᠪᠠᠶᠢᠴᠠᠭᠠᠵᠤ ᠰᠢᠯᠭᠠᠨ ᠠᠪᠬᠤ ᠪᠠᠷ ᠳᠡᠮᠵᠢᠨ ᠳᠤᠮᠳᠠᠴᠢ ᠤᠨᠳᠤᠷᠤᠯᠲᠠ ᠶᠢᠨ ᠨᠣᠷᠮ᠎ᠠ / ᠬᠠᠳᠠᠭᠠᠯᠠᠯᠲᠠ ᠶᠢᠨ ᠨᠣᠷᠮ᠎ᠠ ᠨᠢ 82% ᠪᠠᠶᠢᠵᠤ᠂ ᠤᠨᠳᠤᠷᠤᠯᠲᠠ ᠶᠢᠨ ᠨᠣᠷᠮ᠎ᠠ / ᠬᠠᠳᠠᠭᠠᠯᠠᠯᠲᠠ ᠶᠢᠨ ᠨᠣᠷᠮ᠎ᠠ ᠶᠢ 90% ᠳᠤ ᠬᠦᠷᠦᠭᠦᠯᠬᠦ ᠶᠢᠨ ᠲᠥᠯᠥᠭᠡ᠂ ᠡᠨᠡ ᠵᠢᠯ ᠭᠤᠷᠪᠠᠨ ᠲᠠᠷᠢᠮᠠᠯ ᠤᠨ ᠺᠣᠮᠫᠠᠨᠢ ᠴᠢᠴᠠᠷᠭᠠᠨ᠎ᠠ ᠶᠢᠨ 38.4 ᠲᠦᠮᠡᠨ ᠨᠦᠬᠡ ᠨᠥᠬᠦᠵᠦ ᠳᠠᠷᠢᠬᠤ ᠪᠠᠷ ᠲᠥᠯᠥᠪᠯᠡᠵᠦ ᠪᠣᠶ᠃                               ᠦᠴᠤᠸᠠᠨ ᠰᠢᠶᠠᠨ ᠤ ᠤᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ                               2022 ᠣᠨ ᠤ 4 ᠰᠠᠷ᠎ᠠ ᠶᠢᠨ 18 ᠤ ᠡᠳᠦᠷ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号