ᠰᠢᠶᠠᠨ ᠤ ᠳᠠᠷᠤᠭ᠎ᠠ᠂ ᠰᠢᠶᠠᠨ ᠤ ᠳᠡᠳ᠋ ᠳᠠᠷᠤᠭ᠎ᠠ ᠶᠢᠨ ᠠᠵᠢᠯ ᠤᠨ ᠬᠤᠪᠢᠶᠠᠷᠢᠯᠠᠯ ᠤᠨ ᠲᠤᠬᠠᠶ ᠦᠴᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2022/4/25
ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠰᠢᠶᠠᠨ ᠤ ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ᠂ ᠣᠭᠤᠷᠴᠤᠭ ᠬᠠᠷᠢᠶ᠎ᠠ ᠭᠠᠵᠠᠷ ᠤᠨ ᠠᠵᠤ ᠠᠬᠤᠶ ᠶᠢᠨ ᠬᠤᠯᠪᠣᠭ᠎ᠠ ᠠᠪᠬᠤ ᠠᠯᠪᠠᠨ ᠬᠡᠷ᠂ ᠠᠯᠲᠠᠨ ᠭᠤᠷᠪᠠᠯᠵᠢᠨ ᠬᠤᠶᠢᠭ ᠤᠨ ᠠᠵᠤ ᠦᠢᠯᠡᠰ ᠤᠨ ᠬᠥᠭᠵᠢᠯᠲᠡ ᠶᠢᠨ ᠦᠢᠯᠡᠴᠢᠯᠡᠭᠡᠨ ᠤ ᠲᠥᠪ ᠲᠤ᠄      ᠠᠵᠢᠯ ᠤᠨ ᠬᠡᠷᠡᠭᠴᠡᠭᠡ ᠶᠢ ᠦᠨᠳᠦᠰᠦᠯᠡᠨ᠂ ᠵᠠᠰᠠᠭ ᠤᠨ ᠣᠷᠳᠣᠨ ᠤ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠰᠢᠶᠠᠨ ᠤ ᠵᠠᠰᠠᠭ ᠤᠨ ᠣᠷᠳᠣᠨ ᠤ 2022 ᠣᠨ ᠤ ᠭᠤᠷᠪᠠᠳᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢᠶᠠᠷ ᠰᠤᠳᠤᠯᠤᠭᠠᠳ᠂ ᠰᠢᠶᠠᠨ ᠤ ᠳᠠᠷᠤᠭ᠎ᠠ᠂ ᠳᠡᠳ᠋ ᠳᠠᠷᠤᠭ᠎ᠠ ᠶᠢᠨ ᠠᠵᠢᠯ ᠤᠨ ᠬᠤᠪᠢᠶᠠᠷᠢᠯᠠᠯ ᠢ ᠳᠣᠣᠷᠠᠬᠢ ᠮᠡᠲᠦ ᠲᠣᠭᠲᠠᠭᠠᠪᠠ᠄      ᠬᠠᠳᠠ ︵ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠰᠢᠶᠠᠨ ᠤ ᠳᠠᠷᠤᠭ᠎ᠠ ︶᠄ ᠰᠢᠶᠠᠨ ᠤ ᠠᠷᠠᠳ ᠤᠨ ᠵᠠᠰᠠᠭ ᠤᠨ ᠣᠷᠳᠣᠨ ᠤ ᠪᠦᠬᠦ ᠲᠠᠯ᠎ᠠ ᠶᠢᠨ ᠠᠵᠢᠯ ᠢ ᠡᠷᠬᠢᠯᠡᠨ᠎ᠡ᠃      ᠶᠠᠩ ᠶᠦᠩ ᠭᠠᠩ ︵ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠰᠢᠶᠠᠨ ᠤ ᠪᠠᠶᠢᠩᠭᠤ ᠶᠢᠨ ᠳᠡᠳ᠋ ᠳᠠᠷᠤᠭ᠎ᠠ︶᠄ ᠰᠢᠶᠠᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠢ ᠬᠠᠷᠢᠭᠤᠴᠠᠵᠤ᠂ ᠰᠢᠶᠠᠨ ᠤ ᠳᠠᠷᠤᠭ᠎ᠠ ᠶᠢ ᠬᠠᠮᠵᠢᠨ ᠶᠡᠷᠦᠩᠬᠡᠶᠢᠯᠡᠭᠰᠡᠨ ᠠᠵᠤ ᠠᠬᠤᠶ᠂ ᠬᠥᠭᠵᠢᠭᠦᠯᠦᠯᠲᠡ ᠥᠭᠡᠷᠡᠴᠢᠯᠡᠯᠲᠡ᠂ ᠠᠮᠤ ᠪᠤᠳᠠᠭ᠎ᠠ᠂ ᠡᠳ᠋ ᠤᠨ ᠵᠠᠰᠠᠭ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ᠂ ᠪᠠᠶᠢᠭᠠᠯᠢ ᠶᠢᠨ ᠡᠬᠢ ᠪᠠᠶᠠᠯᠢᠭ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠬᠢᠨᠠᠨ ᠪᠤᠳᠤᠯᠲᠠ᠂ ᠲᠤᠭ᠎ᠠ ᠪᠦᠷᠢᠳᠬᠡᠯ᠂ ᠮᠥᠩᠭᠦᠨ ᠭᠦᠢᠯᠭᠡᠭᠡ᠂ ᠭᠠᠶᠢᠯᠢ ᠲᠠᠲᠠᠪᠤᠷᠢ ᠶᠢᠨ ᠲᠠᠲᠠᠪᠤᠷᠢᠯᠠᠯᠲᠠ ᠬᠠᠮᠢᠶᠠᠷᠤᠯᠲᠠ᠂ ᠠᠶᠤᠯᠭᠦᠶ ᠦᠢᠯᠡᠳᠪᠦᠷᠢᠯᠡᠯ᠂ ᠪᠠᠶᠢᠭᠤᠯᠭ᠎ᠠ ᠶᠢᠨ ᠶᠠᠪᠤᠳᠠᠯ᠂ ᠪᠣᠭᠤᠮᠲᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠰᠢᠶᠠᠨ ᠤ ᠳᠠᠷᠤᠭ᠎ᠠ ᠶᠢ ᠬᠠᠮᠵᠢᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢᠨ ᠺᠣᠮᠢᠰ ᠤᠨ ᠬᠤᠯᠪᠣᠭᠳᠠᠯ ᠪᠥᠬᠦᠢ ᠠᠵᠢᠯ ᠢ ᠬᠠᠷᠢᠭᠤᠴᠠᠨ᠎ᠠ᠂ ᠰᠢᠶᠠᠨ ᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠤᠳ ᠢ ᠪᠡᠶᠡᠯᠡᠭᠦᠯᠬᠦ ᠬᠡᠷᠡᠭᠲᠡᠶ᠃      ᠬᠤᠪᠢᠳᠠᠨ ᠬᠠᠮᠢᠶᠠᠷᠬᠤ᠄ ᠵᠠᠰᠠᠭ ᠤᠨ ᠣᠷᠳᠣᠨ ᠤ ᠠᠯᠪᠠᠨ ᠬᠡᠷ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠶᠡᠷᠦᠩᠬᠡᠶᠢᠯᠡᠭᠰᠡᠨ ᠠᠵᠤ ᠠᠬᠤᠶ᠂ ᠡᠨᠧᠷᠭᠢ ᠶᠢᠨ ᠬᠤᠷᠣᠭᠳᠠᠭᠤᠯᠤᠯ ᠤᠨ ᠬᠤᠶᠠᠷ ᠢ ᠡᠵᠡᠮᠳᠡᠬᠦ᠂ ᠠᠮᠤ ᠪᠤᠳᠠᠭᠠᠨ ᠤ ᠬᠡᠰᠡᠭ︶᠂ ᠡᠳ᠋ ᠤᠨ ᠵᠠᠰᠠᠭ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠬᠢᠨᠠᠨ ᠪᠤᠳᠤᠬᠤ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ᠃      ᠬᠠᠷᠢᠯᠴᠠᠬᠤ ᠨᠢ᠄ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠠᠷᠠᠳ ᠤᠨ ᠪᠠᠩᠬᠢ᠂ ᠲᠠᠷᠢᠶᠠᠯᠠᠩ ᠤᠨ ᠪᠠᠩᠬᠢ᠂ ᠠᠵᠤ ᠦᠢᠯᠡᠳᠪᠦᠷᠢ ᠶᠢᠨ ᠪᠠᠩᠬᠢ᠂ ᠲᠠᠷᠢᠶᠠᠯᠠᠩ ᠤᠨ ᠲᠠᠷᠬᠠᠭᠠᠯᠲᠠ᠂ ᠰᠢᠦᠳᠠᠨ ᠤ ᠬᠠᠳᠠᠭᠠᠯᠠᠮᠵᠢ ᠶᠢᠨ ᠪᠠᠩᠬᠢ᠂ ᠥᠪᠥᠷ ᠮᠣᠩᠭᠤᠯ ᠤᠨ ᠪᠠᠩᠬᠢ᠂ ᠥᠪᠦᠷ ᠮᠣᠩᠭᠤᠯ ᠤᠨ ᠬᠤᠳᠠᠯᠳᠤᠭᠠᠨ ᠤ ᠪᠠᠩᠬᠢ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠺᠣᠮᠫᠠᠨᠢ᠂ ᠬᠤᠳᠠᠯᠳᠤᠭᠠᠨ ᠤ ᠡᠪᠯᠡᠯ᠂ ᠪᠠᠶᠢᠴᠠᠭᠠᠬᠤ ᠠᠩᠭᠢ᠂ ᠭᠠᠯ ᠤᠨᠲᠠᠷᠠᠭᠠᠬᠤ ᠶᠡᠭᠡ ᠠᠩᠭᠢ᠃            ᠴᠢ ᠫᠦ᠋ ︵ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠰᠢᠶᠠᠨ ᠤ ᠳᠡᠳ᠋ ᠳᠠᠷᠤᠭ᠎ᠠ︶᠄ ᠰᠢᠶᠠᠨ ᠤ ᠳᠠᠷᠤᠭ᠎ᠠ ᠶᠢ ᠬᠠᠮᠵᠢᠨ ᠠᠵᠤ ᠦᠢᠯᠡᠳᠪᠦᠷᠢ ᠶᠢᠨ ᠠᠵᠤ ᠠᠬᠤᠶ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠠᠷᠢᠭᠤᠨ ᠴᠡᠪᠡᠷ ᠡᠨᠧᠷᠭᠢ ᠶᠢᠨ ᠰᠤᠷᠪᠤᠯᠵᠢ᠂ ᠠᠮᠢ ᠠᠬᠤᠶ ᠶᠢᠨ ᠣᠷᠴᠢᠨ ᠨᠥᠬᠦᠴᠡᠯ᠂ ᠵᠠᠮ ᠲᠡᠭᠡᠭᠡᠪᠦᠷᠢ᠂ ᠤᠯᠠᠨ ᠨᠡᠶᠢᠲᠡ ᠶᠢᠨ ᠵᠠᠮ ᠬᠠᠷᠢᠯᠴᠠᠭ᠎ᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠰᠢᠶᠠᠨ ᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠤᠳ ᠢ ᠪᠡᠶᠡᠯᠡᠭᠦᠯᠬᠦ ᠬᠡᠷᠡᠭᠲᠡᠶ᠃      ᠬᠤᠪᠢᠳᠠᠨ ᠬᠠᠮᠢᠶᠠᠷᠬᠤ᠄ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠠᠵᠤ ᠦᠢᠯᠡᠳᠪᠦᠷᠢ ᠶᠢᠨ ᠠᠵᠤ ᠠᠬᠤᠶ᠂ ᠴᠡᠪᠡᠷ ᠡᠨᠧᠷᠭᠢ ᠶᠢᠨ ᠬᠡᠰᠡᠭ︶᠂ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂  ᠣᠭᠤᠷᠴᠤᠭ ᠬᠠᠷᠢᠶ᠎ᠠ ᠭᠠᠵᠠᠷ ᠤᠨ ᠠᠵᠤ ᠠᠬᠤᠶ ᠶᠢᠨ ᠬᠠᠷᠢᠯᠴᠠᠬᠤ ᠠᠯᠪᠠᠨ ᠬᠡᠷ᠂ ᠠᠯᠲᠠᠨ ᠭᠤᠷᠪᠠᠯᠵᠢᠨ ᠬᠤᠶᠢᠭ ᠤᠨ ᠠᠵᠤ ᠦᠢᠯᠡᠰ ᠤᠨ ᠬᠥᠭᠵᠢᠯᠲᠡ ᠶᠢᠨ ᠦᠢᠯᠡᠴᠢᠯᠡᠭᠡᠨ ᠤ ᠲᠥᠪ᠃      ᠬᠠᠷᠢᠯᠴᠠᠬᠤ ᠨᠢ᠄ ᠰᠢᠶᠠᠨ ᠤ ᠤᠯᠤᠰ ᠲᠦᠷᠦ ᠶᠢᠨ ᠵᠥᠪᠯᠡᠯᠭᠡᠨ᠂ ᠰᠢᠶᠠᠨ ᠤ ᠬᠢᠨᠠᠨ ᠪᠠᠶᠢᠴᠠᠭᠠᠬᠤ ᠵᠥᠪᠯᠡᠯ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠤᠨ ᠰᠤᠷᠭᠠᠭᠤᠯᠢ᠂ ᠴᠠᠬᠢᠯᠭᠠᠨ ᠬᠠᠩᠭᠠᠬᠤ ᠲᠣᠪᠴᠢᠶ᠎ᠠ᠃      ᠯᠢᠦ ᠮᠧᠢ ᠺᠦᠢ ︵ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠰᠢᠶᠠᠨ ᠤ ᠳᠡᠳ᠋ ᠳᠠᠷᠤᠭ᠎ᠠ ︶᠄ ᠰᠢᠶᠠᠨ ᠤ ᠳᠠᠷᠤᠭ᠎ᠠ ᠶᠢᠨ ᠠᠵᠢᠯ ᠳᠤ ᠬᠠᠮᠵᠢᠯᠴᠠᠵᠤ᠂ ᠰᠢᠶᠠᠨ ᠤ ᠳᠡᠳ᠋ ᠳᠠᠷᠤᠭ᠎ᠠ‌ᠠᠭᠤᠯᠠ ᠲᠠᠢ ᠬᠠᠮᠲᠤᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠬᠠᠷᠢᠭᠤᠴᠠᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠠᠵᠢᠯ ᠢ ᠬᠠᠷᠢᠭᠤᠴᠠᠵᠤ᠂ ᠮᠧᠨ ᠳᠧᠦ ᠭᠸᠤ ᠲᠣᠭᠤᠷᠢᠭ ᠲᠠᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠵᠣᠯᠭᠠᠭᠤᠯᠤᠨ᠎ᠠ᠃ ᠰᠢᠶᠠᠨ ᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠤᠳ ᠢ ᠪᠡᠶᠡᠯᠡᠭᠦᠯᠬᠦ ᠬᠡᠷᠡᠭᠲᠡᠶ᠃      ᠠᠭᠤᠯᠠ ︵ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠰᠢᠶᠠᠨ ᠤ ᠳᠡᠳ᠋ ᠳᠠᠷᠤᠭ᠎ᠠ ︵ᠵᠢᠩᠬᠢᠨᠢ ᠭᠠᠵᠠᠷ ᠤᠨ ᠲᠠᠰ︶᠄ ᠰᠢᠶᠠᠨ ᠤ ᠳᠠᠷᠤᠭ᠎ᠠ ᠶᠢ ᠬᠠᠮᠵᠢᠨ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠢᠨᠵᠢᠯᠡᠬᠦ ᠤᠬᠠᠭᠠᠨ ᠮᠡᠷᠭᠡᠵᠢᠯ᠂ ᠬᠥᠳᠡᠭᠡ ᠲᠣᠰᠬᠤᠨ ᠤ ᠤᠰᠤᠨ ᠠᠰᠢᠭᠯᠠᠯᠲᠠ᠂ ᠣᠶ ᠰᠢᠭᠤᠶ ᠪᠠ ᠨᠤᠲᠤᠭ ᠪᠡᠯᠴᠢᠭᠡᠷ᠂ ᠬᠠᠩᠭᠠᠨ ᠪᠣᠷᠣᠯᠠᠭᠤᠯᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠪᠠ ᠨᠡᠶᠢᠳᠡᠮ ᠬᠡᠷᠡᠭᠯᠡᠬᠦ ᠴᠢᠬ ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠬᠠᠷᠢᠭᠤᠴᠠᠨ᠎ᠠ᠃ ᠰᠢᠶᠠᠨ ᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠤᠳ ᠢ ᠪᠡᠶᠡᠯᠡᠭᠦᠯᠬᠦ ᠬᠡᠷᠡᠭᠲᠡᠶ᠃      ᠬᠤᠪᠢᠳᠠᠨ ᠬᠠᠮᠢᠶᠠᠷᠬᠤ᠄ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ ︵ᠬᠥᠳᠡᠭᠡ ᠲᠣᠰᠬᠤᠨ ᠤ ᠲᠠᠯ᠎ᠠ ᠪᠠᠷ︶᠂ ᠬᠠᠩᠭᠠᠨ ᠪᠣᠷᠣᠯᠠᠭᠤᠯᠬᠤ ᠬᠤᠷᠰᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠬᠥᠭᠵᠢᠭᠦᠯᠬᠦ ᠲᠥᠪ᠂ ᠨᠤᠲᠤᠭ ᠪᠡᠯᠴᠢᠭᠡᠷ ᠤᠢ ᠰᠢᠭᠤᠢ ᠶᠢᠨ ᠠᠮᠢ ᠠᠬᠤᠢ ᠶᠢᠨ ᠬᠠᠮᠠᠭᠠᠯᠠᠯᠲᠠ ᠶᠢᠨ ᠲᠥᠪ᠂ ᠦᠴᠤᠸᠠᠨ ᠰᠢᠶᠠᠨ ᠤ ᠯᠢᠤᠢ ᠲᠠᠢ ᠲᠠᠷᠢᠶᠠᠯᠠᠩ ᠤᠢ ᠰᠢᠭᠤᠢ ᠶᠢᠨ ᠬᠥᠭᠵᠢᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠃      ᠬᠠᠷᠢᠯᠴᠠᠬᠤ ᠨᠢ᠄ ᠴᠠᠭ ᠠᠭᠤᠷ ᠤᠨ ᠲᠣᠪᠴᠢᠶ᠎ᠠ᠂ ᠨᠠᠰᠤᠲᠠᠶᠢᠴᠤᠳ ᠤᠨ ᠠᠬᠢᠭᠤᠯᠬᠤ ᠡᠪᠯᠡᠯ᠂ ᠨᠡᠶᠢᠭᠡᠮ ᠤᠨ ᠠᠬᠢᠭᠤᠯᠬᠤ ᠡᠪᠯᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠠᠨ ᠬᠤᠸᠠ ᠳᠠᠭᠠᠳᠬᠠᠯ᠂ ᠡᠳ᠋ ᠤᠨ ᠵᠠᠰᠠᠭ ᠳᠠᠭᠠᠳᠬᠠᠯ ᠤᠨ ᠺᠣᠮᠫᠠᠨᠢ᠂ ᠢᠲᠡᠭᠡᠮᠵᠢ ᠶᠢᠨ ᠬᠤᠯᠪᠣᠭᠠᠲᠤ ᠬᠤᠷᠰᠢᠶ᠎ᠠ᠂ ᠯᠢ ᠨᠦᠩ ᠪᠠᠩᠬᠢ᠂ ᠡᠤ ᠳ᠋ᠤᠤ ᠭᠸᠦ ᠣᠶ ᠰᠢᠭᠤᠶ ᠶᠢᠨ ᠲᠠᠯᠠᠪᠠᠶ᠂ ᠡᠤ ᠵᠢᠶᠠ ᠼᠦᠨ ᠣᠶ ᠰᠢᠭᠤᠶ ᠶᠢᠨ ᠲᠠᠯᠠᠪᠠᠶ᠂ ᠵᠢᠩ ᠡᠯ ᠭᠸᠦ ᠣᠶ ᠰᠢᠭᠤᠶ ᠶᠢᠨ ᠲᠠᠯᠠᠪᠠᠶ᠃      ᠸᠧᠨ ᠯᠢᠨ ᠹᠠᠨ ︵ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠰᠢᠶᠠᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ︶᠄ ᠰᠢᠶᠠᠨ ᠤ ᠳᠠᠷᠤᠭ᠎ᠠ ᠶᠢ ᠬᠠᠮᠵᠢᠨ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ᠂ ᠵᠠᠬᠢᠳᠠᠯ ᠰᠤᠷᠪᠤᠯᠵᠢᠯᠠᠭ᠎ᠠ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ᠂ ᠵᠠᠰᠠᠭ ᠤᠨ ᠣᠷᠳᠣᠨ ᠤ ᠬᠠᠤᠯᠢ ᠳᠦᠷᠢᠮ᠂ ᠬᠠᠤᠯᠢ ᠶᠣᠰᠣᠨ ᠤ ᠴᠢᠨᠠᠷ ᠢ ᠬᠢᠨᠠᠨ ᠪᠠᠶᠢᠴᠠᠭᠠᠬᠤ᠂ ᠬᠠᠤᠯᠢ ᠴᠠᠭᠠᠵᠠ ᠶᠢᠨ ᠵᠥᠪᠯᠡᠯᠭᠡ ᠥᠭᠬᠦ ᠵᠥᠪᠯᠡᠭᠴᠢ ᠵᠡᠷᠭᠡ ᠲᠠᠯ᠎ᠠ ᠶᠢᠨ ᠠᠵᠢᠯ ᠢ ᠬᠠᠷᠢᠭᠤᠴᠠᠵᠤ᠂ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠠᠵᠢᠯ ᠢ ᠡᠷᠭᠢᠯᠡᠨ᠎ᠡ᠃ ᠰᠢᠶᠠᠨ ᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠤᠳ ᠢ ᠪᠡᠶᠡᠯᠡᠭᠦᠯᠬᠦ ᠬᠡᠷᠡᠭᠲᠡᠶ᠃      ᠬᠤᠪᠢᠳᠠᠨ ᠬᠠᠮᠢᠶᠠᠷᠬᠤ᠄ ᠬᠠᠤᠯᠢ ᠴᠠᠭᠠᠵᠠ ᠶᠢᠨ ᠲᠣᠪᠴᠢᠶ᠎ᠠ᠂ ᠵᠠᠰᠠᠭ ᠤᠨ ᠣᠷᠳᠣᠨ ᠤ ᠠᠯᠪᠠᠨ ᠭᠡᠷ ᠤᠨ ᠵᠠᠬᠢᠳᠠᠯ ᠰᠤᠷᠪᠤᠯᠵᠢᠯᠠᠭ᠎ᠠ ᠶᠢᠨ ᠠᠯᠪᠠᠨ ᠭᠡᠷ᠃      ᠬᠠᠷᠢᠯᠴᠠᠬᠤ ᠨᠢ᠄ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ᠂ ᠵᠡᠪᠰᠡᠭᠲᠦ ᠴᠠᠭᠳᠠᠭ᠎ᠠ ᠶᠢᠨ ᠳᠤᠮᠳᠠ ᠠᠩᠭᠢ᠂ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ᠃      ᠼᠦᠢ ᠵᠧᠨ ᠬᠤᠸᠠ ︵ᠰᠢᠶᠠᠨ ᠤ ᠳᠡᠳ᠋ ᠳᠠᠷᠤᠭ᠎ᠠ︶᠄ ᠰᠢᠶᠠᠨ ᠤ ᠳᠠᠷᠤᠭ᠎ᠠ ᠶᠢ ᠬᠠᠮᠵᠢᠨ ᠬᠤᠳᠠᠯᠳᠤᠭᠠᠨ ᠤ ᠶᠠᠪᠤᠳᠠᠯ᠂ ᠵᠢᠭᠤᠯᠴᠢᠯᠠᠯ ᠤᠨ ᠠᠵᠤ ᠠᠬᠤᠶ᠂ ᠰᠣᠶᠣᠯ ᠪᠡᠶ᠎ᠡ ᠶᠢᠨ ᠲᠠᠮᠢᠷ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠬᠥᠯᠥᠰᠥᠨ ᠠᠵᠢᠯᠴᠢᠨ ᠤ ᠴᠠᠯᠢᠩ ᠤᠨ ᠥᠷᠢ ᠶᠢ ᠢᠯᠭᠠᠷᠠᠭᠤᠯᠬᠤ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠦᠨᠳᠦᠰᠦᠲᠡᠨ ᠤ ᠠᠵᠢᠯ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠰᠢᠶᠠᠨ ᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠤᠳ ᠢ ᠪᠡᠶᠡᠯᠡᠭᠦᠯᠬᠦ ᠬᠡᠷᠡᠭᠲᠡᠶ᠃      ᠬᠤᠪᠢᠳᠠᠨ ᠬᠠᠮᠢᠶᠠᠷᠬᠤ᠄ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠬᠤᠳᠠᠯᠳᠤᠭᠠᠨ ᠤ ᠶᠠᠪᠤᠳᠠᠯ ᠤᠨ ᠬᠡᠰᠡᠭ︶᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠦᠨᠳᠦᠰᠦᠲᠡᠨ ᠤ ᠬᠡᠷᠡᠭ ᠶᠠᠪᠤᠳᠠᠯ ᠤᠨ ᠵᠥᠪᠯᠡᠯ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠲᠥᠪ᠂ ᠥᠪᠥᠷ ᠮᠣᠩᠭᠤᠯ ᠤᠨ ᠯᠦᠩ ᠶᠤᠸᠠᠨ ᠰᠣᠶᠣᠯ ᠵᠢᠭᠤᠯᠴᠢᠯᠠᠯ ᠤᠨ ᠪᠠᠯᠠ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ᠃      ᠬᠠᠷᠢᠯᠴᠠᠬᠤ ᠨᠢ᠄ ᠠᠷᠠᠳ ᠤᠨ ᠵᠡᠪᠰᠡᠭᠲᠦ ᠬᠦᠴᠦᠨ ᠤ ᠶᠠᠮᠤᠨ᠂ ᠪᠠᠶᠢᠭᠤᠯᠤᠮᠵᠢ ᠶᠢᠨ ᠣᠷᠣᠨ ᠲᠤᠭ᠎ᠠ ᠶᠢᠨ ᠵᠥᠪᠯᠡᠯ ᠤᠨ ᠠᠯᠪᠠᠨ ᠭᠡᠷ᠂ ᠠᠯᠪᠠᠲᠠᠨ ᠤ ᠬᠠᠮᠢᠶᠠᠷᠤᠯᠲᠠ ᠶᠢᠨ ᠲᠣᠪᠴᠢᠶ᠎ᠠ᠂ ᠱᠠᠰᠢᠨ ᠰᠤᠷᠲᠠᠬᠤᠨ ᠤ ᠲᠣᠪᠴᠢᠶ᠎ᠠ᠂ ᠬᠠᠮ ᠵᠠᠭᠤᠴᠢᠯᠠᠭᠤᠷ ᠤᠨ ᠲᠥᠪ᠂ ᠡᠪᠯᠡᠯ ᠤᠨ ᠬᠤᠷᠢᠶ᠎ᠠ᠂ ᠠᠵᠢᠯᠴᠢᠨ ᠤ ᠶᠡᠷᠦᠩᠬᠡᠢ ᠡᠪᠯᠡᠯ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠳᠠᠯᠠᠨ ᠬᠠᠷ᠎ᠠ ᠠᠭᠤᠯᠠ ᠶᠢᠨ ᠶᠠᠫᠣᠨ ᠢ ᠡᠰᠡᠷᠭᠦᠴᠡᠬᠦ ᠫᠠᠷᠲ᠋ᠢᠽᠠᠨ ᠤ ᠰᠠᠭᠤᠷᠢᠨ ᠭᠠᠵᠠᠷ ᠤᠨ ᠨᠠᠮ ᠤᠨ ᠭᠡᠰᠢᠭᠦᠨ ᠺᠠᠳ᠋ᠷ ᠤᠨ ᠬᠥᠮᠦᠵᠢᠯ ᠤᠨ ᠲᠥᠪ᠃      ᠪᠠᠶ ᠢᠦᠶ ︵ᠰᠢᠶᠠᠨ ᠤ ᠳᠡᠳ᠋ ᠳᠠᠷᠤᠭ᠎ᠠ︶᠄ ᠰᠢᠶᠠᠨ ᠤ ᠳᠠᠷᠤᠭ᠎ᠠ ᠶᠢ ᠬᠠᠮᠵᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠬᠤᠲᠠ ᠪᠠᠯᠭᠠᠰᠤ ᠶᠢᠨ ᠬᠠᠮᠢᠶᠠᠷᠤᠯᠲᠠ᠂ ᠴᠡᠴᠡᠷᠯᠢᠭ ᠤᠨ ᠨᠣᠭᠤᠭᠠᠷᠠᠭᠤᠯᠤᠯᠲᠠ᠂ ᠭᠠᠵᠠᠷ ᠰᠢᠷᠣᠶ ᠶᠢ ᠬᠤᠷᠢᠶᠠᠨ ᠬᠠᠳᠠᠭᠠᠯᠠᠬᠤ᠂ ᠬᠤᠲᠠ ᠶᠢᠨ ᠬᠥᠭᠵᠢᠭᠦᠯᠦᠯᠲᠡ᠂ ᠠᠷᠠᠳ ᠤᠨ ᠠᠭᠠᠷ ᠤᠨ ᠰᠡᠷᠭᠡᠶᠢᠯᠡᠯᠲᠡ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠰᠢᠶᠠᠨ ᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠤᠳ ᠢ ᠪᠡᠶᠡᠯᠡᠭᠦᠯᠬᠦ ᠬᠡᠷᠡᠭᠲᠡᠶ᠃ ᠰᠢᠶᠠᠨ ᠤ ᠳᠡᠳ᠋ ᠳᠠᠷᠤᠭ᠎ᠠ ᠶᠠᠩ ᠶᠦᠩ ᠭᠠᠩ ᠢ ᠬᠠᠪᠰᠤᠷᠴᠤ ᠪᠠᠶᠢᠭᠠᠯᠢ ᠶᠢᠨ ᠡᠬᠢ ᠪᠠᠶᠠᠯᠢᠭ ᠤᠨ ᠲᠠᠯ᠎ᠠ ᠶᠢᠨ ᠠᠵᠢᠯ ᠢ ᠬᠠᠷᠢᠭᠤᠴᠠᠭᠤᠯᠤᠨ᠎ᠠ᠃      ᠬᠤᠪᠢᠳᠠᠨ ᠬᠠᠮᠢᠶᠠᠷᠬᠤ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ ︵ᠬᠤᠲᠠ ᠶᠢᠨ ᠲᠠᠯ᠎ᠠ᠂ ᠲᠦᠭᠡᠭᠡᠯ ᠤᠰᠤ᠂ ᠪᠣᠬᠢᠷ ᠤᠰᠤ ᠰᠢᠶ᠋ᠳᠪᠦᠷᠢᠯᠡᠬᠦ ᠦᠶ᠋ᠯᠡᠳᠪᠦᠷᠢ ᠪᠠᠭᠲᠠᠨ᠎ᠠ︶᠂ ᠭᠠᠵᠠᠷ ᠰᠢᠷᠣᠶ ᠬᠤᠳᠠᠯᠳᠤᠨ ᠠᠪᠴᠤ ᠨᠥᠭᠡᠴᠡᠯᠡᠵᠦ ᠠᠷᠠᠯᠵᠢᠶᠠᠯᠠᠬᠤ ᠲᠥᠪ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠬᠥᠭᠵᠢᠯᠲᠡ ᠶᠢ ᠠᠬᠢᠭᠤᠯᠬᠤ ᠲᠥᠪ᠂ ᠥᠪᠥᠷ ᠮᠣᠩᠭᠤᠯ ᠤᠨ ᠯᠦᠩ ᠴᠤᠸᠠᠨ ᠬᠤᠲᠠ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠹᠦ᠋ ᠴᠤᠸᠠᠨ ᠤᠰᠤᠨ ᠤ ᠶᠠᠪᠤᠳᠠᠯ ᠤᠨ ᠪᠠᠯᠠ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ᠃      ᠬᠠᠷᠢᠯᠴᠠᠬᠤ ᠨᠢ᠄ ᠴᠢᠯᠠᠭᠤᠨ ᠲᠣᠰᠣᠨ ᠤ ᠺᠣᠮᠫᠠᠨᠢ᠂ ᠨᠠᠪᠴᠢᠨ ᠲᠠᠮᠠᠬᠢᠨ ᠤ ᠺᠣᠮᠫᠠᠨᠢ᠂ ᠳᠤᠮᠳᠠᠳᠤ ᠤᠯᠤᠰ ᠤᠨ ᠰᠢᠲᠠᠯᠲᠠ ᠶᠢᠨ ᠺᠣᠮᠫᠠᠨᠢ᠂ ᠰᠢᠯᠵᠢᠮᠡᠯ ᠬᠤᠯᠪᠣᠭᠠᠨ ᠤ ᠺᠣᠮᠫᠠᠨᠢ᠂ ᠨᠢᠭᠡᠳᠦᠮᠡᠯ ᠬᠤᠯᠪᠣᠭᠠᠨ ᠤ ᠺᠣᠮᠫᠠᠨᠢ᠂ ᠴᠠᠬᠢᠯᠭᠠᠨ ᠬᠤᠯᠪᠣᠭᠠᠨ ᠤ ᠺᠣᠮᠫᠠᠨᠢ᠃      ᠶᠦᠨ ᠰᠢᠶᠤᠤ ᠮᠢᠨ ︵ᠰᠢᠶᠠᠨ ᠤ ᠳᠡᠳ᠋ ᠳᠠᠷᠤᠭ᠎ᠠ ᠶᠢᠨ ᠨᠡᠷ᠎ᠡ ᠳᠤᠷᠠᠳᠤᠭᠳᠠᠬᠤ ᠵᠢᠱᠢᠭᠳᠡᠭᠴᠢ︶᠄ ᠰᠢᠶᠠᠨ ᠤ ᠳᠠᠷᠤᠭ᠎ᠠ ᠶᠢ ᠬᠠᠮᠵᠢᠨ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠡᠮ ᠡᠮᠨᠡᠯᠭᠡ ᠶᠢᠨ ᠪᠠᠲᠤᠯᠠᠭ᠎ᠠ᠂ ᠠᠷᠠᠳ ᠤᠨ ᠶᠠᠪᠤᠳᠠᠯ᠂ ᠵᠡᠮᠳᠡᠭᠴᠦᠳ ᠤᠨ ᠬᠤᠯᠪᠣᠭ᠎ᠠ᠂ ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠶ ᠭᠦᠶ᠋ᠴᠡᠳᠬᠡᠬᠦ ᠂ ᠣᠷᠣᠨ ᠨᠤᠲᠤᠭ ᠤᠨ ᠣᠶᠢᠯᠠᠯᠭ᠎ᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠰᠢᠶᠠᠨ ᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠤᠳ ᠢ ᠪᠡᠶᠡᠯᠡᠭᠦᠯᠬᠦ ᠬᠡᠷᠡᠭᠲᠡᠶ᠃      ᠬᠤᠪᠢᠳᠠᠨ ᠬᠠᠮᠢᠶᠠᠷᠬᠤ᠄ ᠰᠤᠷᠭᠠᠨ ᠬᠥᠮᠦᠵᠢᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠵᠡᠮᠳᠡᠭᠴᠦᠳ ᠤᠨ ᠬᠤᠯᠪᠣᠭ᠎ᠠ᠂ ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠶ ᠵᠢᠯᠣᠭᠤᠳᠤᠨ ᠳᠣᠭᠢᠷᠠᠭᠤᠯᠬᠤ ᠲᠥᠪ ᠤᠨ ᠠᠵᠢᠯ ᠢ ᠭᠦᠢᠴᠡᠳᠬᠡᠨ᠎ᠡ᠃      ᠬᠠᠷᠢᠯᠴᠠᠬᠤ ᠨᠢ᠄ ᠲᠠᠩᠰᠠ ᠡᠪᠬᠡᠮᠡᠯ ᠤᠨ ᠲᠣᠪᠴᠢᠶ᠎ᠠ᠂ ᠨᠢᠭᠦᠯᠡᠰᠦᠩᠭᠦᠶ ᠶᠢᠨ ᠶᠡᠷᠦᠩᠬᠡᠶ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠺᠣᠮᠢᠰ᠃      ᠰᠢᠩ ᠵᠢᠶᠦ᠋ᠨ ᠵᠢᠶᠧ ︵ᠳᠡᠳ᠋ ᠰᠢᠶᠠᠨ ᠤ ᠳᠠᠷᠤᠭ᠎ᠠ︶᠄ ᠰᠢᠶᠠᠨ ᠤ ᠳᠠᠷᠤᠭ᠎ᠠ ᠶᠢᠨ ᠠᠵᠢᠯ ᠢ ᠬᠠᠪᠰᠤᠷᠴᠤ᠂ ᠴᠢ ᠫᠦ᠋ ᠰᠢᠶᠠᠨ ᠤ ᠳᠡᠳ᠋ ᠳᠠᠷᠤᠭ᠎ᠠ ᠲᠠᠢ ᠬᠠᠮᠲᠤᠪᠠᠷ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠬᠠᠷᠢᠭᠤᠴᠠᠵᠤ᠂ ᠰᠢᠶᠠᠨ ᠤ ᠳᠡᠳ᠋ ᠳᠠᠷᠤᠭ᠎ᠠ ᠠᠭᠤᠯᠠ ᠲᠠᠢ ᠬᠠᠮᠲᠤᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠴᠢ ᠬᠢᠲᠠᠳ ᠡᠮ ᠤᠨ ᠮᠠᠲ᠋ᠧᠷᠢᠶᠠᠯ ᠤᠨ ᠠᠵᠤ ᠦᠢᠯᠡᠰ ᠢ ᠬᠥᠭᠵᠢᠭᠦᠯᠦᠨ ᠳᠡᠯᠭᠡᠷᠡᠭᠦᠯᠬᠦ ᠠᠵᠢᠯ ᠢ ᠬᠠᠷᠢᠭᠤᠴᠠᠨ᠎ᠠ᠃ ᠳᠤᠮᠳᠠᠳᠤ ᠤᠯᠤᠰ ᠤᠨ ᠲᠦᠩ ᠶᠦᠩ ᠮᠡᠷᠭᠡᠵᠢᠯ ᠤᠨ ᠪᠦᠯᠦᠭᠯᠡᠯ ᠲᠠᠢ ᠬᠠᠷᠢᠯᠴᠠᠵᠤ ᠲᠣᠭᠲᠠᠭᠰᠠᠨ ᠴᠡᠭ ᠲᠤ ᠬᠠᠪᠰᠤᠷᠤᠨ ᠲᠡᠳᠬᠦᠬᠦ ᠠᠵᠢᠯ ᠢ ᠬᠠᠷᠢᠭᠤᠴᠠᠨ᠎ᠠ᠃ ᠰᠢᠶᠠᠨ ᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠤᠳ ᠢ ᠪᠡᠶᠡᠯᠡᠭᠦᠯᠬᠦ ᠬᠡᠷᠡᠭᠲᠡᠶ᠃                                 ᠦᠴᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ                                 2022 ᠣᠨ ᠤ 3 ᠰᠠᠷ᠎ᠠ ᠶᠢᠨ 31 ᠤ ᠡᠳᠦᠷ
 
ᠢᠷᠡᠯᠲᠡ᠄ ᠦᠴᠦᠸᠠᠨ ᠰᠢᠶᠠᠨ ᠤ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号