ᠠᠳᠠᠯ ᠦᠢᠯᠡᠰ ᠪᠦᠲᠦᠭᠡᠬᠦ ᠪᠣᠯᠪᠠᠰᠤᠷᠠᠯ ᠤᠨ ᠮᠡᠳᠡᠭᠦᠯᠬᠦ ᠶᠠᠪᠤᠴᠠ
ᠨᠡᠶᠢᠲᠡᠯᠡᠭᠰᠡᠨ ᠴᠠᠭ᠄
2022/4/25
     ᠭᠤᠶᠤᠴᠢᠯᠠᠬᠤ ᠬᠡᠪᠴᠢᠶ᠎ᠡ᠄      ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ᠂ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠶ ᠬᠥᠮᠦᠨ ᠠᠮᠠ᠂ ᠲᠡᠭᠦᠰᠬᠦ ᠣᠨ ᠤ ᠳᠡᠭᠡᠳᠦ ᠰᠤᠷᠭᠠᠭᠤᠯᠢ ᠲᠡᠭᠦᠰᠦᠭᠰᠡᠳ᠂ ᠬᠥᠳᠡᠭᠡ ᠲᠣᠰᠬᠤᠨ ᠠᠴᠠ ᠰᠢᠯᠵᠢᠵᠦ ᠠᠵᠢᠯ ᠣᠯᠤᠭᠰᠠᠨ ᠬᠥᠳᠡᠯᠮᠦᠷᠢᠴᠢᠨ᠂ ᠬᠤᠲᠠ ᠬᠥᠳᠡᠭᠡ ᠶᠢᠨ ᠦᠷᠭᠦᠯᠵᠢᠯᠡᠨ ᠰᠤᠷᠭᠠᠭᠤᠯᠢ ᠳᠡᠪᠰᠢᠭᠰᠡᠨ ᠥᠬᠡᠶ ᠠᠩᠬ᠎ᠠ ᠵᠡᠷᠭᠡ ᠶᠢᠨ ᠪᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠦᠭᠰᠡᠳ᠂ ᠠᠵᠢᠯ ᠤᠨ ᠪᠠᠶᠢᠷᠢ ᠠᠴᠠ ᠪᠠᠨ ᠪᠠᠭᠤᠵᠤ ᠠᠵᠢᠯ ᠠᠯᠳᠠᠭᠰᠠᠨ ᠬᠥᠮᠦᠰ᠂ ᠠᠵᠢᠯ ᠤᠨ ᠪᠠᠶᠢᠷᠢ ᠰᠢᠯᠵᠢᠭᠰᠡᠨ ᠠᠵᠢᠯᠲᠠᠨ ᠠᠵᠢᠯᠴᠢᠨ᠂ ᠠᠵᠢᠯ ᠤᠯᠬᠤ ᠳᠤ ᠬᠦᠴᠢᠷᠲᠡᠶ ᠬᠥᠮᠦᠰ ︵ᠵᠡᠮᠳᠡᠭᠴᠦᠳ ᠪᠠᠭᠲᠠᠨ᠎ᠠ︶᠂ ᠴᠡᠷᠢᠭ ᠠᠴᠠ ᠬᠠᠯᠠᠭᠳᠠᠭᠰᠠᠳ ᠵᠡᠷᠭᠡ᠃      ᠨᠥᠬᠦᠪᠥᠷᠢ ᠥᠭᠬᠦ ᠪᠠᠷᠢᠮᠵᠢᠶ᠎ᠠ᠄      ᠠᠵᠤ ᠠᠬᠤᠶᠢᠯᠠᠯ ᠢ ᠡᠭᠦᠳᠦᠨ ᠪᠠᠶᠢᠭᠤᠯᠤᠭᠰᠠᠨ  ︵SYB︶ ᠤᠨ ᠨᠥᠬᠦᠪᠥᠷᠢ ᠶᠢᠨ ᠪᠠᠷᠢᠮᠵᠢᠶ᠎ᠠ ᠨᠢ 1000 ᠲᠥᠭᠦᠷᠢᠭ ᠪᠠᠶᠢᠵᠤ᠂ᠠᠵᠤ ᠠᠬᠤᠶᠢᠯᠠᠯ ᠢ ᠰᠠᠶᠢᠵᠢᠷᠠᠭᠤᠯᠤᠨ ᠳᠡᠭᠡᠭᠰᠢᠯᠡᠭᠦᠯᠬᠦ ︵IYB︶ ᠨᠥᠬᠦᠪᠥᠷᠢ ᠶᠢᠨ ᠪᠠᠷᠢᠮᠵᠢᠶ᠎ᠠ ᠨᠢ 1200 ᠲᠥᠭᠦᠷᠢᠭ᠂ ᠰᠦᠯᠵᠢᠶ᠎ᠡ ᠪᠠᠷ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ᠂ ᠠᠳᠠᠯ  ᠦᠢᠯᠡᠰ ᠴᠣᠭᠴᠠᠯᠠᠬᠤ ᠳᠠᠳᠤᠯᠭ᠎ᠠ ᠪᠣᠯᠪᠠᠰᠤᠷᠠᠭᠤᠯᠤᠯ ᠤᠨ ᠨᠥᠬᠦᠪᠥᠷᠢ ᠶᠢᠨ ᠪᠠᠷᠢᠮᠵᠢᠶ᠎ᠠ ᠨᠢ 1600 ᠲᠥᠭᠦᠷᠢᠭ ᠪᠠᠶᠢᠵᠤ᠂ ᠪᠣᠯᠪᠠᠰᠤᠷᠠᠭᠤᠯᠤᠯ ᠤᠨ ᠳᠠᠷᠠᠭ᠎ᠠ ᠵᠢᠷᠭᠤᠭᠠᠨ ᠰᠠᠷ᠎ᠠ ᠶᠢᠨ ᠳᠣᠲᠣᠷ᠎ᠠ ᠠᠳᠠᠯ ᠦᠢᠯᠡᠰ ᠴᠣᠭᠴᠠᠯᠠᠬᠤ ᠶᠢ ᠠᠮᠵᠢᠯᠲᠠ ᠲᠠᠢ ᠪᠡᠶᠡᠯᠡᠭᠦᠯᠦᠭᠰᠡᠨ ᠪᠠᠶᠢᠪᠠᠯ᠂ ᠬᠥᠮᠦᠨ ᠪᠦᠷᠢ ᠳᠤ 2000 ᠲᠥᠭᠦᠷᠢᠭ ᠤᠨ ᠨᠥᠬᠦᠪᠥᠷᠢ ᠥᠭᠴᠦ᠂ ᠪᠣᠯᠪᠠᠰᠤᠷᠠᠭᠤᠯᠤᠯ ᠤᠨ ᠨᠥᠬᠦᠪᠥᠷᠢ ᠣᠯᠭᠤᠬᠤ ᠡᠲᠡᠭᠡᠳ ᠨᠢ ᠨᠢᠭᠡ ᠵᠢᠯ ᠤᠨ ᠳᠣᠲᠣᠷ᠎ᠠ ᠠᠳᠠᠯᠢ ᠲᠠᠰ ᠤᠨ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠳᠤ ᠳᠠᠬᠢᠨ ᠳᠠᠪᠲᠠᠨ ᠨᠥᠬᠦᠪᠥᠷᠢ ᠭᠥᠷᠳᠡᠵᠦ ᠪᠣᠯᠬᠤ ᠥᠬᠡᠶ᠃ IYB ᠪᠣᠯ ᠳᠡᠭᠡᠷ᠎ᠡ ᠳᠤᠷᠠᠳᠤᠭᠰᠠᠨ ᠠᠵᠢᠯ ᠣᠯᠭᠤᠯᠲᠠ ᠶᠢᠨ ᠭᠤᠤᠯᠳᠠᠯᠭ᠎ᠠ ᠲᠠᠢ ᠬᠠᠮᠲᠤᠯᠢᠭ ᠤᠨ  ᠦᠢᠯᠡᠳᠪᠦᠷᠢ ᠬᠤᠳᠠᠯᠳᠤᠭᠠᠨ ᠤ ᠡᠵᠡᠩᠨᠡᠯᠲᠡ ᠶᠢᠨ ᠦᠨᠡᠮᠯᠡᠯ ᠣᠯᠤᠭᠰᠠᠨ ᠡᠳᠦᠷ ᠠᠴᠠ ᠡᠬᠢᠯᠡᠨ᠂ ᠠᠳᠠᠯ ᠦᠢᠯᠡᠰ ᠴᠣᠭᠴᠠᠯᠠᠬᠤ ᠬᠤᠭᠤᠴᠠᠭᠠᠨ ᠳᠤ ᠪᠠᠶᠢᠭ᠎ᠠ ᠬᠤᠶᠠᠷ ᠵᠢᠯ ᠤᠨ ᠳᠣᠲᠣᠷ᠎ᠠ ᠠᠳᠠᠯ ᠦᠢᠯᠡᠰ ᠴᠣᠭᠴᠠᠯᠠᠭᠴᠢ ᠪᠣᠯᠤᠨ᠎ᠠ᠃      ᠭᠦᠢᠴᠡᠳᠬᠡᠬᠦ ᠶᠠᠪᠤᠴᠠ᠄      ᠬᠥᠬᠡᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠲᠣᠰ ᠵᠢᠯ ᠤᠨ ᠮᠠᠭᠠᠳᠯᠠᠨ ᠲᠣᠭᠲᠠᠭᠠᠭᠰᠠᠨ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠤᠨ ᠪᠠᠶᠢᠭᠤᠯᠤᠮᠵᠢ ᠨᠢ ᠮᠠᠨ ᠤ ᠰᠢᠶᠠᠨ ᠳᠤ ᠠᠳᠠᠯ‌ᠦᠢᠯᠡᠰ ᠴᠣᠭᠴᠠᠯᠠᠬᠤ ᠪᠣᠯᠪᠠᠰᠤᠷᠠᠭᠤᠯᠤᠯ ᠤᠨ ᠠᠵᠢᠯ ᠥᠷᠨᠢᠭᠦᠯᠵᠦ᠂ ᠪᠣᠯᠪᠠᠰᠤᠷᠠᠭᠤᠯᠬᠤ ᠬᠦᠰᠡᠯ ᠲᠠᠢ ᠠᠳᠠᠯ ᠦᠢᠯᠡᠰ ᠴᠣᠭᠴᠠᠯᠠᠭᠴᠢ ᠨᠢ ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ᠬᠦᠷᠴᠦ ᠨᠡᠷ᠎ᠡ ᠮᠡᠳᠡᠭᠦᠯᠵᠦ ᠪᠣᠯᠪᠠᠰᠤᠷᠠᠭᠤᠯᠤᠯ ᠬᠢᠨ᠎ᠠ᠃      ᠭᠠᠷ ᠭᠦᠢᠴᠡᠳᠬᠡᠯ ᠬᠢᠬᠦ ᠮᠠᠲ᠋ᠧᠷᠢᠶᠠᠯ᠄ ᠬᠤᠪᠢ ᠬᠥᠮᠦᠨ ᠤ ᠪᠡᠶ᠎ᠡ ᠶᠢᠨ ᠦᠨᠡᠮᠯᠡᠯ ᠤᠨ ᠣᠭ ᠮᠠᠲ᠋ᠧᠷᠢᠶᠠᠯ᠂ ᠠᠵᠢᠯ ᠣᠯᠤᠭᠰᠠᠨ ᠠᠵᠢᠯ ᠠᠯᠳᠠᠭᠰᠠᠨ ᠳᠡᠩᠰᠡᠯᠡᠯᠲᠡ ᠶᠢᠨ ᠦᠨᠡᠮᠯᠡᠯ᠂ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ︵ᠨᠢᠭᠡᠨᠲᠡ ᠠᠳᠠᠯ ᠦᠢᠯᠡᠰ ᠴᠣᠭᠴᠠᠯᠠᠭᠰᠠᠨ︶᠃      ᠭᠦᠢᠴᠡᠳᠬᠡᠬᠦ ᠭᠠᠵᠠᠷ᠄      ᠦᠴᠤᠸᠠᠨ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪᠯᠠᠪᠯᠠᠬᠤ ᠤᠲᠠᠰᠤ᠄ 0471-8812278
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号