ᠦᠴᠤᠸᠠᠨ ᠰᠢᠶᠠᠨ ᠤᠢ ᠰᠢᠭᠤᠢ ᠡᠪᠡᠰᠦ ᠪᠡᠯᠴᠢᠭᠡᠷ ᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/4/26
     4 ᠰᠠᠷ᠎ᠠ ᠶᠢᠨ 22 ᠤᠨ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠵᠧᠤ ᠵᠧᠨ ᠭᠤᠸᠠᠩ ᠣᠶ ᠰᠢᠭᠤᠶ ᠡᠪᠡᠰᠦ ᠪᠡᠯᠴᠢᠭᠡᠷ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠵᠢᠯ ᠢ ᠳᠥᠯᠭᠢᠨ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠸᠤᠨ ᠯᠢᠨ ᠹᠠᠨ ᠬᠤᠷᠠᠯ ᠳᠤ ᠣᠷᠣᠯᠴᠠᠵᠠᠶ᠃
     ᠡᠯ᠎ᠡ ᠬᠤᠯᠪᠣᠭᠳᠠᠯ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠣᠳᠣᠬᠠᠨ ᠳᠤ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠨᠢᠭᠡᠴᠡ ᠨᠦᠭᠦᠳ ᠠᠵᠤ ᠠᠬᠤᠶᠢᠯᠠᠯ ᠤᠨ ᠣᠶ ᠰᠢᠭᠤᠶ ᠡᠪᠡᠰᠦᠲᠦ ᠭᠠᠵᠠᠷ ᠢ ᠲᠠᠲᠠᠪᠤᠷᠢᠯᠠᠨ ᠬᠡᠷᠡᠭᠯᠡᠬᠦ ᠭᠠᠷ ᠭᠦᠢᠴᠡᠳᠬᠡᠯ ᠢ ᠲᠦᠷᠭᠡᠪᠴᠢᠯᠡᠨ  ᠭᠦᠢᠴᠡᠳᠬᠡᠬᠦ ᠶᠢ ᠦᠷᠭᠦᠯᠵᠢᠯᠡᠨ ᠰᠢᠮᠳᠠᠭᠤᠯᠵᠤ᠂ ᠲᠣᠭᠲᠠᠭᠰᠠᠨ ᠴᠠᠭ ᠤᠨ ᠳᠣᠲᠣᠷ᠎ᠠ ᠳ᠋ᠤᠭᠠᠷ ᠬᠠᠰᠤᠬᠤ ᠠᠵᠢᠯ ᠢ ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠶ᠃ ᠨᠢᠭᠡᠨᠲᠡ ᠨᠠᠶᠢᠷᠠᠭᠤᠯᠤᠨ ᠵᠣᠬᠢᠶᠠᠵᠤ ᠳᠠᠭᠤᠰᠬᠠᠭᠰᠠᠨ ᠰᠡᠷᠭᠦᠭᠡᠬᠦ ᠲᠥᠰᠦᠯ ᠪᠠ ᠬᠠᠶᠢᠨ ᠬᠡᠮᠵᠢᠵᠦ ᠵᠠᠭᠠᠭ ᠲᠣᠭᠲᠠᠭᠠᠭᠰᠠᠨ ᠮᠡᠳᠡᠭᠦᠯᠦᠯᠲᠡ ᠶᠢ ᠴᠠᠭ ᠲᠤᠬᠠᠶ ᠳᠤᠨᠢ ᠰᠢᠶᠠᠨ ᠤ ᠵᠠᠰᠠᠭ ᠤᠨ ᠣᠷᠳᠣᠨ ᠳᠤ ᠮᠡᠳᠡᠭᠦᠯᠦᠨ ᠰᠤᠳᠤᠯᠤᠨ ᠮᠠᠭᠠᠳᠯᠠᠭᠤᠯᠬᠤ ᠬᠡᠷᠡᠭᠲᠡᠶ᠃ ᠳ᠋ᠤᠭᠠᠷ ᠬᠠᠰᠤᠬᠤ ᠭᠡᠷᠡᠴᠢ ᠮᠠᠲ᠋ᠧᠷᠢᠶᠠᠯ ᠢ ᠲᠡᠭᠦᠯᠳᠡᠷᠵᠢᠭᠦᠯᠵᠦ ᠂ ᠲᠤᠰᠬᠠᠶ ᠠᠵᠢᠯᠯᠠᠭ᠎ᠠ ᠶᠢᠨ ︽ᠨᠢᠭᠡ ᠬᠡᠷᠡᠭ ᠢ ᠨᠢᠭᠡ ᠲᠠᠩᠰᠠ ᠡᠪᠬᠡᠮᠡᠯ︾ ᠤᠨ ᠱᠠᠭᠠᠷᠳᠠᠯᠭ᠎ᠠ ᠶᠣᠰᠣᠭᠠᠷ ᠡᠮᠬᠢᠯᠡᠵᠦ ᠲᠠᠩᠰᠠ ᠡᠪᠬᠡᠮᠡᠯ ᠳᠤ  ᠣᠷᠤᠭᠤᠯᠬᠤ ᠬᠡᠷᠡᠭᠲᠡᠢ ᠭᠡᠪᠡ᠃      ᠬᠤᠷᠠᠯ ᠠᠴᠠ᠂ ᠣᠳᠣᠬᠠᠨ ᠳᠤ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠡᠯ᠎ᠡ ᠨᠢᠭᠡᠴᠡ ᠶᠢᠨ ᠬᠢᠨ ᠲᠤᠰᠬᠠᠢ ᠲᠦᠷᠦᠯ ᠤᠨ ᠠᠵᠢᠯ ᠤᠨ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠨᠠᠶᠢᠳᠠᠪᠤᠷᠢᠵᠢᠭᠤᠯᠵᠤ᠂ ᠴᠡᠭᠴᠡᠯᠡᠨ ᠵᠠᠰᠠᠬᠤ ᠠᠵᠢᠯ ᠤᠨ ᠠᠬᠢᠴᠠ ᠶᠢ ᠲᠦᠷᠭᠡᠳᠬᠡᠨ ᠠᠬᠢᠭᠤᠯᠵᠤ᠂ ᠲᠤᠰᠬᠠᠢ ᠲᠦᠷᠦᠯ ᠤᠨ ᠴᠡᠭᠴᠡᠯᠡᠨ ᠵᠠᠰᠠᠬᠤ ᠠᠵᠢᠯ ᠤᠨ ᠴᠢᠨᠠᠷ ᠰᠠᠶᠢᠲᠠᠢ ᠬᠤᠭᠤᠴᠠᠭ᠎ᠠ ᠶᠣᠰᠣᠭᠠᠷ ᠪᠡᠶᠡᠯᠡᠭᠳᠡᠬᠦ ᠶᠢ ᠪᠠᠲᠤᠯᠠᠬᠤ ᠬᠡᠷᠡᠭᠲᠡᠢ ᠭᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号