ᠪᠦᠬᠦ ᠰᠢᠶᠠᠨ ᠢᠶᠠᠷ ᠢᠶᠠᠨ ᠵᠣᠬᠢᠶᠠᠨ ᠪᠠᠶᠢᠭᠤᠯᠵᠤ ᠤᠬᠠᠭᠤᠯᠬᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/4/26
     4 ᠰᠠᠷ᠎ᠠ ᠶᠢᠨ 24 ᠤ ᠡᠳᠦᠷ᠂ ᠦᠴᠤᠸᠠᠨ ᠰᠢᠶᠠᠨ ᠤ ᠨᠠᠮ ᠤᠨ ᠬᠤᠷᠢᠶ᠎ᠠ 2022 ᠣᠨ ᠤ ᠪᠦᠬᠦ ᠰᠢᠶᠠᠨ ᠤ ᠵᠣᠬᠢᠶᠠᠨ ᠪᠠᠶᠢᠭᠤᠯᠬᠤ ᠤᠬᠠᠭᠤᠯᠭ᠎ᠠ ᠶᠢᠨ ᠠᠵᠢᠯ ᠤᠨ ᠬᠤᠷᠠᠯ ᠬᠤᠷᠠᠯᠳᠤᠭᠤᠯᠵᠤ᠂ ᠪᠦᠬᠦ ᠤᠯᠤᠰ᠂ ᠪᠦᠬᠦ ᠣᠷᠣᠨ᠂ ᠪᠦᠬᠦ ᠬᠤᠳᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠪᠦᠬᠦ ᠣᠷᠣᠨ ᠤ ᠵᠣᠬᠢᠶᠠᠨ ᠪᠠᠶᠢᠭᠤᠯᠬᠤ ᠠᠵᠢᠯ ᠤᠨ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠰᠢᠢᠳᠪᠦᠷᠢᠯᠡᠬᠦ ︽ᠰᠠᠮᠪᠠᠷ᠎ᠠ ᠨᠡᠶᠢᠲᠡᠯᠡᠬᠦ ᠰᠡᠳᠦᠪ︾ ᠢ ᠤᠯᠠᠮᠵᠢᠯᠠᠨ ᠰᠤᠷᠤᠯᠴᠠᠵᠤ᠂ ᠬᠤᠷᠠᠯ ᠤᠨ ᠵᠣᠷᠢᠭ ᠰᠠᠨᠠᠭ᠎ᠠ ᠵᠢᠴᠢ ᠪᠦᠬᠦ ᠤᠯᠤᠰ᠂ ᠪᠦᠬᠦ ᠣᠷᠣᠨ᠂ ᠪᠦᠬᠦ ᠬᠤᠳᠠ ᠶᠢᠨ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠪᠠᠶᠢᠷᠢᠯᠠᠭᠤᠯᠵᠤ᠂ 2021 ᠣᠨ ᠤ ᠪᠦᠬᠦ ᠰᠢᠶᠠᠨ ᠤ ᠵᠣᠬᠢᠶᠠᠨ ᠪᠠᠶᠢᠭᠤᠯᠬᠤ ᠤᠬᠠᠭᠤᠯᠭ᠎ᠠ ᠶᠢᠨ ᠠᠵᠢᠯ ᠢ ᠡᠷᠭᠢᠴᠡᠭᠦᠯᠦᠨ ᠳ᠋ᠦᠩᠨᠡᠭᠰᠡᠨ ᠪᠥᠭᠡᠳ 2022 ᠣᠨ ᠤ ᠠᠵᠢᠯ ᠳᠤ ᠪᠣᠳᠠᠲᠠᠢ ᠲᠤᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠸᠠᠩ ᠳ᠋ᠦᠩ ᠸᠧᠨ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠶᠢᠨ ᠱᠣᠤ ᠯᠢᠨ ᠬᠤᠷᠠᠯ ᠳᠤ ᠣᠷᠣᠯᠴᠠᠵᠤ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᡁᠢ ᠵᠢᠶᠠᠨ ᠭᠠᠩ ᠬᠤᠷᠠᠯ ᠢ ᠡᠷᠭᠢᠯᠡᠪᠡ᠃
     ᠡᠨᠡ ᠵᠢᠯ ᠤᠨ ᠵᠣᠬᠢᠶᠠᠨ ᠪᠠᠶᠢᠭᠤᠯᠬᠤ ᠤᠬᠠᠭᠤᠯᠭ᠎ᠠ ᠶᠢᠨ ᠠᠵᠢᠯ ᠢ ᠰᠠᠶᠢᠲᠤᠷ ᠬᠢᠬᠦ ᠲᠤᠬᠠᠶ᠂ ᠬᠤᠷᠠᠯ ᠠᠴᠠ᠂ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠢ ᠬᠤᠷᠠᠯᠳᠤᠭᠤᠯᠬᠤ ᠵᠢᠯ ᠪᠣᠯᠤᠨ᠎ᠠ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠴᠢᠬᠤᠯᠠ ᠨᠢᠭᠡ ᠵᠢᠯ ᠪᠣᠯᠤᠨ᠎ᠠ᠂ ᠮᠥᠨᠴᠦ ︽ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠭᠦᠯᠬᠦ︾ ᠣᠶᠢᠯᠠᠭᠠᠭᠳᠠᠬᠤᠨ ᠶᠣᠰᠣᠭᠠᠷ᠂ ᠰᠢᠶᠠᠨ ᠤ ᠬᠡᠪᠴᠢᠶᠡᠨ ᠤ ᠠᠵᠤ ᠠᠬᠤᠢ ᠶᠢ ᠬᠦᠴᠦᠯᠡᠨ ᠪᠤᠵᠠᠭᠠᠶᠢᠷᠠᠭᠤᠯᠵᠤ᠂ ︽ᠵᠢᠷᠭᠤᠭᠠᠨ ᠰᠢᠨ᠎ᠡ ᠦᠴᠤᠸᠠᠨ︾ ᠢ ᠪᠦᠳᠦᠭᠡᠨ ᠪᠠᠶᠢᠭᠤᠯᠬᠤ ᠵᠠᠩᠭᠢᠯᠠᠭ᠎ᠠ ᠶᠢᠨ ᠵᠢᠯ ᠪᠣᠯᠤᠨ᠎ᠠ ᠂ ᠰᠢᠨ᠎ᠡ ᠪᠠᠶᠢᠳᠠᠯ ᠰᠢᠨ᠎ᠡ ᠡᠭᠦᠷᠭᠡ ᠶᠢᠨ ᠡᠮᠦᠨ᠎ᠡ᠂ ᠵᠣᠬᠢᠶᠠᠨ ᠪᠠᠶᠢᠭᠤᠯᠬᠤ᠂ ᠤᠬᠠᠭᠤᠯᠬᠤ ᠠᠵᠢᠯ ᠢ ᠰᠠᠶᠢᠲᠤᠷ ᠬᠢᠬᠦ ᠳᠤ ᠡᠭᠦᠷᠭᠡ ᠬᠠᠲᠠᠭᠤᠵᠢᠯᠲᠠᠢ ᠪᠥᠭᠡᠳ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠠᠶᠢᠷᠢ ᠲᠣᠭᠲᠠᠭᠠᠯᠲᠠ ᠪᠠᠨ ᠣᠨᠣᠪᠴᠢᠲᠠᠶ ᠣᠯᠵᠤ᠂ ᠵᠣᠬᠢᠶᠠᠨ ᠪᠠᠶᠢᠭᠤᠯᠵᠤ ᠤᠬᠠᠭᠤᠯᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠲᠤᠭ ᠲᠡᠮᠳᠡᠭ ᠲᠣᠳᠣᠷᠬᠠᠶ ᠪᠠᠷ ᠤᠯᠤᠰ ᠲᠥᠷᠥ ᠶᠢ ᠡᠷᠬᠢᠮᠯᠡᠬᠦ ᠡᠨᠡᠬᠦ ᠦᠨᠳᠦᠰᠦᠨ ᠱᠠᠭᠠᠷᠳᠠᠯᠭ᠎ᠠ᠂ ᠨᠠᠮ ᠤᠨ ᠪᠠᠶᠢᠭᠤᠯᠤᠯᠲᠠ ᠪᠣᠯ ᠬᠠᠮᠤᠭ ᠤᠨ ᠶᠡᠭᠡ ᠵᠠᠰᠠᠭ ᠤᠨ ᠠᠵᠢᠯ ᠤᠨ ᠪᠦᠲᠦᠮᠵᠢ ᠮᠥᠨ ᠭᠡᠬᠦ ᠡᠨᠡᠬᠦ ᠭᠤᠣᠯ ᠣᠶᠢᠯᠠᠭᠠᠭᠳᠠᠬᠤᠨ ᠢ ᠪᠠᠲᠤ ᠠᠳᠬᠤᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠬᠤᠷᠠᠯᠳᠤᠬᠤ ᠡᠨᠡᠬᠦ ᠠᠵᠢᠯ ᠤᠨ ᠭᠤᠣᠯ ᠱᠤᠭᠤᠮ ᠢ ᠤᠭᠲᠤᠵᠤ᠂ ︽ᠬᠤᠶᠠᠷ ᠢ ᠲᠣᠭᠲᠠᠭᠠᠭᠰᠠᠨ︾ ᠢ ᠦᠨᠡᠨᠴᠢ ᠰᠢᠳᠤᠷᠭᠤ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠪᠠᠷ ᠦᠨᠳᠦᠰᠦᠨ ᠱᠠᠭᠠᠷᠳᠠᠯᠭ᠎ᠠ ᠪᠣᠯᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠤᠯᠤᠰ ᠤᠨ ᠲᠤᠮᠤ ᠶᠠᠪᠤᠳᠠᠯ︾ ᠢ ᠰᠡᠳᠬᠢᠯ ᠳᠡᠭᠡᠨ ᠪᠤᠳᠤᠵᠤ᠂ ᠬᠠᠷᠢᠭᠤᠴᠠᠯᠭ᠎ᠠ ᠶᠢ ᠲᠣᠳᠣᠷᠬᠠᠢ ᠮᠡᠳᠡᠵᠦ᠂ ᠨᠤᠲᠤᠭ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠮᠠᠨ ᠤ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ︽ᠵᠢᠷᠭᠤᠭᠠᠨ ᠰᠢᠨ᠎ᠡ ᠦᠴᠤᠸᠠᠨ︾ ᠤ ᠪᠦᠳᠤᠬᠡᠨ ᠪᠠᠶᠢᠭᠤᠯᠤᠯᠲᠠ ᠶᠢᠨ ᠬᠠᠷᠠᠯᠲᠠ ᠶᠢᠨ ᠰᠢᠨ᠎ᠡ ᠳᠠᠪᠠᠯᠲᠠ ᠶᠢ ᠪᠡᠶᠡᠯᠡᠭᠦᠯᠬᠦ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠪᠣᠯᠤᠨ ᠦᠵᠡᠯ ᠰᠠᠨᠠᠭᠠᠨ ᠤ ᠪᠠᠲᠤᠯᠠᠭ᠎ᠠ ᠬᠠᠩᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠪᠡ᠃      ᠬᠤᠷᠠᠯ ᠠᠴᠠ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢ ᠠᠬᠢᠭᠤᠯᠬᠤ ᠳᠤ᠂ ᠵᠣᠬᠢᠶᠠᠨ ᠪᠠᠶᠢᠭᠤᠯᠵᠤ ᠤᠬᠠᠭᠤᠯᠬᠤ ᠰᠠᠯᠠᠭ᠎ᠠ ᠮᠥᠴᠢᠷ ᠤᠨ ᠬᠠᠷᠢᠭᠤᠴᠠᠯᠭ᠎ᠠ ᠬᠦᠨᠳᠦ ᠶᠤᠮ᠃ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠨ ᠬᠢᠨ ᠰᠠᠭᠤᠷᠢ ᠶᠢ ᠪᠠᠲᠤᠳᠬᠠᠨ ᠰᠠᠭᠤᠷᠢ ᠶᠢ ᠪᠠᠬᠢᠵᠢᠭᠦᠯᠬᠦ ᠴᠢᠳᠠᠪᠤᠷᠢ ᠪᠠᠨ ᠬᠦᠴᠦᠯᠡᠨ ᠳᠡᠭᠡᠭᠰᠢᠯᠡᠭᠦᠯᠵᠦ ᠂ ᠵᠣᠬᠢᠶᠠᠨ ᠪᠠᠶᠢᠭᠤᠯᠬᠤ ᠠᠵᠢᠯ ᠤᠨ ᠨᠢᠭᠲᠠᠷᠠᠯ ᠤᠨ ᠬᠦᠴᠦᠨ᠂ ᠲᠠᠶᠢᠴᠢᠨ ᠬᠦᠴᠦᠨ ᠢ ᠦᠨᠡᠨᠬᠦ ᠴᠢᠩᠭᠠᠳᠬᠠᠬᠤ ᠬᠡᠷᠡᠭᠲᠡᠢ᠃ ᠦᠨᠳᠦᠰᠦᠨ ᠱᠠᠲᠤᠨ ᠤ ᠪᠠᠬᠢᠯᠡᠯᠲᠡ ᠶᠢ ᠴᠢᠩᠭᠠᠳᠬᠠᠬᠤ ᠶᠢ ᠴᠥᠬᠦᠷᠡᠰᠢ ᠦᠭᠡᠶ ᠠᠳᠬᠤᠵᠤ᠂ ᠤᠯᠤᠰ ᠲᠦᠷᠦ ᠶᠢᠨ ᠪᠠᠶᠢᠭᠤᠯᠤᠯᠲᠠ ᠶᠢ ᠲᠤᠪᠤᠶᠢᠯᠭᠠᠵᠦ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠪᠣᠯᠬᠢᠴᠢᠯᠠᠵᠤ ᠠᠷᠠᠯᠵᠢᠶᠠᠯᠠᠵᠤ ᠲᠥᠪᠯᠡᠷᠡᠭᠦᠯᠦᠨ ᠵᠠᠰᠠᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠲᠤᠷᠤᠢ ᠪᠠᠭᠤᠷᠠᠢ ᠰᠤᠯᠠ ᠵᠠᠳᠠᠭᠠᠢ ᠨᠠᠮ ᠤᠨ ᠵᠣᠬᠢᠶᠠᠨ ᠪᠠᠶᠢᠭᠤᠯᠤᠯᠲᠠ ᠶᠢ ᠦᠷᠭᠦᠯᠵᠢᠯᠡᠨ ᠴᠡᠭᠴᠡᠯᠡᠵᠦ᠂ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢ ᠶᠡᠬᠡᠪᠡᠷ ᠠᠬᠢᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢ ᠲᠠᠰᠤᠷᠠᠯᠲᠠ ᠦᠭᠡᠢ ᠬᠥᠭᠵᠢᠭᠦᠯᠦᠨ ᠪᠤᠵᠠᠭᠠᠶᠢᠷᠠᠭᠤᠯᠵᠤ᠂ ᠨᠠᠮ ᠤᠨ ᠪᠠᠶᠢᠭᠤᠯᠤᠯᠲᠠ ᠶᠢᠨ ᠤᠨᠴᠠᠯᠢᠬᠳᠤ ᠲᠦᠷᠦᠯ ᠲᠡᠮᠳᠡᠭ ᠢ ᠡᠭᠦᠳᠬᠦ ᠳᠡᠭᠡᠷ᠎ᠡ ᠬᠦᠴᠦ ᠣᠷᠣᠭᠤᠯᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠬᠦ ᠬᠡᠷᠡᠭᠲᠡᠢ᠃ ᠰᠢᠯᠭᠠᠷᠠᠭᠰᠠᠨ ᠺᠠᠳ᠋ᠷ ᠤᠨ ᠡᠩᠨᠡᠭᠡ ᠶᠢ ᠰᠢᠨᠲᠠᠷᠠᠰᠢ ᠦᠭᠡᠢ ᠪᠠᠶᠢᠭᠤᠯᠵᠤ᠂ ᠨᠠᠮ ᠤᠨ ᠲᠥᠪ ᠬᠤᠷᠢᠶᠠᠨ ᠤ ᠦᠨᠳᠦᠰᠦᠲᠡᠨ ᠤ ᠭᠠᠵᠠᠷ ᠣᠷᠣᠨ ᠤ ᠺᠠᠳ᠋ᠷ ᠲᠤ ︽ᠲᠦᠷᠪᠡᠨ ᠣᠨᠴᠠᠭᠠᠢ︾ ᠱᠠᠭᠠᠷᠳᠠᠯᠭ᠎ᠠ ᠶᠢ ᠲᠦᠷᠦᠭᠦᠯᠡᠨ ᠨᠠᠶᠢᠳᠠᠪᠤᠷᠢᠵᠢᠭᠤᠯᠵᠤ᠂ ᠺᠠᠳ᠋ᠷ ᠤᠨ ᠬᠠᠮᠢᠶᠠᠷᠤᠯᠲᠠ ᠬᠢᠨᠠᠯᠲᠠ ᠶᠢ ᠴᠢᠩᠭ᠎ᠠ ᠪᠣᠳᠠᠲᠠᠢ ᠠᠳᠬᠤᠵᠤ᠂ ᠵᠠᠯᠠᠭᠤ ᠺᠠᠳ᠋ᠷ ᠢ ᠬᠥᠮᠦᠵᠢᠭᠦᠯᠵᠦ ᠰᠢᠯᠢᠨ ᠰᠣᠩᠭᠤᠬᠤ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠤᠨ ᠺᠠᠳ᠋ᠷ ᠢ ᠬᠥᠮᠦᠵᠢᠭᠦᠯᠵᠦ ᠪᠣᠯᠪᠠᠰᠤᠷᠠᠭᠤᠯᠬᠤ ᠶᠢ ᠰᠠᠶᠢᠲᠤᠷ ᠠᠳᠬᠤᠵᠤ᠂ ᠴᠢᠳᠠᠪᠤᠷᠢᠲᠠᠨ ᠢ ︽ᠲᠠᠲᠠᠬᠤ᠂ ᠬᠥᠮᠦᠵᠢᠭᠦᠯᠬᠦ᠂ ᠬᠡᠷᠡᠭᠯᠡᠬᠦ᠂ ᠦᠯᠡᠳᠡᠭᠡᠬᠦ︾ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠤᠳᠤᠷᠢᠳᠬᠤ ᠪᠠᠭ ᠤᠨ ᠬᠤᠭᠤᠴᠠᠭ᠎ᠠ ᠰᠣᠯᠢᠬᠤ ︽ᠰᠡᠭᠦᠯᠴᠢ ᠶᠢᠨ ᠬᠠᠭᠠᠰ ᠵᠣᠬᠢᠶᠠᠯ︾ ᠢ ᠨᠠᠷᠢᠨ ᠬᠢᠨᠠᠮᠠᠭᠠᠢ ᠰᠠᠶᠢᠲᠤᠷ ᠬᠢᠬᠦ ᠬᠡᠷᠡᠭᠲᠡᠢ᠃ ᠰᠤᠷᠲᠠᠯ ᠤᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ︽ᠪᠣᠳᠠᠲᠤ ᠠᠮᠵᠢᠯᠲᠠ ᠪᠠᠷ ᠪᠠᠭᠠᠲᠤᠷ ᠢ ᠦᠨᠡᠯᠡᠬᠦ᠂ ᠪᠣᠳᠠᠲᠤ ᠠᠮᠵᠢᠯᠲᠠ ᠪᠠᠷ ᠺᠠᠳ᠋ᠷ ᠢ ᠬᠡᠷᠡᠭᠯᠡᠬᠦ︾ ᠢᠯᠡ ᠲᠣᠳᠣ ᠤᠳᠤᠷᠢᠳᠤᠮᠵᠢ ᠶᠢ ᠪᠠᠲᠤ ᠪᠤᠢ ᠪᠣᠯᠭᠠᠵᠤ᠂ ᠺᠠᠳ᠋ᠷ ᠢ ᠬᠢᠨᠠᠨ ᠰᠢᠯᠭᠠᠵᠤ ᠦᠨᠡᠯᠡᠬᠦ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢ ᠬᠦᠳᠦᠯᠦᠨ ᠵᠢᠯᠣᠭᠤᠳᠴᠤ ᠪᠠᠶᠢᠭᠠᠳ ᠬᠦᠴᠢᠷ ᠢ ᠲᠤᠭᠤᠯᠤᠨ  ᠂ ᠡᠭᠦᠷᠭᠡᠯᠡᠨ ᠵᠢᠳᠬᠦᠯ ᠭᠠᠷᠭᠠᠬᠤ ᠬᠡᠷᠡᠭᠲᠡᠢ᠃ ᠤᠬᠠᠭᠤᠯᠬᠤ ᠰᠠᠯᠠᠭ᠎ᠠ ᠮᠥᠴᠢᠷ ᠤᠳ ᠶᠠᠷᠢᠶ᠎ᠠ ᠬᠡᠯᠡᠯᠴᠡᠭᠡᠨ ᠤ ᠬᠥᠲᠥᠯᠦᠨ ᠵᠢᠯᠣᠭᠤᠳᠬᠤ ᠬᠢᠷᠢ ᠬᠡᠮᠵᠢᠶ᠎ᠡ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠢᠲᠡᠭᠡᠭᠦᠯᠬᠦ ᠬᠦᠴᠦᠨ᠂ ᠬᠥᠲᠥᠯᠦᠨ ᠳᠠᠭᠠᠭᠤᠯᠬᠤ ᠬᠦᠴᠦᠨ ᠢᠶᠠᠨ ᠦᠨᠡᠨᠬᠦ ᠨᠡᠮᠡᠭᠳᠡᠭᠦᠯᠬᠦ ᠬᠡᠷᠡᠭᠲᠡᠶ᠃ ᠤᠨᠤᠯ ᠢᠶᠠᠷ ᠵᠡᠪᠰᠡᠭᠯᠡᠬᠦ ᠶᠢ ᠬᠦᠴᠦᠯᠡᠨ ᠭᠦᠨᠵᠡᠭᠡᠶᠢᠷᠡᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠪᠠᠷ ᠭᠤᠣᠯ ᠰᠢᠵᠢᠮ ᠪᠣᠯᠭᠠᠵᠤ᠂ ᠭᠤᠣᠯ ᠬᠦᠭ ᠠᠶᠠᠰ ᠢ ᠴᠤᠤᠷᠢᠶᠠᠲᠤᠭᠤᠯᠵᠤ᠂ ᠢᠳᠡᠪᠬᠢ ᠬᠦᠴᠦᠨ ᠢ ᠤᠯᠠᠮᠵᠢᠯᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠺᠠᠳ᠋ᠷᠴᠤᠳ ᠤᠨ ᠤᠬᠠᠮᠰᠠᠷ ᠠᠴᠠ ᠪᠠᠨ ︽ᠬᠤᠶᠠᠷ ᠢ ᠲᠣᠭᠲᠠᠭᠠᠭᠰᠠᠨ︾ ︽ᠬᠤᠶᠠᠷ ᠢ ᠬᠠᠮᠠᠭᠠᠯᠠᠬᠤ︾ ᠶᠢ ᠰᠡᠳᠬᠢᠯ ᠳᠡᠭᠡᠨ ᠰᠢᠩᠭᠡᠭᠡᠵᠦ᠂ ᠦᠢᠯᠡ ᠠᠵᠢᠯᠯᠠᠭ᠎ᠠ ᠳᠠᠭᠠᠨ ᠰᠢᠩᠭᠡᠭᠡᠬᠦ ᠶᠢ ᠬᠦᠳᠦᠯᠦᠨ ᠵᠢᠯᠣᠭᠤᠳᠬᠤ ᠬᠡᠷᠡᠭᠲᠡᠢ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠰᠢᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠡᠷᠡᠰ ᠬᠠᠮᠠᠭᠠᠯᠠᠬᠤ ᠬᠡᠷᠡᠭᠲᠡᠢ᠃ ᠡᠷᠲᠡ ᠴᠢᠯᠥᠭᠡᠯᠡᠭᠳᠡᠭᠰᠡᠨ ᠣᠷᠣᠨ ᠤ ᠬᠥᠭᠵᠢᠯᠲᠡ ᠶᠢᠨ ᠦᠯᠢᠭᠡᠷ ᠢ ᠰᠠᠶᠢᠲᠤᠷ ᠶᠠᠷᠢᠵᠤ᠂ ᠰᠢᠶᠠᠨ ᠤ ᠨᠠᠮ ᠤᠨ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠭᠵᠢᠯᠲᠡ ᠶᠢᠨ ᠳᠤᠮᠳᠠᠬᠢ ᠠᠵᠢᠯ ᠤᠨ ᠬᠢᠯᠠᠰ ᠴᠡᠭ᠂ ᠲᠤᠷᠰᠢᠯᠭ᠎ᠠ ᠠᠷᠭ᠎ᠠ ᠬᠢᠳᠡᠯ ᠢ ᠥᠷᠭᠡᠨ ᠢᠶᠠᠷ ᠤᠬᠠᠭᠤᠯᠤᠨ ᠮᠡᠳᠡᠭᠡᠯᠡᠵᠦ᠂ ︽ᠵᠢᠷᠭᠤᠭᠠᠨ ᠰᠢᠨ᠎ᠡ ᠦᠴᠤᠸᠠᠨ︾ ᠤ ᠠᠯᠳᠠᠷᠰᠢᠯ ᠪᠣᠯᠤᠨ ᠠᠯᠳᠠᠷᠰᠢᠯ ᠤᠨ ᠬᠡᠮᠵᠢᠶ᠎ᠡ ᠶᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃ ᠪᠣᠯᠪᠠᠰᠤᠨ ᠤ ᠰᠢᠨ᠎ᠡ ᠰᠤᠷᠲᠠᠯ ᠢ ᠢᠳᠡᠪᠬᠢᠲᠡᠢ ᠰᠠᠨᠠᠭᠠᠴᠢᠯᠠᠵᠤ᠂ ᠥᠪᠡᠷᠲᠡᠭᠡᠨ ᠵᠠᠰᠠᠬᠤ ᠣᠷᠣᠨ ᠤ ᠲᠡᠰ ᠤᠨ ᠪᠣᠯᠪᠠᠰᠤᠨ ᠬᠤᠳᠠ᠂ ᠠᠮᠢ ᠠᠬᠤᠢ ᠶᠢᠨ ᠪᠣᠯᠪᠠᠰᠤᠨ ᠤ ᠵᠢᠱᠢᠶ᠎ᠡ ᠦᠵᠡᠭᠦᠯᠬᠦ ᠰᠢᠶᠠᠨ ᠪᠣᠯᠤᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾ ᠶᠢᠨ ᠦᠢᠯᠡᠳᠦᠯᠭᠡ ᠶᠢᠨ ᠰᠢᠨ᠎ᠡ ᠶᠢ ᠡᠭᠦᠳᠬᠦ ᠭᠠᠵᠠᠷ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠰᠢᠶᠠᠨ ᠵᠡᠷᠭᠡ ᠶᠢ ᠡᠭᠦᠳᠦᠨ ᠪᠠᠶᠢᠭᠤᠯᠬᠤ ᠠᠵᠢᠯ ᠤᠨ ᠲᠣᠭᠤᠷᠢᠨ ᠳᠤ᠂ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠦᠵᠡᠯ ᠰᠠᠨᠠᠭᠠᠨ ᠤ ᠪᠠᠲᠤᠯᠠᠭ᠎ᠠ ᠬᠠᠩᠭᠠᠬᠤ ᠬᠡᠷᠡᠭᠲᠡᠢ ᠭᠡᠪᠡ᠃      ᠬᠤᠷᠠᠯ ᠠᠴᠠ ᠱᠠᠭᠠᠷᠳᠠᠭᠰᠠᠨ ᠨᠢ᠂ ᠪᠦᠬᠦ ᠰᠢᠶᠠᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠬᠤ ᠪᠣᠯ ᠬᠠᠮᠤᠭ ᠤᠨ ᠶᠡᠭᠡ ᠠᠵᠢᠯ ᠤᠨ ᠪᠦᠲᠦᠮᠵᠢ ᠮᠥᠨ ᠭᠡᠬᠦ ᠣᠶᠢᠯᠠᠭᠠᠭᠳᠠᠬᠤᠨ ᠢ ᠪᠠᠲᠤ ᠪᠠᠬᠢ ᠪᠤᠶ ᠪᠣᠯᠭᠠᠵᠤ᠂ ᠵᠣᠬᠢᠶᠠᠨ ᠪᠠᠶᠢᠭᠤᠯᠵᠤ ᠤᠬᠠᠭᠤᠯᠬᠤ ᠠᠵᠢᠯ ᠤᠨ ᠤᠳᠤᠷᠢᠳᠤᠯᠭ᠎ᠠ ᠪᠠᠨ ᠴᠢᠩᠭᠠᠳᠬᠠᠵᠤ᠂ ᠰᠢᠶᠠᠨ ᠤ ᠨᠠᠮ ᠤᠨ ᠬᠤᠷᠢᠶᠠᠨ ᠤ ᠠᠵᠢᠯ ᠤᠨ ᠰᠡᠳᠬᠢᠴᠡ ᠪᠣᠯᠤᠨ ᠠᠵᠢᠯ ᠤᠨ ᠭᠤᠣᠯᠳᠠᠯᠭ᠎ᠠ ᠲᠠᠢ ᠨᠠᠷᠢᠨ ᠬᠢᠨᠠᠮᠠᠭᠠᠢ ᠬᠠᠷᠢᠴᠠᠭᠤᠯᠵᠤ᠂ ᠨᠠᠷᠢᠨ ᠨᠢᠮᠪᠠᠢ ᠲᠥᠯᠥᠪᠵᠢᠭᠦᠯᠵᠦ᠂ ᠥᠨᠳᠥᠷ ᠲᠦᠪᠰᠢᠨ ᠳᠤ ᠠᠬᠢᠭᠤᠯᠵᠤ᠂ ᠵᠣᠬᠢᠶᠠᠨ ᠪᠠᠶᠢᠭᠤᠯᠵᠤ ᠤᠬᠠᠭᠤᠯᠬᠤ ᠠᠵᠢᠯ ᠪᠣᠯᠤᠨ ᠪᠤᠰᠤᠳ ᠡᠯ᠎ᠡ ᠵᠦᠢᠯ ᠤᠨ ᠠᠵᠢᠯ ᠤᠨ ᠨᠡᠪᠳᠡᠷᠡᠯ ᠠᠭᠤᠰᠤᠯᠴᠠᠯ ᠢ ᠬᠦᠴᠦᠯᠡᠨ ᠠᠬᠢᠭᠤᠯᠵᠤ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ ᠨᠠᠮ ᠤᠨ ᠪᠠᠶᠢᠭᠤᠯᠤᠯᠲᠠ ᠶᠢ ᠠᠳᠬᠤᠬᠤ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠴᠢᠷᠮᠠᠶᠢᠨ ᠪᠦᠷᠢᠯᠳᠦᠭᠦᠯᠵᠦ᠂ ︽ᠵᠢᠷᠭᠤᠭᠠᠨ ᠰᠢᠨ᠎ᠡ ᠦᠴᠤᠸᠠᠨ︾ ᠢ ᠲᠦᠷᠭᠡᠨ ᠪᠠᠶᠢᠭᠤᠯᠬᠤ ᠳᠤ ᠨᠡᠩ ᠪᠠᠲᠤ ᠪᠠᠬᠢ ᠪᠠᠲᠤᠯᠠᠭ᠎ᠠ ᠬᠠᠩᠭᠠᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号