4 ᠰᠠᠷ᠎ᠠ ᠶᠢᠨ 24 ᠤ ᠡᠳᠦᠷ᠂ ᠦᠴᠤᠸᠠᠨ ᠰᠢᠶᠠᠨ 2022 ᠣᠨ ᠤ ᠬᠥᠯᠥᠰᠥᠨ ᠠᠵᠢᠯᠴᠢᠨ ᠤ ᠴᠠᠯᠢᠩ ᠢ | ᠥᠷᠢᠲᠦᠵᠦ ᠤᠳᠠᠭᠠᠰᠢᠷᠠᠭᠤᠯᠬᠤ ᠶᠢ ᠦᠨᠳᠦᠰᠦᠨ ᠠᠴᠠ ᠨᠢ ᠵᠠᠰᠠᠬᠤ ᠠᠵᠢᠯ ᠢ ᠳᠥᠯᠭᠢᠨ ᠠᠬᠢᠭᠤᠯᠬᠤ ᠬᠤᠷᠠᠯ | ᠬᠤᠷᠠᠯᠳᠤᠭᠤᠯᠵᠤ᠂ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠼᠦᠢ ᠵᠧᠨ ᠬᠤᠸᠠ ᠬᠤᠷᠠᠯ ᠳᠤ | ᠣᠷᠣᠯᠴᠠᠪᠠ᠃ | | | | | | ᠬᠤᠷᠠᠯ ᠠᠴᠠ ᠦᠴᠤᠸᠠᠨ ᠰᠢᠶᠠᠨ ᠤ 2022 ᠣᠨ ᠤ ᠨᠢᠭᠡᠳᠦᠭᠡᠷ ᠤᠯᠠᠷᠢᠯ ᠤᠨ ᠴᠠᠯᠢᠩ ᠥᠷᠢᠲᠦᠬᠦ ᠶᠢ | ᠦᠨᠳᠦᠰᠦᠨ ᠠᠴᠠ ᠨᠢ ᠵᠠᠰᠠᠬᠤ ᠠᠵᠢᠯ ᠤᠨ ᠪᠠᠶᠢᠳᠠᠯ ᠢ ᠵᠠᠷᠯᠠᠨ ᠮᠡᠳᠡᠭᠳᠡᠪᠡ᠃ | ᠬᠤᠷᠠᠯ ᠠᠴᠠ᠂ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠠᠵᠢᠯ ᠨᠢ ᠤᠯᠠᠨ ᠲᠦᠮᠡᠨ ᠤ ᠲᠤᠰ | ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠲᠡᠳᠦᠢ ᠪᠢᠰᠢ᠂ ᠨᠡᠩ | ᠴᠤ ᠴᠢᠬᠤᠯᠠ ᠤᠯᠤᠰ ᠲᠦᠷᠦ ᠶᠢᠨ ᠡᠭᠦᠷᠭᠡ ᠪᠣᠯᠤᠨ᠎ᠠ᠂ ᠡᠷᠬᠡᠪᠰᠢ ᠴᠢᠩᠭ᠎ᠠ ᠠᠳᠬᠤᠵᠤ᠂ ᠪᠣᠳᠠᠲᠠᠢ ᠠᠳᠬᠤᠵᠤ᠂ | ᠨᠠᠷᠢᠨ ᠠᠳᠬᠤᠵᠤ᠂ ᠪᠠᠶᠢᠩᠭᠤ ᠠᠳᠬᠤᠵᠤ᠂ ᠬᠦᠴᠦ ᠪᠠᠨ ᠬᠠᠮᠲᠤᠳᠬᠠᠨ ᠥᠷᠢ ᠰᠢᠷᠢ ᠶᠢ ᠵᠠᠰᠠᠬᠤ ᠠᠵᠢᠯ ᠢ | ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ | ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ | ᠠᠵᠢᠯ ᠢ ᠮᠥᠷᠥᠨ ᠳᠡᠭᠡᠷ᠎ᠡ ᠪᠠᠨ ᠡᠭᠦᠷᠭᠡᠯᠡᠵᠦ᠂ ᠭᠠᠷ ᠲᠠᠭᠠᠨ ᠠᠳᠬᠤᠵᠤ᠂ ᠠᠵᠢᠯᠯᠠᠭ᠎ᠠ ᠳᠡᠭᠡᠷ᠎ᠡ ᠪᠠᠨ | ᠨᠠᠶᠢᠳᠠᠪᠤᠷᠢᠵᠢᠭᠤᠯᠵᠤ᠂ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠡᠯ᠎ᠡ ᠵᠦᠢᠯ ᠤᠨ ᠠᠵᠢᠯ ᠤᠨ | ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠬᠡᠷᠡᠭᠲᠡᠢ᠃ ᠨᠢᠭᠡ ᠳᠤ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠨ | ᠦᠵᠡᠵᠦ᠂ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠤᠯᠤᠰ ᠲᠥᠷᠥ ᠶᠢᠨ ᠬᠠᠷᠢᠭᠤᠴᠠᠯᠭᠠᠲᠤ | ᠰᠡᠳᠬᠢᠯᠭᠡ ᠪᠠᠨ ᠴᠢᠩᠭᠠᠳᠬᠠᠬᠤ ᠬᠡᠷᠡᠭᠲᠡᠶ᠃ ᠪᠦᠬᠦ ᠰᠢᠶᠠᠨ ᠤ ᠳᠡᠭᠡᠳᠦ ᠲᠤᠤᠷᠠᠳᠤ ᠱᠠᠳᠤ ᠪᠠᠷ ᠢᠶᠠᠨ ᠦᠵᠡᠯ ᠰᠠᠨᠠᠭ᠎ᠠ | ᠲᠠᠨᠢᠯᠲᠠ ᠪᠠᠨ ᠪᠠᠲᠤᠳᠬᠠᠵᠤ᠂ ᠠᠵᠢᠯᠳᠠᠨ ᠢ ᠵᠣᠬᠢᠶᠠᠨ ᠪᠠᠶᠢᠭᠤᠯᠤᠨ ᠪᠣᠳᠠᠲᠠᠶᠢᠵᠢᠭᠤᠯᠵᠤ᠂ ᠠᠵᠢᠯ ᠤᠨ | ᠬᠠᠷᠢᠭᠤᠴᠠᠯᠭ᠎ᠠ ᠶᠢ ᠰᠠᠶᠢᠲᠤᠷ ᠡᠮᠬᠢᠯᠡᠵᠦ᠂ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ | ᠨᠠᠷᠢᠯᠢᠬᠵᠢᠭᠤᠯᠵᠦ᠂ ᠰᠠᠨᠠᠭᠠᠴᠢᠯᠠᠭ᠎ᠠ ᠠᠴᠠ ᠪᠠᠨ ᠡᠭᠦᠷᠭᠡ ᠲᠤᠰᠢᠶᠠᠯ ᠢᠶᠠᠨ ᠭᠦᠢᠴᠡᠳ ᠭᠦᠢᠴᠡᠳᠬᠡᠵᠦ᠂ ᠪᠣᠳᠠᠲᠠᠢ | ᠠᠷᠭ᠎ᠠ᠂ ᠬᠠᠲᠠᠭᠤ ᠠᠷᠭ᠎ᠠ᠂ ᠬᠦᠴᠦᠲᠡᠢ ᠠᠷᠭ᠎ᠠ ᠠᠪᠴᠤ᠂ ︽ᠴᠢᠩᠭ᠎ᠠ ᠰᠡᠷᠭᠡᠶᠢᠯᠡᠵᠦ᠂ ᠠᠰᠠᠭᠤᠳᠠᠯ ᠢ | ᠰᠢᠢᠳᠪᠦᠷᠢᠯᠡᠵᠦ᠂ ᠭᠡᠮ ᠰᠣᠭᠤᠭ ᠢ ᠠᠷᠢᠯᠭᠠᠵᠤ︾᠂ ᠠᠵᠢᠯ ᠤᠨ ᠰᠠᠭᠤᠷᠢ ᠪᠠᠨ ᠴᠢᠨᠠᠭᠰᠢᠳᠠ ᠪᠠᠲᠤᠳᠬᠠᠵᠤ᠂ | ᠬᠥᠯᠥᠰᠥᠨ ᠠᠵᠢᠯᠴᠢᠨ ᠤ ᠴᠠᠯᠢᠩ ᠤᠨ ᠡᠷᠬᠡ ᠠᠰᠢᠭ ᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ᠃ | ᠬᠤᠶᠠᠷ ᠲᠤ᠂ ᠭᠤᠣᠯᠳᠠᠯᠭ᠎ᠠ ᠶᠢ ᠲᠤᠪᠤᠶᠢᠯᠭᠠᠵᠤ᠂ ᠴᠠᠯᠢᠩ ᠥᠷᠢᠲᠦᠬᠦ ᠠᠰᠠᠭᠤᠳᠠᠯ ᠢ ᠡᠷᠡᠰ ᠬᠤᠷᠢᠭᠯᠠᠬᠤ ᠬᠡᠷᠡᠭᠲᠡᠶ᠃ | ᠪᠥᠬᠦ ᠵᠢᠯ ᠤᠨ ᠠᠵᠢᠯ ᠤᠨ ᠭᠤᠤᠯᠳᠠᠯᠭ᠎ᠠ ᠶᠢ ᠴᠢᠩᠭ᠎ᠠ ᠠᠩᠬᠠᠷᠴᠤ᠂ ︽ᠬᠠᠷᠢᠶ᠎ᠠ ᠣᠷᠣᠨ ᠤ ᠬᠠᠮᠢᠶᠠᠷᠤᠯᠲᠠ ᠶᠢᠨ | ᠬᠠᠷᠢᠭᠤᠴᠠᠯᠭ᠎ᠠ︾ ᠪᠠ ︽ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ︾ ᠶᠢ ᠴᠢᠩᠭᠠᠳᠬᠠᠨ᠂ | ᠴᠡᠭ ᠠᠴᠠ ᠴᠡᠭ ᠲᠤ ᠲᠤᠯᠭᠠᠵᠤ᠂ ᠬᠠᠤᠯᠢᠵᠢᠭᠤᠯᠬᠤ᠂ ᠳᠦᠷᠢᠮᠵᠢᠭᠦᠯᠬᠦ᠂ ᠪᠠᠷᠢᠮᠵᠢᠶᠠᠵᠢᠭᠤᠯᠬᠤ᠂ ᠮᠡᠳᠡᠭᠡ | ᠵᠠᠩᠭᠢᠵᠢᠭᠤᠯᠬᠤ᠂ ᠲᠣᠤᠷᠵᠢᠭᠤᠯᠬᠤ ︽ᠲᠠᠪᠤᠵᠢᠭᠤᠯᠬᠤ ᠪᠠᠶᠢᠭᠤᠯᠤᠯᠲᠠ︾ ᠶᠢ ᠨᠢᠭᠤᠷᠲᠠᠨ ᠠᠬᠢᠭᠤᠯᠵᠤ᠂ ᠲᠠᠰ | ᠳᠡᠪᠰᠢᠭᠦᠯᠦᠨ ᠭᠦᠢᠴᠡᠳᠬᠡᠬᠦ᠂ ᠬᠤᠶᠠᠷ ᠢ ᠲᠤᠰᠢᠶᠠᠨ ᠰᠢᠢᠳᠪᠦᠷᠢᠯᠡᠭᠦᠯᠬᠦ᠂ ᠬᠠᠮᠲᠤᠷᠠᠨ ᠰᠢᠮᠳᠠᠭᠤᠯᠤᠨ | ᠰᠢᠢᠳᠪᠦᠷᠢᠯᠡᠭᠦᠯᠬᠦ ᠵᠡᠷᠭᠡ ᠪᠦᠲᠦᠮᠵᠢᠲᠡᠶ ᠠᠷᠭ᠎ᠠ ᠪᠠᠷᠢᠯ ᠢᠶᠠᠷ ᠳᠠᠮᠵᠢᠭᠤᠯᠤᠨ᠂ ᠠᠵᠢᠯ ᠤᠨ ᠬᠠᠷᠢᠭᠤᠴᠠᠯᠭ᠎ᠠ ᠶᠢ | ᠴᠢᠩᠭ᠎ᠠ ᠪᠣᠳᠠᠲᠠᠶᠢᠵᠢᠭᠤᠯᠵᠤ᠂ ᠡᠬᠢ ᠡᠭᠦᠰᠦᠯ ᠢ ᠨᠢ ᠠᠳᠬᠤᠵᠤ᠂ ᠶᠠᠪᠤᠴᠠ ᠶᠢ ᠨᠢ ᠡᠵᠡᠮᠳᠡᠵᠦ᠂ ᠲᠡᠭᠦᠰᠬᠡᠯ ᠢ ᠨᠢ | ᠵᠠᠰᠠᠵᠤ᠂ ᠴᠠᠯᠢᠩ ᠥᠷᠢᠲᠦᠬᠦ ᠠᠰᠠᠭᠤᠳᠠᠯ ᠢ ᠦᠨᠳᠦᠰᠦᠨ ᠠᠴᠠ ᠨᠢ ᠵᠠᠰᠠᠬᠤ ᠪᠠᠷ ᠴᠢᠷᠮᠠᠶᠢᠬᠤ ᠬᠡᠷᠡᠭᠲᠡᠶ︔ | ᠡᠷᠬᠡ ᠪᠠᠨ ᠬᠠᠮᠠᠭᠠᠯᠠᠬᠤ ᠠᠷᠭ᠎ᠠ ᠵᠠᠮ ᠢ ᠤᠯᠠᠮ ᠨᠢᠭᠡ ᠠᠯᠬᠤᠮ ᠰᠠᠭᠠᠳ ᠥᠬᠡᠶ ᠨᠡᠪᠲᠡᠷᠡᠭᠦᠯᠵᠦ᠂ ᠡᠯ᠎ᠡ ᠠᠷᠭ᠎ᠠ | ᠵᠠᠮ ᠢᠶᠠᠷ ᠲᠤᠰᠬᠠᠭᠰᠠᠨ ᠴᠠᠯᠢᠩ ᠥᠷᠢᠲᠦᠭᠰᠡᠨ ᠵᠠᠭᠠᠯᠳᠤᠯᠭ᠎ᠠ ᠶᠢ ᠥᠨᠳᠥᠷ ᠪᠦᠲᠦᠮᠵᠢᠲᠡᠶ ᠲᠦᠷᠭᠡᠨ ᠰᠢᠢᠳᠪᠦᠷᠢᠯᠡᠵᠦ | ᠂ ︽ᠨᠠᠷᠢᠨ ᠲᠠᠩᠰᠠ ᠶᠢ ᠲᠤᠰᠢᠶᠠᠨ ᠰᠢᠢᠳᠪᠦᠷᠢᠯᠡᠭᠦᠯᠬᠦ᠂ ᠮᠥᠷᠳᠡᠨ ᠰᠢᠮᠳᠠᠭᠤᠯᠤᠨ ᠰᠢᠢᠳᠪᠦᠷᠢᠯᠡᠭᠦᠯᠬᠦ᠂ ᠴᠡᠭᠴᠡᠯᠡᠨ | ᠥᠭᠡᠷᠡᠴᠢᠯᠡᠵᠦ ᠳ᠋ᠤᠭᠠᠷ ᠢ ᠬᠠᠰᠤᠬᠤ︾ ᠪᠢᠲᠡᠭᠦᠤ ᠬᠠᠮᠢᠶᠠᠷᠤᠯᠲᠠ ᠶᠢ ᠪᠡᠶᠡᠯᠡᠭᠦᠯᠦᠨ᠎ᠡ︔ ᠬᠥᠯᠥᠰᠥᠨ ᠠᠵᠢᠯᠴᠢᠨ ᠤ | ᠴᠠᠯᠢᠩ ᠢ ᠤᠳᠠᠭᠠᠰᠢᠷᠠᠭᠤᠯᠤᠨ ᠥᠷᠢᠲᠦᠵᠦ ᠢᠲᠡᠭᠡᠯ ᠠᠯᠳᠠᠭᠰᠠᠳ ᠢ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ | ᠡᠲᠡᠭᠡᠳ ᠤᠨ ᠨᠡᠷᠡᠰ ᠪᠠ ᠬᠥᠳᠡᠯᠮᠦᠷᠢ ᠶᠢᠨ ᠪᠠᠲᠤᠯᠠᠭ᠎ᠠ ᠶᠢᠨ ᠬᠠᠤᠯᠢ ᠠᠴᠠ ᠵᠥᠷᠢᠴᠡᠭᠰᠡᠨ ᠬᠦᠨᠳᠦ ᠶᠡᠭᠡ ᠦᠢᠯᠡ | ᠠᠵᠢᠯᠯᠠᠭ᠎ᠠ ᠶᠢ ᠨᠡᠶᠢᠲᠡᠯᠡᠬᠦ ᠵᠡᠷᠭᠡ ᠢᠲᠡᠭᠡᠮᠵᠢ ᠶᠢᠨ ᠵᠠᠯᠬᠠᠭᠠᠨ ᠴᠡᠭᠡᠷᠯᠡᠭᠦᠯᠬᠦ ᠠᠷᠭ᠎ᠠ ᠪᠠᠷᠢᠯ ᠢ ᠰᠠᠶᠢᠲᠤᠷ ᠬᠡᠷᠡᠭᠯᠡᠵᠦ᠂ | ᠬᠥᠳᠡᠯᠮᠦᠷᠢ ᠶᠢᠨ ᠬᠥᠯᠥᠰᠥ ᠣᠯᠭᠤᠮᠵᠢ ᠥᠭᠬᠦ ᠶᠢ ᠲᠡᠪᠴᠢᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ | ᠥᠭᠴᠦ᠂ ᠬᠠᠤᠯᠢ ᠪᠠᠷ ᠵᠠᠰᠠᠬᠤ ᠴᠢᠩᠭ᠎ᠠ ᠠᠷᠭ᠎ᠠ ᠪᠠᠷᠢᠯ ᠢᠶᠠᠷ ᠬᠥᠯᠥᠰᠥᠨ ᠠᠵᠢᠯᠴᠢᠨ ᠤ ᠴᠠᠯᠢᠩ ᠢ | ᠤᠳᠠᠭᠠᠰᠢᠷᠠᠭᠤᠯᠤᠨ ᠥᠷᠢᠲᠦᠵᠦ ᠪᠠᠶᠢᠭ᠎ᠠ ᠠᠰᠠᠭᠤᠳᠠᠯ ᠢ ᠦᠨᠳᠦᠰᠦᠨ ᠠᠴᠠ ᠨᠢ ᠵᠠᠰᠠᠨ᠎ᠠ᠃ ᠭᠤᠷᠪᠠ ᠳᠤ᠂ | ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ | ᠠᠵᠢᠯ ᠤᠨ ᠨᠠᠶᠢᠳᠠᠪᠤᠷᠢᠵᠢᠭᠤᠯᠤᠯᠲᠠ ᠶᠢ ᠪᠥᠬᠦ ᠲᠠᠯ᠎ᠠ ᠪᠠᠷ ᠰᠠᠶᠢᠲᠤᠷ ᠠᠳᠬᠤᠬᠤ ᠬᠡᠷᠡᠭᠲᠡᠶ᠃ ᠴᠠᠯᠢᠩ ᠥᠷᠢᠲᠦᠬᠦ ᠶᠢ | ᠦᠨᠳᠦᠰᠦᠨ ᠠᠴᠠ ᠨᠢ ᠵᠠᠰᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠶ᠋ᠯ ᠤᠨ ︽ᠲᠠᠪᠤᠨ ᠵᠦᠢᠯ ᠤᠨ ᠲᠦᠷᠢᠮ︾ ᠢ ᠨᠠᠶᠢᠳᠠᠪᠤᠷᠢᠵᠢᠭᠤᠯᠬᠤ ᠶᠢ | ᠪᠠᠶᠢᠩᠭᠤᠵᠢᠭᠤᠯᠬᠤ᠂ ᠳᠦᠷᠢᠮᠵᠢᠭᠦᠯᠬᠦ ᠶᠢ ᠲᠠᠰᠤᠷᠠᠯᠲᠠ ᠥᠬᠡᠶ ᠳᠥᠯᠭᠢᠨ ᠠᠬᠢᠭᠤᠯᠬᠤ ᠬᠡᠷᠡᠭᠲᠡᠶ᠃ ᠪᠠᠶᠢᠭᠤᠯᠵᠤ | ᠪᠠᠶᠢᠭ᠎ᠠ ᠲᠥᠷᠥᠯ ᠵᠦᠢᠯ ᠢ ᠰᠢᠯᠭᠠᠨ ᠠᠪᠬᠤ ᠪᠡᠯᠡᠳᠬᠡᠯ ᠢ ᠴᠢᠨᠠᠷ ᠰᠠᠶᠢᠲᠠᠶ ᠰᠠᠶᠢᠲᠤᠷ ᠬᠢᠵᠦ᠂ ᠪᠠᠷᠢᠮᠵᠢᠶ᠎ᠠ ᠶᠢ | ᠬᠠᠷᠭᠤᠭᠤᠯᠤᠨ ᠬᠦᠰᠦᠨᠦᠭᠲᠦ ᠶᠢ ᠬᠠᠷᠭᠤᠭᠤᠯᠵᠤ᠂ ᠵᠤᠷᠪᠤᠰ ᠳᠠᠷᠠᠭᠠᠯᠠᠨ ᠲᠡᠭᠦᠯᠳᠡᠷᠵᠢᠭᠦᠯᠵᠦ᠂ ᠮᠠᠲ᠋ᠧᠷᠢᠶᠠᠯ ᠤᠨ | ᠠᠭᠤᠯᠭ᠎ᠠ ᠶᠢ ᠪᠥᠬᠦ ᠲᠠᠯ᠎ᠠ ᠪᠠᠷ᠂ ᠲᠤᠭ᠎ᠠ ᠪᠠᠷᠢᠮᠲᠠ ᠶᠢ ᠣᠨᠣᠪᠴᠢᠲᠠᠶ ᠪᠠᠶᠢᠯᠭᠠᠬᠤ ᠶᠢ ᠪᠡᠶᠡᠯᠡᠭᠦᠯᠦᠨ᠂ ᠠᠵᠢᠯ ᠤᠨ | ᠦᠷ᠎ᠡ ᠪᠦᠲᠦᠮᠵᠢ ᠶᠢ ︽ᠦᠨᠡᠨ︾᠂ ︽ᠪᠤᠲᠠᠲᠠᠢ︾᠂ ︽ᠤᠷᠲᠤ ᠤᠳᠠᠭᠠᠨ︾ ᠵᠦᠭ ᠲᠥᠪᠯᠡᠷᠡᠭᠦᠯᠬᠦ ᠶᠢ | ᠬᠠᠮᠲᠤᠪᠠᠷ ᠠᠬᠢᠭᠤᠯᠵᠤ᠂ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠠᠵᠢᠯ ᠤᠨ ᠪᠣᠳᠠᠲᠤ ᠦᠷ᠎ᠡ | ᠪᠦᠲᠦᠮᠵᠢ ᠤᠯᠬᠤ ᠶᠢ ᠬᠦᠴᠦᠯᠡᠨ ᠠᠬᠢᠭᠤᠯᠤᠨ᠎ᠠ᠃ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠢᠶᠠᠨ ᠴᠢᠩᠭᠠᠷᠠᠭᠤᠯᠵᠤ᠂ | ᠦᠵᠡᠯ ᠰᠠᠨᠠᠭ᠎ᠠ ᠪᠠᠨ ᠴᠢᠬᠤᠯᠠᠴᠢᠯᠠᠬᠤ ᠦᠭᠡᠢ᠂ ᠠᠵᠢᠯ ᠢᠶᠠᠨ ᠨᠠᠶᠢᠳᠠᠪᠤᠷᠢᠵᠢᠭᠤᠯᠬᠤ ᠦᠭᠡᠢ᠂ ᠬᠠᠷᠢᠯᠴᠠᠨ | ᠲᠦᠯᠬᠢᠯᠴᠡᠵᠦ᠂ ᠵᠥᠷᠢᠴᠡᠯ ᠢᠶᠠᠨ ᠳᠡᠭᠡᠭᠰᠢ ᠲᠤᠰᠢᠶᠠᠭᠰᠠᠨ ᠪᠠᠶᠢᠪᠠᠯ᠂ ᠬᠠᠤᠯᠢ ᠲᠣᠭᠲᠠᠭᠠᠯ ᠶᠣᠰᠣᠭᠠᠷ | ᠬᠠᠷᠢᠭᠤᠴᠠᠯᠭ᠎ᠠ ᠶᠢ ᠲᠥᠪ ᠴᠢᠩᠭ᠎ᠠ ᠪᠠᠷ ᠨᠡᠬᠡᠮᠵᠢᠯᠡᠬᠦ ᠬᠡᠷᠡᠭᠲᠡᠢ ᠭᠡᠪᠡ᠃ | |