4 ᠰᠠᠷ᠎ᠠ ᠶᠢᠨ 24 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ | ᠰᠢᠶᠠᠨ ᠤ ᠳᠠᠷᠤᠭ᠎ᠠ ᠬᠠᠳᠠ ᠪᠠᠷᠠᠭᠤᠨ ᠤᠯᠠᠭᠠᠨᠪᠤᠯᠠᠭ ᠪᠠᠯᠭᠠᠰᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠠ᠃ | ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | | | | | | ᠬᠠᠳᠠ ᠵᠢᠭᠠᠵᠤ ᠭᠠᠷᠭᠠᠭᠰᠠᠨ ᠨᠢ᠂ ᠠᠮᠤ ᠪᠤᠳᠠᠭᠠᠨ ᠤ ᠠᠮᠤᠷ ᠲᠦᠪᠰᠢᠨ ᠪᠣᠯ ᠤᠯᠤᠰ ᠤᠨ ᠠᠵᠤ ᠠᠬᠤᠶ | ᠠᠷᠠᠳ ᠤᠨ ᠠᠮᠢᠳᠤᠷᠠᠯ ᠪᠠ ᠨᠡᠶᠢᠭᠡᠮ ᠤᠨ ᠲᠣᠭᠲᠠᠭᠤᠨ ᠪᠠᠶᠢᠳᠠᠯ ᠳᠤ ᠬᠤᠯᠪᠣᠭᠳᠠᠵᠤ ᠪᠠᠶᠢᠳᠠᠭ᠂ ᠲᠠᠷᠢᠶᠠᠨ ᠭᠠᠵᠠᠷ ᠢ | ᠬᠠᠮᠠᠭᠠᠯᠠᠬᠤ ᠪᠣᠯ ᠠᠮᠤ ᠪᠤᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠴᠢᠬᠤᠯᠠ ᠤᠷᠢᠲᠠᠯ ᠮᠥᠨ᠃ | ᠦᠴᠤᠸᠠᠨ ᠰᠢᠶᠠᠨ ᠤ ᠬᠢᠨ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ ᠴᠠᠭᠠᠵᠠᠯᠠᠬᠤ᠂ ᠲᠠᠷᠢᠶᠠᠨ | ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠶᠢ ᠰᠡᠷᠭᠡᠶᠢᠯᠡᠬᠦ ᠪᠠ ᠲᠠᠷᠢᠶᠠᠨ ᠭᠠᠵᠠᠷ ᠢ ᠠᠲᠠᠷᠰᠢᠭᠤᠯᠬᠤ ᠶᠢ | ᠴᠡᠭᠴᠡᠯᠡᠨ ᠵᠠᠰᠠᠬᠤ ᠶᠢ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠶᠢᠨ ᠪᠠᠶᠢᠷᠢᠨ ᠳᠤ ᠲᠠᠯᠪᠢᠭᠰᠠᠭᠠᠷ ᠢᠷᠡᠵᠡᠶ᠂ | ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠲᠠᠷᠢᠶᠠᠨ ᠭᠠᠵᠠᠷ ᠢ ᠬᠠᠮᠠᠭᠠᠯᠠᠬᠤ ᠬᠤᠯᠪᠣᠭᠳᠠᠯ ᠪᠥᠬᠦᠶ | ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠲᠠᠷᠢᠶᠠᠨ ᠭᠠᠵᠠᠷ ᠢ ᠬᠠᠮᠠᠭᠠᠯᠠᠬᠤ ᠡᠯ᠎ᠡ ᠵᠦᠢᠯ ᠤᠨ ᠠᠵᠢᠯ ᠢ ᠲᠡᠷᠡ | ᠬᠡᠪ ᠢᠶᠠᠷ ᠨᠢ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ ᠭᠡᠪᠡ᠃ | ᠲᠠᠷᠠᠭᠠᠴᠢ ᠶᠢᠨ ᠠᠯᠬᠤᠮ ᠤᠨ ᠠᠵᠢᠯ ᠳᠤ ᠴᠢᠭᠯᠡᠭᠦᠯᠦᠨ ᠬᠠᠳᠠ᠂ ᠨᠡᠶᠢᠲᠡᠯᠢᠭ ᠵᠢᠱᠢᠶ᠎ᠡ ᠶᠢᠨ ᠲᠤᠷᠰᠢᠯᠭ᠎ᠠ ᠶᠢ | ᠳ᠋ᠦᠩᠨᠡᠵᠦ᠂ ᠦᠷ᠎ᠡ ᠪᠦᠲᠦᠭᠡᠯ ᠢᠶᠠᠨ ᠪᠠᠬᠢᠵᠢᠭᠦᠯᠦᠨ ᠥᠷᠭᠡᠳᠬᠡᠵᠦ᠂ ᠠᠮᠢ ᠠᠬᠤᠢ ᠶᠢᠨ ᠣᠷᠴᠢᠨ ᠲᠣᠭᠤᠷᠢᠨ ᠢ | ᠰᠡᠷᠭᠦᠭᠡᠬᠦ᠂ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠪᠤᠷᠢᠵᠢᠭᠤᠯᠬᠤ᠂ ᠲᠠᠷᠢᠶᠠᠨ ᠭᠠᠵᠠᠷ ᠢ ᠴᠡᠭᠴᠡᠯᠡᠨ | ᠰᠡᠷᠭᠦᠭᠡᠬᠦ ᠵᠡᠷᠭᠡ ᠲᠠᠯ᠎ᠠ ᠪᠠᠷ ᠬᠢ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠣᠯᠤᠨ ᠨᠡᠶᠢᠲᠡᠯᠢᠭ ᠵᠢᠱᠢᠶ᠎ᠡ ᠶᠢᠨ | ᠲᠤᠷᠰᠢᠯᠭ᠎ᠠ ᠬᠢᠳᠡᠯ ᠢ ᠴᠢᠨᠠᠭᠰᠢᠳᠠ ᠡᠮᠬᠢᠯᠡᠵᠦ᠂ ᠡᠯ᠎ᠡ ᠵᠦᠢᠯ ᠤᠨ ᠠᠵᠢᠯ ᠤᠨ ᠤᠷᠤᠭᠰᠢᠲᠠᠢ ᠶᠠᠪᠤᠭᠳᠠᠬᠤ ᠶᠢ | ᠪᠠᠲᠤᠯᠠᠬᠤ ᠬᠡᠷᠡᠭᠲᠡᠢ︔ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠲᠣᠭᠲᠠᠴᠠ ᠶᠢ | ᠪᠠᠶᠢᠭᠤᠯᠤᠨ ᠪᠦᠷᠢᠨᠰᠢᠬᠦᠯᠵᠦ᠂ ᠲᠠᠷᠢᠶᠠᠨ ᠭᠠᠵᠠᠷ ᠢ ᠬᠠᠮᠠᠭᠠᠯᠠᠬᠤ ᠬᠠᠲᠠᠭᠤ ᠠᠷᠭ᠎ᠠ ᠬᠡᠮᠵᠢᠶ᠎ᠡ ᠶᠢ ᠤᠯᠠᠮ ᠨᠢᠭᠡ | ᠠᠯᠬᠤᠮ ᠪᠣᠳᠠᠲᠠᠢ ᠪᠥᠭᠡᠳ ᠨᠠᠷᠢᠯᠢᠭ ᠠᠳᠬᠤᠵᠤ᠂ ᠲᠠᠷᠢᠶᠠᠨ ᠭᠠᠵᠠᠷ ᠤᠨ ᠶᠠᠰᠤ ᠴᠢᠨᠠᠷ ᠤᠨ ᠪᠠᠶᠢᠭᠤᠯᠤᠯᠲᠠ ᠶᠢ | ᠴᠢᠩᠭᠠᠳᠬᠠᠵᠤ᠂ ᠲᠠᠷᠢᠶᠠᠨ ᠭᠠᠵᠠᠷ ᠤᠨ ᠬᠡᠷᠡᠭᠯᠡᠯᠲᠡ ᠶᠢᠨ ᠬᠠᠮᠢᠶᠠᠷᠤᠯᠲᠠ ᠶᠢ ᠴᠢᠩᠳᠠᠯᠠᠵᠤ᠂ ᠬᠥᠳᠡᠯᠦᠩᠭᠦᠢ ᠬᠢᠨᠠᠨ | ᠬᠠᠮᠢᠶᠠᠷᠤᠯᠲᠠ ᠬᠢᠨᠠᠨ ᠬᠡᠮᠵᠢᠯᠲᠡ ᠶᠢ ᠥᠷᠨᠢᠭᠦᠯᠵᠦ᠂ ᠲᠠᠷᠢᠶᠠᠨ ᠭᠠᠵᠠᠷ ᠢ ᠬᠠᠮᠠᠭᠠᠯᠠᠬᠤ ᠠᠵᠢᠯ ᠢ ᠪᠠᠶᠢᠩᠭᠤᠵᠢᠭᠤᠯᠬᠤ᠂ | ᠤᠷᠳᠤ ᠬᠤᠭᠤᠴᠠᠭ᠎ᠠ ᠪᠠᠷ ᠪᠦᠲᠦᠮᠵᠢᠲᠡᠢ ᠪᠠᠶᠢᠯᠭᠠᠬᠤ ᠶᠢ ᠠᠬᠢᠭᠤᠯᠬᠤ ᠬᠡᠷᠡᠭᠲᠡᠢ︔ ᠱᠠᠭᠠᠷᠳᠠᠯᠭ᠎ᠠ ᠶᠢ ᠴᠢᠩᠭ᠎ᠠ | ᠵᠢᠷᠤᠮᠯᠠᠨ ᠪᠥᠬᠦ ᠰᠢᠶᠠᠨ ᠤ ᠲᠠᠷᠢᠶᠠᠨ ᠭᠠᠵᠠᠷ ᠢ ᠬᠠᠮᠠᠭᠠᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ | ᠵᠢᠷᠤᠮᠵᠢᠭᠤᠯᠵᠤ᠂ ᠪᠠᠷᠢᠮᠵᠢᠶᠠᠵᠢᠭᠤᠯᠤᠨ ᠥᠭᠡᠷᠡᠴᠢᠯᠡᠨ ᠪᠠᠶᠢᠭᠤᠯᠬᠤ ᠳᠡᠭᠡᠷ᠎ᠡ ᠬᠦᠴᠦᠯᠡᠨ᠂ ᠠᠮᠤ ᠪᠤᠳᠠᠭᠠᠨ ᠤ | ᠤᠨᠠᠯᠲᠠ ᠬᠢᠭᠡᠳ ᠳᠠᠷᠢᠬᠤ ᠬᠡᠪᠴᠢᠶ᠎ᠡ ᠶᠢ ᠦᠨᠡᠨ ᠬᠦ ᠪᠠᠲᠤᠯᠠᠵᠤ᠂ ᠳᠠᠷᠢᠬᠤ ᠮᠡᠷᠭᠡᠵᠢᠯ ᠤᠨ ᠭᠦᠢᠴᠡᠳᠬᠡᠯ ᠲᠤᠭ᠎ᠠ ᠶᠢ | ᠵᠢᠷᠤᠮᠵᠢᠭᠤᠯᠤᠨ᠂ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠲᠦᠷᠢᠮ ᠢ ᠬᠡᠷᠡᠭᠵᠢᠭᠦᠯᠬᠦ ᠬᠡᠷᠡᠭᠲᠡᠶ︔ | ᠮᠡᠷᠭᠡᠵᠢᠯ ᠤᠨ ᠵᠢᠯᠤᠭᠤᠳᠤᠯᠭ᠎ᠠ ᠪᠠ ᠦᠢᠯᠡᠴᠢᠯᠡᠭᠡ ᠶᠢ ᠴᠢᠩᠭᠠᠳᠬᠠᠵᠤ᠂ ᠬᠥᠷᠥᠰᠥ ᠰᠢᠷᠣᠶ᠂ ᠵᠠᠮ ᠬᠠᠷᠢᠯᠴᠠᠭ᠎ᠠ᠂ | ᠤᠰᠤᠨ ᠠᠰᠢᠭᠯᠠᠯᠲᠠ ᠵᠡᠷᠭᠡ ᠪᠠᠶᠢᠳᠠᠯ ᠢ ᠶᠡᠷᠦᠩᠬᠡᠶᠢᠯᠡᠨ ᠪᠣᠳᠣᠯᠬᠢᠯᠠᠵᠤ᠂ ᠲᠠᠷᠢᠶᠠᠯᠠᠬᠤ ᠴᠠᠭ ᠬᠤᠭᠤᠴᠠᠭ᠎ᠠ ᠶᠢ | ᠵᠠᠪᠳᠤᠨ ᠠᠳᠬᠤᠵᠤ᠂ ᠲᠣᠬᠢᠷᠠᠮᠵᠢᠲᠠᠶ ᠠᠮᠤ ᠪᠤᠳᠠᠭᠠᠨ ᠤ ᠲᠠᠷᠢᠮᠠᠯ ᠢ ᠲᠠᠷᠢᠵᠤ᠂ ᠲᠠᠷᠢᠶᠠᠨ ᠭᠠᠵᠠᠷ ᠢ ᠪᠦᠲᠦᠮᠵᠢᠲᠡᠶ | ᠠᠰᠢᠭᠯᠠᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠪᠡ᠃ | | | | |