4 ᠳ᠋ᠦ᠋ᠭᠡᠷ ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ | ᠮᠡᠳᠡᠭᠡᠨ ᠤ ᠠᠯᠪᠠᠨ ᠭᠡᠷ ᠥᠪᠡᠷᠲᠡᠭᠡᠨ ᠵᠠᠰᠠᠬᠤ ᠣᠷᠣᠨ ᠤ ᠦᠢᠯᠡᠴᠢᠯᠡᠭᠡᠨ ᠤ ᠦᠢᠯᠡᠰ ᠤᠨ ᠴᠢᠨᠠᠷᠯᠢᠭ | ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠨᠡᠶᠢᠲᠡᠯᠡᠬᠦ ᠵᠤᠷᠰᠢᠯᠲᠤ ᠬᠤᠷᠠᠯ ᠢ ᠬᠤᠷᠠᠯᠳᠤᠭᠤᠯᠪᠠ᠃ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠤᠯᠪᠣᠭᠳᠠᠯ | ᠪᠦᠬᠦᠢ ᠬᠠᠷᠢᠭᠤᠴᠠᠯᠭᠠᠲᠠᠨ ᠲᠦᠷᠦ ᠶᠢᠨ ᠪᠣᠳᠣᠯᠭ᠎ᠠ ᠶᠢ ᠨᠡᠶᠢᠲᠡᠯᠡᠭᠰᠡᠨ ᠠᠬᠤᠢ ᠪᠠᠶᠢᠳᠠᠯ ᠵᠡᠷᠭᠡ ᠶᠢᠨ ᠲᠤᠬᠠᠢ | ᠲᠠᠨᠢᠯᠴᠠᠭᠤᠯᠵᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠥᠪᠡᠷᠲᠡᠭᠡᠨ | ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ | ᠵᠢᠭᠤᠯᠴᠢᠯᠠᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠤᠰ ᠲᠤᠰ | ᠰᠤᠷᠪᠤᠯᠵᠢᠯᠠᠭᠴᠢᠳ ᠤᠨ ᠠᠰᠠᠭᠤᠯᠲᠠ ᠶᠢ ᠬᠠᠷᠢᠭᠤᠯᠪᠠ᠃ ᠦᠢᠯᠡᠴᠢᠯᠡᠭᠡᠨ ᠤ ᠦᠢᠯᠡᠰ ᠨᠢ ᠤᠯᠤᠰ ᠠᠷᠠᠳ ᠤᠨ | ᠠᠵᠤ ᠠᠬᠤᠢ ᠶᠢᠨ ᠬᠥᠭᠵᠢᠯᠲᠡ ᠶᠢᠨ ᠳᠤᠮᠳᠠ ᠮᠠᠰᠢ ᠴᠢᠬᠤᠯᠠ ᠪᠠᠶᠢᠷᠢ ᠰᠠᠭᠤᠷᠢ ᠲᠠᠢ ᠪᠠᠶᠢᠵᠤ᠂ ᠠᠵᠢᠯ | ᠣᠯᠭᠤᠯᠲᠠ ᠶᠢ ᠰᠢᠩᠭᠡᠬᠡᠨ ᠠᠪᠬᠤ᠂ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠢ | ᠰᠠᠶᠢᠵᠢᠷᠠᠭᠤᠯᠬᠤ ᠳᠤ ᠴᠢᠬᠤᠯᠠ ᠦᠢᠯᠡᠳᠦᠯ ᠦᠵᠡᠭᠦᠯᠵᠦ ᠪᠠᠶᠢᠳᠠᠭ᠃ | ᠣᠶᠢᠷ᠎ᠠ ᠶᠢᠨ ᠵᠢᠯ ᠤᠳ ᠲᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠳᠣᠣᠷ᠎ᠠ᠂ ᠪᠥᠬᠦ ᠣᠷᠣᠨ ᠤ ᠳᠡᠭᠡᠳᠦ ᠳᠣᠣᠷᠠᠳᠤ ᠱᠠᠲᠤᠨ ᠤ | ᠬᠠᠮᠲᠤ ᠶᠢᠨ ᠴᠢᠷᠮᠠᠶᠢᠯᠭ᠎ᠠ ᠪᠠᠷ᠂ ᠮᠠᠨ ᠤ ᠣᠷᠣᠨ ᠬᠢᠵᠢᠭ ᠤᠨ ᠪᠠᠶᠢᠳᠠᠯ ᠠᠴᠠ ᠪᠣᠯᠤᠭᠰᠠᠨ ᠠᠰᠢᠭ ᠦᠭᠡᠢ | ᠨᠥᠯᠥᠭᠡ ᠶᠢ ᠴᠢᠷᠮᠠᠶᠢᠨ ᠲᠡᠪᠴᠢᠵᠦ᠂ ᠦᠢᠯᠡᠴᠢᠯᠡᠭᠡᠨ ᠤ ᠦᠢᠯᠡᠰ ᠤᠨ ᠰᠡᠷᠭᠦᠯᠲᠡ ᠶᠢᠨ ᠴᠢᠨᠠᠷᠲᠠᠢ ᠨᠡᠮᠡᠭᠳᠡᠯ ᠢ | ᠪᠡᠶᠡᠯᠡᠭᠦᠯᠪᠡ᠃ ᠭᠡᠪᠡᠴᠦ ᠲᠡᠷᠢᠭᠦᠨ ᠤ ᠬᠥᠭᠵᠢᠭᠰᠡᠨ ᠭᠠᠵᠠᠷ ᠣᠷᠣᠨ᠂ ᠠᠳᠠᠯᠢ ᠠᠵᠤ ᠠᠬᠤᠢ ᠶᠢᠨ ᠪᠠᠭᠲᠠᠭᠠᠮᠵᠢ ᠲᠠᠢ | ᠭᠠᠵᠠᠷ ᠣᠷᠣᠨ᠂ ᠠᠳᠠᠯᠢ ᠲᠦᠷᠦᠯ ᠤᠨ ᠭᠠᠵᠠᠷ ᠣᠷᠣᠨ ᠲᠠᠢ ᠬᠠᠷᠢᠴᠠᠭᠤᠯᠪᠠᠯ ᠵᠥᠷᠢᠶ᠎ᠡ ᠨᠢ ᠮᠥᠨ ᠯᠡ ᠨᠡᠯᠢᠶᠡᠳ | ᠶᠡᠭᠡ ᠪᠠᠶᠢᠨ᠎ᠠ᠃ ᠳᠤᠲᠠᠭᠤᠳᠠᠯ ᠢᠶᠠᠨ ᠨᠥᠬᠦᠪᠦᠷᠢᠯᠡᠵᠦ᠂ ᠢᠲᠡᠭᠡᠯ ᠵᠣᠷᠢᠭ ᠢᠶᠠᠨ ᠬᠥᠪᠴᠢᠯᠡᠵᠦ᠂ ᠠᠵᠤ ᠠᠬᠤᠶᠢᠯᠠᠯ ᠢ | ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠬᠥᠭᠵᠢᠯᠲᠡ ᠶᠢᠨ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ | ᠪᠣᠯᠭᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ︽1+7+2︾ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢᠨ ᠲᠣᠭᠲᠠᠯᠴᠠᠭ᠎ᠠ ᠶᠢ ᠲᠣᠭᠲᠠᠭᠠᠪᠠ᠃ ᠡᠭᠦᠨ ᠳᠤ᠂ ︽1︾ ᠨᠢ ᠨᠢᠭᠡ ᠶᠡᠷᠦᠩᠬᠡᠢ ᠲᠥᠰᠥᠯ᠂ ︽ | ᠥᠪᠡᠷᠲᠡᠭᠡᠨ ᠵᠠᠰᠠᠬᠤ ᠣᠷᠣᠨ ᠤ ᠦᠢᠯᠡᠴᠢᠯᠡᠭᠡᠨ ᠤ ᠦᠢᠯᠡᠰ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠶᠢᠨ | ᠬᠡᠷᠡᠭᠵᠢᠭᠦᠯᠬᠦ ᠲᠥᠰᠥᠯ ︵2022 ᠬᠡᠪᠯᠡᠯ︶︾ ᠢ ᠦᠢᠯᠡᠴᠢᠯᠡᠭᠡᠨ ᠤ ᠦᠢᠯᠡᠰ ᠤᠨ ᠴᠢᠨᠠᠷᠯᠢᠭ ᠬᠥᠭᠵᠢᠯᠲᠡ ᠶᠢᠨ | ᠣᠨ ᠤ ᠶᠡᠷᠦᠩᠬᠡᠶᠢᠯᠡᠨ ᠵᠢᠯᠣᠭᠤᠳᠤᠭᠤᠯᠬᠤ ᠴᠢᠨᠠᠷᠲᠠᠢ ᠪᠢᠴᠢᠭ ᠮᠠᠲ᠋ᠧᠷᠢᠶᠠᠯ ᠪᠣᠯᠭᠠᠵᠤ᠂ ᠶᠡᠷᠦᠩᠬᠡᠢ ᠱᠠᠭᠠᠷᠳᠠᠯᠭ᠎ᠠ | ᠵᠢᠴᠢ ᠬᠠᠷᠠᠯᠲᠠ᠂ ᠭᠤᠣᠯᠳᠠᠯᠭ᠎ᠠ ᠲᠠᠢ ᠡᠭᠦᠷᠭᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠵᠡᠷᠭᠡ ᠭᠤᠷᠪᠠᠨ ᠲᠠᠯ᠎ᠠ ᠠᠴᠠ | ᠲᠣᠳᠣᠷᠬᠠᠶᠢᠯᠠᠵᠤ᠂ ᠦᠢᠯᠡᠴᠢᠯᠡᠭᠡᠨ ᠤ ᠦᠢᠯᠡᠰ ᠤᠨ ᠡᠯ᠎ᠡ ᠬᠦᠷᠢᠶ᠎ᠡ᠂ ᠡᠯ᠎ᠡ ᠠᠵᠢᠯ ᠲᠥᠷᠥᠯ ᠤᠨ ᠬᠥᠭᠵᠢᠯᠲᠡ ᠶᠢ | ᠪᠥᠬᠦ ᠲᠠᠯ᠎ᠠ ᠪᠠᠷ ᠨᠢᠭᠡᠳᠦᠯᠲᠡᠢ ᠲᠥᠯᠥᠪᠯᠡᠪᠡ᠃ ︽7︾ ᠨᠢ ᠲᠤᠯᠤᠭᠠᠨ ᠵᠦᠢᠯ ᠤᠨ ᠠᠵᠢᠯᠯᠠᠭᠠᠨ ᠤ ᠲᠥᠰᠥᠯ ᠢ | ᠵᠢᠭᠠᠵᠤ ᠪᠠᠶᠢᠨ᠎ᠠ᠃ ᠵᠢᠭᠤᠯᠴᠢᠯᠠᠯ᠂ ᠠᠷᠠᠯᠵᠢᠶ᠎ᠠ ᠬᠤᠳᠠᠯᠳᠤᠭ᠎ᠠ᠂ ᠤᠳᠤ ᠦᠶ᠎ᠡ ᠶᠢᠨ ᠪᠠᠷᠠᠭᠠᠨ ᠤ ᠭᠦᠢᠯᠭᠡᠭᠡ᠂ | ᠮᠥᠩᠭᠦᠨ ᠭᠦᠢᠯᠭᠡᠭᠡ᠂ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ ᠵᠡᠷᠭᠡ 5 ᠭᠤᠣᠯᠳᠠᠯᠭ᠎ᠠ ᠲᠠᠢ | ᠬᠦᠷᠢᠶᠡᠨ ᠤ ᠠᠵᠢᠯᠯᠠᠭ᠎ᠠ ᠶᠢᠨ ᠲᠥᠰᠥᠯ ᠢ ᠲᠣᠭᠲᠠᠭᠠᠪᠠ᠃ ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ | ᠦᠢᠯᠡᠰ ᠤᠨ ᠨᠢᠭᠡ ᠲᠠᠯ᠎ᠠ ᠨᠢ ᠦᠢᠯᠡᠳᠪᠦᠷᠢᠯᠡᠯ ᠲᠠᠢ ᠬᠤᠯᠪᠣᠯᠳᠤᠵᠤ᠂ ᠨᠦᠭᠦᠭᠡ ᠲᠠᠯ᠎ᠠ ᠨᠢ ᠠᠷᠠᠳ ᠤᠨ | ᠠᠮᠢᠳᠤᠷᠠᠯ ᠲᠠᠢ ᠬᠤᠯᠪᠣᠯᠳᠤᠵᠤ ᠪᠠᠶᠢᠬᠤ ᠪᠥᠭᠡᠳ ᠬᠡᠷᠡᠭᠯᠡᠭᠡ ᠶᠢ ᠥᠷᠭᠡᠳᠬᠡᠬᠦ ᠶᠢᠨ ᠴᠢᠬᠤᠯᠠ ᠲᠤᠯᠭᠠᠭᠤᠷᠢᠯᠠᠯ | ᠪᠣᠯᠬᠤ ᠶᠢ ᠪᠣᠳᠣᠯᠬᠢᠯᠠᠵᠤ᠂ ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ ᠳᠤᠲᠠᠭᠤᠳᠠᠯ ᠢ | ᠨᠥᠬᠦᠪᠦᠷᠢᠯᠡᠬᠦ ᠪᠠ ᠬᠡᠷᠡᠭᠯᠡᠭᠡ ᠶᠢ ᠠᠬᠢᠭᠤᠯᠬᠤ 2 ᠠᠵᠢᠯᠯᠠᠭᠠᠨ ᠤ ᠲᠥᠰᠥᠯ ᠢ ᠲᠣᠭᠲᠠᠭᠠᠵᠠᠢ᠃ ︽2︾ ᠨᠢ ᠬᠤᠶᠠᠷ | ᠵᠦᠢᠯ ᠤᠨ ᠲᠦᠷᠦ ᠶᠢᠨ ᠪᠣᠳᠣᠯᠭ᠎ᠠ ᠶᠢ ᠬᠡᠯᠡᠵᠦ ᠪᠠᠶᠢᠨ᠎ᠠ᠃ ᠤᠯᠤᠰ ᠤᠨ ᠳᠣᠲᠣᠭᠠᠳᠤ ᠶᠢᠨ ᠲᠡᠷᠢᠭᠦᠨ ᠤ ᠭᠠᠵᠠᠷ | ᠣᠷᠣᠨ ᠤ ᠲᠤᠷᠰᠢᠯᠭ᠎ᠠ ᠪᠠ ᠠᠷᠭ᠎ᠠ ᠬᠢᠳᠡᠯ ᠢᠶᠠᠷ ᠲᠣᠯᠢ ᠪᠣᠯᠭᠠᠭᠰᠠᠨ ᠰᠠᠭᠤᠷᠢᠨ ᠳᠡᠭᠡᠷ᠎ᠡ᠂ ᠠᠵᠢᠯ ᠲᠦᠷᠦᠯ ᠤᠨ | ᠬᠥᠭᠵᠢᠯᠲᠡ ᠶᠢ ᠳᠡᠮᠵᠢᠬᠦ ᠡᠭᠦᠳᠡᠨ ᠠᠴᠠ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠬᠤ 71 ᠵᠤᠷᠪᠤᠰ | ᠲᠦᠷᠦ ᠶᠢᠨ ᠪᠣᠳᠣᠯᠭ᠎ᠠ ᠶᠢ ᠲᠣᠭᠲᠠᠭᠠᠪᠠ︔ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠪᠤᠶᠢᠵᠢᠭᠤᠯᠤᠨ | ᠪᠤᠵᠠᠭᠠᠶᠢᠷᠠᠭᠤᠯᠬᠤ ᠪᠠ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠬᠦ ᠡᠭᠦᠳᠡᠨ ᠠᠴᠠ | ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ 50 ᠵᠤᠷᠪᠤᠰ ᠲᠦᠷᠦ ᠶᠢᠨ ᠪᠣᠳᠣᠯᠭ᠎ᠠ ᠶᠢ | ᠲᠣᠭᠲᠠᠭᠠᠪᠠ᠃ ︽ᠬᠠᠮ ᠪᠣᠳᠣᠯᠭ᠎ᠠ︾ ᠪᠠᠷ ᠳᠠᠮᠵᠢᠭᠤᠯᠤᠨ᠂ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠳᠤ | ︽ᠮᠡᠳᠡᠭᠳᠡᠬᠦ᠋ᠢᠴᠡ᠂ ᠳᠣᠲᠣᠨᠣᠰᠤᠭ᠂ ᠪᠣᠳᠠᠲᠤ ᠪᠦᠲᠦᠮᠵᠢ ᠲᠠᠢ︾ ᠪᠠᠶᠢᠬᠤ ᠶᠢ ᠭᠦᠢᠴᠡᠳᠬᠡᠵᠦ᠂ ᠲᠥᠷᠥ ᠶᠢᠨ | ᠪᠣᠳᠣᠯᠭ᠎ᠠ ᠶᠢᠨ ᠠᠰᠢᠭ ᠲᠤᠰᠠ ᠶᠢ ᠦᠨᠡᠨ ᠬᠦ ᠡᠳ᠋ᠯᠡᠭᠦᠯᠬᠦ ᠬᠡᠷᠡᠭᠲᠡᠢ᠃ | |