︵ᠰᠤᠷᠪᠤᠯᠵᠢᠯᠠᠭᠴᠢ ᠯᠢᠦ ᠵᠢᠶᠦ᠋ᠨ︶ 3 ᠳ᠋ᠤᠭᠠᠷ ᠰᠠᠷ᠎ᠠ ᠶᠢᠨ 26 ᠤ ᠡᠳᠦᠷ ᠠᠴᠠ 4 ᠳ᠋ᠤᠭᠡᠷ ᠰᠠᠷ᠎ᠠ ᠶᠢᠨ | 26 ᠤ ᠡᠳᠦᠷ ᠪᠣᠯᠲᠠᠯ᠎ᠠ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠷᠪᠠᠳᠤᠭᠠᠷ | ᠰᠢᠮᠳᠠᠭᠤᠯᠤᠨ ᠪᠠᠶᠢᠴᠠᠭᠠᠬᠤ ᠳᠤᠭᠤᠶᠢᠯᠠᠩ ︵ᠳᠣᠷᠣᠭᠰᠢ ︽ᠲᠥᠪ ᠤᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ︾ | ᠭᠡᠵᠦ ᠲᠣᠪᠴᠢᠯᠠᠨ᠎ᠠ︶ ᠠᠴᠠ ᠮᠠᠨ ᠤ ᠬᠤᠲᠠ ᠳᠤ 32 ᠪᠦᠯᠦᠭ ᠤᠨ ᠨᠡᠶᠢᠲᠡ 439 ᠬᠤᠪᠢ ︵ᠤᠲᠠᠰᠤ ᠪᠠᠷ | ᠢᠯᠡᠴᠢᠯᠡᠨ ᠮᠡᠳᠡᠭᠦᠯᠦᠭᠰᠡᠨ ᠨᠢ 235 ᠬᠤᠪᠢ᠂ ᠴᠠᠬᠢᠯᠭᠠᠨ ᠬᠤᠯᠪᠣᠭ᠎ᠠ ᠪᠠᠷ ᠢᠯᠡᠴᠢᠯᠡᠨ ᠮᠡᠳᠡᠭᠦᠯᠦᠭᠰᠡᠨ ᠨᠢ 204 | ᠬᠤᠪᠢ︶ ᠢᠯᠡᠴᠢᠯᠡᠨ ᠮᠡᠳᠡᠭᠦᠯᠦᠭᠰᠡᠨ ᠬᠡᠷᠡᠭ ᠢ ᠰᠢᠢᠳᠪᠦᠷᠢᠯᠡᠭᠦᠯᠬᠦ ᠪᠠᠷ ᠲᠤᠰᠢᠶᠠᠪᠠ᠃ 4 ᠳ᠋ᠤᠭᠡᠷ ᠰᠠᠷ᠎ᠠ ᠶᠢᠨ | 17 ᠤ ᠡᠳᠦᠷ᠂ ᠲᠥᠪ ᠤᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠠᠴᠠ ᠮᠠᠨ ᠤ ᠬᠤᠲᠠ ᠳᠤ ᠬᠤᠷᠢᠨ | ᠭᠤᠷᠪᠠᠳᠤᠭᠠᠷ ᠪᠦᠯᠦᠭ ᠤᠨ 12 ᠬᠤᠪᠢ ︵ᠤᠳᠠᠰᠤ ᠪᠠᠷ ᠢᠯᠡᠴᠢᠯᠡᠨ ᠮᠡᠳᠡᠭᠦᠯᠦᠭᠰᠡᠨ ᠨᠢ 5 ᠬᠤᠪᠢ᠂ ᠴᠠᠬᠢᠯᠭᠠᠨ | ᠬᠤᠯᠪᠣᠭ᠎ᠠ ᠪᠠᠷ ᠢᠯᠡᠴᠢᠯᠡᠨ ᠮᠡᠳᠡᠭᠦᠯᠦᠭᠰᠡᠨ ᠨᠢ 7 ᠬᠤᠪᠢ︶ ᠢᠯᠡᠴᠢᠯᠡᠨ ᠮᠡᠳᠡᠭᠦᠯᠦᠭᠰᠡᠨ ᠬᠡᠷᠡᠭ ᠢ | ᠰᠢᠢᠳᠪᠦᠷᠢᠯᠡᠭᠦᠯᠬᠦ ᠪᠠᠷ ᠲᠤᠰᠢᠶᠠᠪᠠ᠂ ᠲᠥᠪ ᠤᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠠᠵᠢᠯ ᠤᠨ | ᠱᠠᠭᠠᠷᠳᠠᠯᠭ᠎ᠠ ᠶᠣᠰᠣᠭᠠᠷ᠂ ᠪᠥᠬᠦ ᠬᠤᠲᠠ ᠶᠢᠨ ᠬᠢᠨ ᠨᠢᠭᠡᠨᠲᠡ ᠬᠤᠷᠢᠨ ᠭᠤᠷᠪᠠᠳᠤᠭᠠᠷ ᠪᠦᠯᠦᠭ ᠤᠨ 12 ᠬᠤᠪᠢ | ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠪᠠᠶᠢᠴᠠᠭᠠᠨ ᠰᠢᠢᠳᠪᠦᠷᠢᠯᠡᠪᠡ᠃ ᠣᠲᠣ ᠪᠣᠯᠲᠠᠯ᠎ᠠ᠂ 9 ᠬᠡᠷᠡᠭ ᠢ ᠨᠢᠭᠡᠨᠲᠡ | ᠰᠢᠢᠳᠪᠦᠷᠢᠯᠡᠵᠦ ᠳᠠᠭᠤᠰᠬᠠᠨ᠂ 3 ᠬᠡᠷᠡᠭ ᠢ ᠱᠠᠲᠤ ᠦᠶ᠎ᠡ ᠶᠢᠨ ᠴᠢᠨᠠᠷᠲᠠᠢ ᠪᠠᠷ ᠰᠢᠢᠳᠪᠦᠷᠢᠯᠡᠵᠦ ᠳᠠᠭᠤᠰᠬᠠᠨ᠂ | 1 ᠶᠢ ᠨᠢ ᠬᠡᠷᠡᠭ ᠪᠣᠯᠭᠠᠨ ᠳᠠᠩᠰᠠᠯᠠᠨ ᠰᠢᠢᠳᠬᠡᠵᠦ᠂ 20229.86 ᠲᠥᠭᠦᠷᠢᠭ ᠵᠣᠭᠤᠰ ᠢᠶᠠᠷ ᠲᠣᠷᠭᠠᠪᠠ᠃ 4 | ᠳ᠋ᠤᠭᠡᠷ ᠰᠠᠷ᠎ᠠ ᠶᠢᠨ 26 ᠤ ᠡᠳᠦᠷ ᠪᠣᠯᠲᠠᠯ᠎ᠠ᠂ ᠪᠥᠬᠦ ᠬᠤᠲᠠ ᠶᠢᠨ ᠬᠢᠨ 1 — 23 ᠳ᠋ᠤᠭᠠᠷ ᠪᠦᠯᠦᠭ ᠤᠨ | ᠨᠡᠶᠢᠲᠡ 296 ᠬᠤᠪᠢ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠪᠠᠶᠢᠴᠠᠭᠠᠨ ᠰᠢᠢᠳᠪᠦᠷᠢᠯᠡᠪᠡ᠂ ᠡᠭᠦᠨ ᠳᠤ 131 | ᠬᠤᠪᠢ ᠶᠢ ᠨᠢ ᠨᠢᠭᠡᠨᠲᠡ ᠰᠢᠢᠳᠪᠦᠷᠢᠯᠡᠨ ᠳᠠᠭᠤᠰᠬᠠᠵᠤ᠂ 104 ᠬᠤᠪᠢ ᠶᠢ ᠨᠢ ᠱᠠᠲᠤ ᠦᠶ᠎ᠡ ᠶᠢᠨ ᠴᠢᠨᠠᠷᠲᠠᠢ ᠪᠠᠷ | ᠰᠢᠢᠳᠪᠦᠷᠢᠯᠡᠨ ᠳᠠᠭᠤᠰᠬᠠᠵᠤ᠂ 61 ᠬᠤᠪᠢ ᠶᠢ ᠨᠢ ᠰᠢᠢᠳᠪᠦᠷᠢᠯᠡᠵᠦ ᠳᠠᠭᠤᠰᠬᠠᠭᠠᠳᠤᠢ᠂ 31 ᠶᠢ ᠨᠢ ᠵᠠᠷᠯᠢᠭᠳᠠᠵᠤ | ᠴᠡᠭᠴᠡᠯᠡᠨ ᠰᠠᠶᠢᠵᠢᠷᠠᠭᠤᠯᠵᠤ᠂ 12 ᠢ ᠨᠢ ᠬᠡᠷᠡᠭ ᠪᠣᠯᠭᠠᠨ ᠳᠡᠩᠰᠡᠯᠡᠨ ᠰᠢᠢᠳᠭᠡᠵᠦ᠂ 50.248786 ᠲᠦᠮᠡᠨ | ᠲᠥᠭᠦᠷᠢᠭ ᠤᠨ ᠵᠣᠭᠤᠰ ᠢᠶᠠᠷ ᠲᠣᠷᠭᠠᠵᠤ᠂ 13 ᠶᠢ ᠨᠢ ᠬᠡᠷᠡᠭ ᠪᠣᠯᠭᠠᠨ ᠳᠡᠩᠰᠡᠯᠡᠵᠦ ᠲᠠᠩᠨᠠᠨ ᠪᠠᠶᠢᠴᠠᠭᠠᠵᠤ᠂ 11 | ᠬᠥᠮᠥᠨ ᠢ ᠡᠷᠡᠭᠦᠦ ᠶᠢᠨ ᠬᠡᠷᠡᠭ ᠢᠶᠠᠷ ᠲᠦᠷ ᠬᠤᠷᠢᠵᠤ᠂ 2 ᠨᠢᠭᠡᠴᠡ᠂ 13 ᠬᠥᠮᠥᠨ ᠠᠴᠠ ᠬᠠᠷᠢᠭᠤᠴᠠᠯᠭ᠎ᠠ | ᠨᠡᠬᠡᠮᠵᠢᠯᠡᠵᠦ᠂ 11 ᠬᠥᠮᠥᠨ ᠢ ᠬᠡᠷᠡᠭ ᠢᠶᠠᠷ ᠳᠠᠩᠰᠠᠯᠠᠨ ᠬᠢᠨᠠᠨ ᠪᠠᠶᠢᠴᠠᠭᠠᠵᠤ᠂ 1 ᠬᠥᠮᠥᠨ ᠢ ᠵᠠᠰᠠᠭ ᠵᠠᠬᠢᠷᠭᠠᠨ ᠤ | ᠬᠡᠷᠡᠭ ᠢᠶᠠᠷ ᠲᠦᠷ ᠬᠤᠷᠢᠪᠠ᠃ ᠬᠤᠯᠪᠣᠭᠳᠠᠯ ᠪᠦᠬᠦᠢ ᠬᠡᠷᠡᠭ ᠢ ᠦᠷᠭᠦᠯᠵᠢᠯᠡᠨ ᠲᠥᠪ ᠤᠨ ᠰᠢᠮᠳᠠᠭᠤᠯᠤᠨ | ᠪᠠᠶᠢᠴᠠᠭᠠᠬᠤ ᠳᠤᠭᠤᠶᠢᠯᠠᠩ ᠤᠨ ᠰᠢᠮᠳᠠᠭᠤᠯᠤᠨ ᠪᠠᠶᠢᠴᠠᠭᠠᠬᠤ ᠶᠢᠨ ᠳᠠᠭᠠᠤ ᠴᠡᠭᠴᠡᠯᠡᠨ ᠰᠠᠶᠢᠵᠢᠷᠠᠭᠤᠯᠬᠤ ᠠᠵᠢᠯ ᠤᠨ | ᠱᠠᠭᠠᠷᠳᠠᠯᠭ᠎ᠠ ᠶᠣᠰᠣᠭᠠᠷ ᠪᠠᠶᠢᠴᠠᠭᠠᠨ ᠰᠢᠢᠳᠪᠦᠷᠢᠯᠡᠵᠦ ᠴᠡᠭᠴᠡᠯᠡᠨ ᠰᠠᠶᠢᠵᠢᠷᠠᠭᠤᠯᠤᠨ᠎ᠠ᠃ |