ᠬᠥᠬᠡᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠵᠤ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2022/4/27
︵2022 ᠣᠨ ᠤ 60 ᠳ᠋ᠤᠭᠠᠷ ᠲᠣᠭᠠᠲᠤ︶ ᠣᠶᠢᠷ᠎ᠠ ᠶᠢᠨ ᠬᠤᠭᠤᠴᠠᠭᠠᠨ ᠳᠤ᠂ ᠤᠯᠤᠰ ᠤᠨ ᠳᠣᠲᠣᠭᠠᠳᠤ ᠳᠤ ᠰᠢᠨ᠎ᠡ ᠪᠠᠷ ᠨᠡᠮᠡᠭᠳᠡᠭᠰᠡᠨ ᠣᠷᠣᠨ ᠨᠤᠲᠤᠭ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠥᠨᠳᠥᠷ ᠪᠠᠶᠢᠷᠢᠨ ᠳᠤ ᠣᠷᠣᠰᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠨᠣᠴᠢᠲᠠᠢ ᠪᠥᠭᠡᠳ ᠨᠠᠷᠢᠨ ᠪᠤᠳᠤᠯᠢᠶᠠᠨᠲᠠᠢ ᠪᠠᠶᠢᠬᠤ ᠶᠢᠨ ᠳᠡᠭᠡᠷ᠎ᠡ ︽ᠲᠠᠪᠤᠨ ᠰᠠᠷ᠎ᠠ ᠶᠢᠨ ᠨᠢᠭᠡᠨ︾ ᠤ ᠠᠮᠠᠷᠠᠯᠲᠠ ᠤᠳᠠᠯ ᠦᠭᠡᠢ ᠬᠦᠷᠴᠦ ᠢᠷᠡᠬᠦ ᠭᠡᠵᠦ ᠪᠠᠶᠢᠭ᠎ᠠ ᠪᠣᠯᠬᠤᠷ᠂ ᠮᠠᠨ ᠤ ᠬᠤᠲᠠ ᠶᠢᠨ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠵᠦ᠂ ᠳᠣᠲᠣᠭᠠᠳᠤ ᠳᠠᠭᠠᠨ ᠳᠠᠬᠢᠨ ᠳᠡᠯᠭᠡᠷᠡᠬᠦ ᠶᠢ ᠰᠡᠷᠭᠡᠶᠢᠯᠡᠬᠦ︾ ᠳᠠᠷᠤᠯᠲᠠ ᠨᠡᠮᠡᠭᠳᠡᠵᠦ᠂ ᠴᠢᠩᠭ᠎ᠠ ᠨᠢᠮᠪᠠᠢ ᠰᠡᠷᠭᠡᠶᠢᠯᠡᠨ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠬᠠᠯᠳᠠᠪᠤᠷᠢᠯᠠᠬᠤ ᠲᠦᠭᠰᠢᠭᠦᠷᠢ ᠶᠢ ᠪᠦᠲᠦᠮᠵᠢᠲᠡᠶ ᠪᠠᠭᠤᠷᠠᠭᠤᠯᠵᠤ᠂ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠭᠲᠠᠭᠤᠨ ᠢᠶᠠᠷ ᠰᠠᠶᠢᠵᠢᠷᠠᠬᠤ ᠬᠠᠨᠳᠤᠰᠢ ᠶᠢ ᠦᠷᠭᠦᠯᠵᠢᠯᠡᠨ ᠪᠠᠬᠢᠵᠢᠭᠦᠯᠬᠦ ᠶᠢᠨ ᠲᠥᠯᠥᠭᠡ᠂ ᠡᠳᠦᠭᠡ ᠳᠣᠣᠷᠠᠬᠢ ᠮᠡᠲᠦ ᠵᠠᠷᠯᠠᠶ᠎ᠠ᠄      ᠨᠢᠭᠡ᠂ ᠦᠨᠳᠦᠷ ᠵᠡᠷᠭᠡ ᠶᠢᠨ ᠲᠦᠭᠰᠢᠭᠦᠷᠢ ᠲᠠᠢ ᠭᠠᠵᠠᠷ ᠣᠷᠣᠨ ᠲᠠᠢ ᠰᠢᠶᠠᠨ᠂ ᠲᠣᠭᠤᠷᠢᠭ᠂ ᠬᠤᠰᠢᠭᠤᠨ ᠳᠤ ᠰᠠᠭᠤᠵᠤ ᠥᠩᠭᠡᠷᠡᠭᠰᠡᠨ ᠬᠥᠮᠥᠨ ︵ᠡᠰᠡᠬᠦᠯ᠎ᠡ ᠡᠷᠡᠭᠦᠯ ᠮᠡᠨᠳᠦ ᠶᠢᠨ ᠺᠣᠳ᠋ ᠨᠢ ᠤᠯᠠᠭᠠᠨ ᠥᠩᠭᠡ ᠲᠠᠢ︶ ᠳᠤ ᠴᠥᠮ ︽14 ᠡᠳᠦᠷ ᠲᠥᠪᠯᠡᠷᠡᠭᠦᠯᠦᠨ ᠲᠤᠰᠠᠭᠠᠷᠯᠠᠬᠤ + 5 ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ︾ ᠶᠢᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠪᠤᠨ᠎ᠠ᠃ ᠳᠤᠮᠳᠠ ᠵᠡᠷᠭᠡ ᠶᠢᠨ ᠲᠦᠭᠰᠢᠭᠦᠷᠢ ᠲᠠᠢ ᠭᠠᠵᠠᠷ ᠣᠷᠣᠨ ᠲᠠᠢ ᠰᠢᠶᠠᠨ᠂ ᠲᠣᠭᠤᠷᠢᠭ᠂ ᠬᠤᠰᠢᠭᠤᠨ ᠳᠤ ᠰᠠᠭᠤᠵᠤ ᠥᠩᠭᠡᠷᠡᠭᠰᠡᠨ ︵ᠪᠤᠶᠤ ᠡᠷᠡᠭᠦᠯ ᠮᠡᠨᠳᠦ ᠶᠢᠨ ᠺᠣᠳ᠋ ᠨᠢ ᠰᠢᠷ᠎ᠠ ᠥᠩᠭᠡ ᠲᠠᠢ︶ ᠳᠤ ᠴᠥᠮ ︽14 ᠡᠳᠦᠷ ᠭᠡᠷ ᠲᠤᠨᠢ ᠲᠤᠰᠠᠭᠠᠷᠯᠠᠬᠤ + 5 ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ︾ ᠶᠢᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠪᠴᠤ᠂ ᠭᠡᠷ ᠲᠡᠭᠡᠨ ᠲᠤᠰᠠᠭᠠᠷᠯᠠᠬᠤ ᠨᠥᠬᠦᠴᠡᠯ ᠳᠤ ᠨᠡᠶᠢᠴᠡᠬᠦ ᠦᠭᠡᠢ ᠶᠢ ᠨᠢ ᠲᠥᠪᠯᠡᠷᠡᠭᠦᠯᠦᠨ ᠲᠤᠰᠠᠭᠠᠷᠯᠠᠨ᠎ᠠ᠃      ᠬᠤᠶᠠᠷ᠂ 14 ᠡᠳᠦᠷ ᠤᠨ ᠳᠣᠲᠣᠷ᠎ᠠ ᠤᠯᠤᠰ ᠤᠨ ᠳᠣᠲᠣᠭᠠᠳᠤ ᠶᠢᠨ ᠳᠤᠮᠳᠠ᠂ ᠥᠨᠳᠥᠷ ᠵᠡᠷᠭᠡ ᠶᠢᠨ ᠲᠦᠭᠰᠢᠭᠦᠷᠢ ᠲᠠᠢ ᠭᠠᠵᠠᠷ ᠣᠷᠣᠨ ᠤ ᠪᠠᠶᠢᠭ᠎ᠠ ᠭᠠᠵᠠᠷ ᠤᠨ ᠬᠤᠲᠠ ᠶᠢᠨ ᠪᠤᠰᠤᠳ ᠲᠦᠭᠰᠢᠭᠦᠷᠢ ᠪᠠᠷ ᠪᠠᠭ᠎ᠠ ᠰᠢᠶᠠᠨ᠂ ᠲᠣᠭᠤᠷᠢᠭ᠂ ᠬᠤᠰᠢᠭᠤᠨ ᠠᠴᠠ ᠢᠷᠡᠬᠦ ︵ᠪᠤᠴᠠᠬᠤ︶ ᠬᠥᠮᠥᠰ ︵ᠠᠶᠠᠯᠠᠯ ᠤᠨ ᠺᠣᠳ᠋ ᠨᠢ ᠨᠣᠭᠤᠭᠠᠨ ᠥᠩᠭᠡ ᠲᠠᠢ ᠮᠥᠷᠲᠡᠭᠡᠨ * ᠲᠡᠮᠳᠡᠭ ᠲᠠᠢ︶ ᠪᠣᠯ᠂ ᠴᠢᠬᠤᠯᠠ ᠪᠢᠰᠢ ᠪᠣᠯ ᠬᠥᠬᠡᠬᠤᠲᠠ ᠳᠤ ᠣᠷᠣᠭᠤᠯᠬᠤ ᠦᠭᠡᠢ᠃ ᠵᠠᠪᠠᠯ ᠢᠷᠡᠬᠦ ︵ᠪᠤᠴᠠᠬᠤ︶ ᠴᠢᠬᠤᠯᠠᠲᠠᠢ ᠪᠣᠯ 48 ᠴᠠᠭ ᠤᠨ ᠳᠣᠲᠣᠷᠠᠬᠢ 2 ᠤᠳᠠᠭ᠎ᠠ ︵ᠵᠠᠢ ᠨᠢ 24 ᠴᠠᠭ ᠠᠴᠠ ᠢᠯᠡᠭᠦᠦ︶ ᠶᠢᠨ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠭᠠᠷᠭᠠᠵᠤ᠂ ᠣᠷᠣᠵᠤ ᠢᠷᠡᠭᠰᠡᠨ ᠭᠠᠵᠠᠷ ᠲᠤᠨᠢ ᠪᠥᠭᠡᠮ ᠬᠦᠴᠢᠯ ᠤᠨ ᠥᠯᠢᠭᠡᠷ ᠠᠪᠬᠤ ᠶᠢᠨ ᠬᠠᠮᠲᠤ ᠬᠠᠷᠢᠶ᠎ᠠ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠲᠤ ᠲᠤᠰᠢᠶᠠᠵᠤ ᠬᠠᠮᠢᠶᠠᠷᠤᠨ ᠡᠵᠡᠮᠳᠡᠭᠦᠯᠵᠦ᠂ ᠣᠷᠣᠵᠤ ᠢᠷᠡᠭᠰᠡᠨ ᠭᠠᠵᠠᠷ ᠤᠨ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠶᠢ ᠣᠯᠣᠭᠰᠠᠨ ᠤ ᠳᠠᠷᠠᠭ᠎ᠠ ᠰᠠᠶ᠋ᠢ ᠡᠮᠬᠢ ᠵᠢᠷᠤᠮ ᠲᠠᠢ ᠪᠠᠷ ᠶᠠᠪᠤᠵᠤ ᠪᠣᠯᠣᠨ᠎ᠠ᠃      ᠭᠤᠷᠪᠠ᠂ ᠳᠡᠭᠡᠷ᠎ᠡ ᠳᠤᠷᠠᠳᠤᠭᠰᠠᠨ ᠠᠴᠠ ᠪᠤᠰᠤᠳ ᠲᠦᠭᠰᠢᠭᠦᠷᠢ ᠪᠠᠷ ᠪᠠᠭ᠎ᠠ ᠭᠠᠵᠠᠷ ᠣᠷᠣᠨ ᠠᠴᠠ ᠠᠷᠠᠳ ᠤᠨ ᠠᠭᠠᠷ ᠤᠨ ᠲᠡᠭᠡᠭᠡᠪᠦᠷᠢ᠂ ᠲᠡᠮᠦᠷ ᠵᠠᠮ᠂ ᠵᠠᠰᠠᠮᠠᠯ ᠵᠠᠮ ᠢᠶᠠᠷ ᠬᠥᠬᠡᠬᠤᠲᠠ ᠳᠤ ᠢᠷᠡᠬᠦ ︵ᠪᠤᠴᠠᠬᠤ︶ ᠬᠥᠮᠥᠰ 48 ᠴᠠᠭ ᠤᠨ ᠳᠣᠲᠣᠷᠠᠬᠢ 2 ᠤᠳᠠᠭ᠎ᠠ ︵ᠵᠠᠢ ᠨᠢ 24 ᠴᠠᠭ ᠠᠴᠠ ᠢᠯᠡᠭᠦᠦ︶ ᠶᠢᠨ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠭᠠᠷᠭᠠᠵᠤ᠂ ᠬᠥᠬᠡᠬᠤᠲᠠ ᠳᠤ ᠢᠷᠡᠭᠰᠡᠨ ᠤ ᠳᠠᠷᠠᠭ᠎ᠠ ᠵᠠᠰᠠᠮᠠᠯ ᠵᠠᠮ ᠤᠨ ᠪᠠᠶᠢᠴᠠᠭᠠᠨ ᠰᠢᠯᠭᠠᠬᠤ ᠭᠠᠵᠠᠷ ᠪᠤᠶᠤ ︽ᠨᠢᠭᠡ ᠪᠠᠭᠤᠳᠠᠯ ᠬᠤᠶᠠᠷ ᠥᠷᠲᠡᠭᠡ︾ ᠳᠤ ᠪᠥᠭᠡᠮ ᠬᠦᠴᠢᠯ ᠤᠨ ᠥᠯᠢᠭᠡᠷ ᠠᠪᠤᠭᠤᠯᠵᠤ᠂ ︽ᠬᠥᠬᠡᠬᠤᠲᠠ ᠶᠢᠨ ᠮᠡᠷᠭᠡᠨ ᠴᠣᠬᠤᠷ︾ ᠢ ᠪᠠᠶᠢᠴᠠᠭᠠᠵᠤ᠂ ᠪᠡᠶ᠎ᠡ ᠶᠢᠨ ᠳᠤᠯᠠᠭᠠᠨ ᠢ ᠬᠡᠮᠵᠢᠭᠡᠳ ᠬᠡᠪ ᠤᠨ ᠪᠠᠶᠢᠳᠠᠯ ᠲᠠᠢ ᠪᠣᠯ ᠣᠷᠣᠭᠤᠯᠤᠨ᠎ᠠ᠃      ᠳᠥᠷᠪᠡ᠂ ᠭᠠᠳᠠᠷ ᠣᠷᠣᠨ ᠠᠴᠠ ᠬᠥᠬᠡᠬᠤᠲᠠ ᠳᠤ ᠢᠷᠡᠬᠦ ︵ᠪᠤᠴᠠᠬᠤ︶ ᠪᠣᠶ ᠪᠦᠬᠦᠢ ᠬᠥᠮᠥᠰ ᠡᠷᠬᠡᠪᠰᠢ ᠬᠥᠬᠡᠬᠤᠲᠠ ᠳᠤ ᠢᠷᠡᠬᠦ ᠠᠴᠠ ᠡᠮᠦᠨ᠎ᠡ ᠪᠤᠶᠤ ᠢᠷᠡᠭᠰᠡᠨ ᠤ ᠳᠠᠷᠠᠭ᠎ᠠ 12 ᠴᠠᠭ ᠤᠨ ᠳᠣᠲᠣᠷ᠎ᠠ ᠪᠠᠶᠢᠭ᠎ᠠ ᠭᠠᠵᠠᠷ ᠤᠨ ᠢᠶᠠᠨ ᠨᠡᠶᠢᠭᠡᠮ ᠲᠣᠭᠤᠷᠢᠭ ︵ᠲᠣᠰᠬᠤᠨ︶᠂ ᠨᠢᠭᠡᠴᠡ ᠪᠤᠶᠤ ᠪᠠᠭᠤᠭᠰᠠᠨ ᠪᠠᠭᠤᠳᠠᠯ ᠳᠠᠭᠠᠨ ᠮᠡᠳᠡᠭᠦᠯᠦᠨ ᠳᠠᠩᠰᠠᠯᠠᠭᠤᠯᠵᠤ᠂ ᠲᠣᠭᠲᠠᠭᠠᠯ ᠶᠣᠰᠣᠭᠠᠷ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠵᠢᠷᠤᠮᠯᠠᠵᠤ᠂ 7 ᠡᠳᠦᠷ ᠤᠨ ᠳᠣᠲᠣᠷ᠎ᠠ ᠴᠤᠭᠯᠠᠷᠠᠵᠤ ᠬᠤᠭᠤᠯᠠᠯᠠᠬᠤ ᠦᠭᠡᠢ᠂ ᠨᠠᠶᠢᠷ ᠴᠣᠭᠯᠠᠭᠠᠨ ᠳᠤ ᠶᠠᠪᠤᠬᠤ ᠦᠭᠡᠢ᠂ ᠬᠥᠮᠥᠨ ᠬᠠᠷ᠎ᠠ ᠣᠯᠠᠨ ᠴᠤᠭᠯᠠᠷᠠᠳᠠᠭ ᠭᠠᠵᠠᠷ ᠲᠤ ᠣᠴᠢᠬᠤ ᠦᠭᠡᠢ ᠪᠠᠶᠢᠬᠤ ᠬᠡᠷᠡᠭᠲᠡᠢ︔ ᠪᠠᠶᠢᠭᠤᠯᠭ᠎ᠠ ᠨᠢᠭᠡᠴᠡ ᠠᠵᠢᠯᠲᠠᠨ ᠠᠵᠢᠯᠴᠢᠨ ᠨᠢ ᠠᠵᠢᠯ ᠤᠨ ᠪᠠᠶᠢᠷᠢ ᠳᠠᠭᠠᠨ ᠪᠤᠴᠠᠬᠤ ᠠᠴᠠ ᠡᠮᠦᠨ᠎ᠡ 48 ᠴᠠᠭ ᠤᠨ ᠳᠣᠲᠣᠷ᠎ᠠ ᠨᠢᠭᠡ ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠨᠡᠮᠡᠵᠦ ᠬᠢᠯᠭᠡᠬᠦ ᠶᠢ ᠱᠠᠭᠠᠷᠳᠠᠵᠤ᠂ ᠪᠢᠯᠢᠭ ᠴᠢᠨᠠᠷ ᠤᠨ ᠦᠷ᠎ᠡ ᠳ᠋ᠦᠩ ᠭᠠᠷᠬᠤ ᠠᠴᠠ ᠡᠮᠦᠨ᠎ᠡ ᠭᠡᠷ ᠲᠡᠭᠡᠨ ᠰᠠᠭᠤᠵᠤ ᠠᠵᠢᠯᠯᠠᠬᠤ ᠶᠢ ᠰᠠᠨᠠᠭᠠᠴᠢᠯᠠᠨ᠎ᠠ᠃      ᠲᠠᠪᠤ᠂ ᠪᠠᠷᠠᠭ᠎ᠠ ᠲᠡᠭᠡᠭᠡᠪᠦᠷᠢᠯᠡᠭᠰᠡᠨ ᠲᠡᠷᠭᠡ ᠬᠥᠰᠬᠡ ᠳᠤ ᠴᠡᠭ ᠠᠴᠠ ᠴᠡᠭ ᠲᠤ ᠲᠡᠭᠡᠭᠡᠪᠦᠷᠢᠯᠡᠬᠦ ᠠᠷᠭ᠎ᠠ ᠶᠢ ᠬᠡᠷᠡᠭᠵᠢᠭᠦᠯᠵᠦ᠂ ᠪᠠᠷᠠᠭᠠᠨ ᠤ ᠲᠡᠷᠭᠡ ᠶᠢᠨ ᠵᠢᠯᠣᠭᠤᠴᠢ ᠪᠠ ᠲᠡᠷᠭᠡ ᠳᠠᠭᠠᠭᠰᠠᠨ ᠬᠥᠮᠥᠰ ᠪᠥᠬᠦ ᠶᠠᠪᠤᠴᠠ ᠳᠤ ᠲᠡᠷᠭᠡᠨ ᠠᠴᠠ ᠪᠠᠭᠤᠬᠤ ᠦᠭᠡᠢ᠂ ᠣᠶᠢᠷᠠᠳᠬᠤ ᠦᠭᠡᠢ᠂ ᠪᠠᠷᠠᠭ᠎ᠠ ᠪᠠᠨ ᠲᠡᠭᠡᠭᠡᠭᠰᠡᠨ ︵ᠪᠠᠭᠤᠯᠭᠠᠭᠰᠠᠨ︶ ᠳᠠᠷᠤᠢ ᠳᠠᠭᠠᠨ ᠶᠠᠪᠤᠬᠤ ᠬᠡᠷᠡᠭᠲᠡᠢ᠂ ᠬᠤᠲᠠ ᠶᠢᠨ ᠬᠡᠪᠴᠢᠶᠡᠨ ᠤ ᠳᠣᠲᠣᠷ᠎ᠠ ᠳᠤᠷ᠎ᠠ ᠪᠠᠷ ᠢᠶᠠᠨ ᠵᠣᠭᠰᠣᠵᠤ ᠪᠣᠯᠬᠤ ᠦᠭᠡᠢ᠃ ᠡᠯ᠎ᠡ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠪᠠᠷᠠᠭ᠎ᠠ ᠠᠴᠢᠶᠠᠯᠠᠵᠤ ᠪᠠᠭᠤᠯᠭᠠᠬᠤ ᠠᠵᠤ ᠠᠬᠤᠶᠢᠯᠠᠯ᠂ ᠲᠡᠭᠡᠭᠡᠪᠦᠷᠢ ᠶᠢᠨ ᠠᠵᠤ ᠠᠬᠤᠶᠢᠯᠠᠯ ᠤᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠠᠴᠢᠶᠠᠯᠠᠵᠤ ᠪᠠᠭᠤᠯᠭᠠᠬᠤ ᠠᠵᠢᠯᠲᠠᠨ ᠪᠠ ᠵᠢᠯᠣᠭᠤᠴᠢ ᠲᠡᠷᠭᠡ ᠳᠠᠭᠠᠬᠤ ᠬᠥᠮᠥᠨ ᠳᠤ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢᠨ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ ᠴᠢᠩᠭ᠎ᠠ ᠬᠠᠮᠢᠶᠠᠷᠬᠤ ᠬᠡᠷᠡᠭᠲᠡᠢ᠃ ᠪᠢᠲᠡᠭᠦᠦ ᠴᠠᠭᠠᠷᠢᠭ ᠤᠨ ᠬᠠᠮᠢᠶᠠᠷᠤᠯᠲᠠ ᠳᠤ ᠪᠠᠶᠢᠭ᠎ᠠ ᠬᠥᠮᠥᠰ ︽ᠴᠢᠬᠤᠯᠠ ᠦᠭᠡᠢ ᠪᠣᠯ ᠣᠷᠣᠵᠤ ᠭᠠᠷᠬᠤ ᠦᠭᠡᠢ︾ ᠪᠠᠶᠢᠬᠤ ᠶᠢ ᠴᠢᠩᠭ᠎ᠠ ᠨᠠᠶᠢᠳᠠᠪᠤᠷᠢᠵᠢᠭᠤᠯᠵᠤ᠂ ᠲᠣᠭᠲᠠᠭᠰᠠᠨ ᠬᠤᠭᠤᠴᠠᠭ᠎ᠠ ᠲᠠᠢ ᠪᠠᠷ ᠪᠥᠭᠡᠮ ᠬᠦᠴᠢᠯ ᠤᠨ ᠪᠠᠶᠢᠴᠠᠭᠠᠯᠲᠠ ᠬᠢᠬᠦ ᠬᠡᠷᠡᠭᠲᠡᠢ᠃      ᠵᠢᠷᠭᠤᠭ᠎ᠠ᠂ ᠮᠤᠵᠢ ᠠᠯᠤᠰᠯᠠᠭᠰᠠᠨ ᠲᠦᠷᠭᠡᠨ ᠤ ᠵᠠᠮ᠂ ᠵᠠᠰᠠᠮᠠᠯ ᠵᠠᠮ ᠵᠡᠷᠭᠡ ᠵᠠᠮ ᠬᠠᠷᠢᠯᠴᠠᠭᠠᠨ ᠤ ᠵᠠᠮ ᠤᠨ ᠬᠠᠵᠠᠭᠤ ᠳᠠᠬᠢ ᠬᠤᠭᠤᠯᠠ ᠤᠮᠳᠠ᠂ ᠬᠤᠨᠤᠭ ᠪᠠᠭᠤᠳᠠᠯ᠂ ᠬᠡᠲᠦ ᠳᠡᠯᠭᠡᠭᠦᠷ᠂ ᠦᠰᠦ ᠵᠠᠰᠠᠬᠤ ᠭᠠᠵᠠᠷ ︽ᠬᠥᠬᠡᠬᠤᠲᠠ ᠶᠢᠨ ᠮᠡᠷᠭᠡᠨ ᠴᠣᠬᠤᠷ︾ ᠢ ᠴᠢᠩᠭ᠎ᠠ ᠪᠠᠶᠢᠴᠠᠭᠠᠨ ᠰᠢᠯᠭᠠᠵᠤ᠂ 48 ᠴᠠᠭ ᠤᠨ ᠳᠣᠲᠣᠷᠠᠬᠢ 2 ᠤᠳᠠᠭ᠎ᠠ ︵ᠵᠠᠢ ᠨᠢ 24 ᠴᠠᠭ ᠠᠴᠠ ᠢᠯᠡᠭᠦᠦ︶ ᠶᠢᠨ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠶᠢ ᠦᠵᠡᠭᠰᠡᠨ ᠤ ᠳᠠᠷᠠᠭ᠎ᠠ ᠰᠠᠶ᠋ᠢ ᠣᠷᠣᠭᠤᠯᠵᠤ ᠪᠣᠯᠣᠨ᠎ᠠ᠃ ᠲᠤᠰ ᠠᠯᠪᠠᠨ ᠵᠠᠷᠯᠠᠯ ᠢ 4 ᠳ᠋ᠦ᠋ᠭᠡᠷ ᠰᠠᠷ᠎ᠠ ᠶᠢᠨ 27 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃      ᠳᠡᠭᠡᠷ᠎ᠡ ᠳᠤᠷᠠᠳᠤᠭᠰᠠᠨ ᠠᠷᠭ᠎ᠠ ᠬᠡᠮᠵᠢᠶ᠎ᠡ ᠳᠤ ᠬᠢᠵᠢᠭ ᠤᠨ ᠪᠠᠶᠢᠳᠠᠯ ᠤᠨ ᠬᠤᠪᠢᠷᠠᠯᠲᠠ ᠶᠢ ᠦᠨᠳᠦᠰᠦᠯᠡᠨ ᠴᠠᠭ ᠲᠤᠬᠠᠢ ᠳᠤᠨᠢ ᠵᠣᠬᠢᠰᠲᠠᠢ ᠲᠣᠬᠢᠷᠠᠭᠤᠯᠤᠯᠲᠠ ᠬᠢᠨ᠎ᠡ᠃        ᠬᠥᠬᠡᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ               ᠠᠷᠭᠠᠴᠠᠭᠠᠵᠤ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ                          2022 ᠣᠨ ᠤ 4 ᠳ᠋ᠦ᠋ᠭᠡᠷ ᠰᠠᠷ᠎ᠠ ᠶᠢᠨ 26 ᠤ ᠡᠳᠦᠷ
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号