ᠬᠦᠬᠡᠬᠤᠲᠠ ᠵᠠᠰᠠᠭ ᠲᠠᠷᠬᠠᠭᠠᠭᠰᠠᠨ ︹2022︺ 11 ᠳ᠋ᠤᠭᠡᠷ ᠲᠤᠭᠠᠲᠤ | 2022 ᠣᠨ ᠤ 1 ᠰᠠᠷ᠎ᠠ ᠶᠢᠨ 19 ᠤ ᠡᠳᠦᠷ | 2021 ᠣᠨ ᠳᠤ᠂ ᠮᠠᠨ ᠤ ᠬᠤᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠤᠯᠭᠠᠵᠤ᠂ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ | ᠲᠠᠯ᠎ᠠ ᠪᠠᠷ ᠰᠤᠷᠤᠯᠴᠠᠨ ᠲᠤᠭᠤᠰᠢᠯᠠᠭᠤᠯᠵᠤ᠂ ᠰᠢ ᠶᠢᠨ ᠫᠢᠩ ᠤᠨ ᠬᠠᠥᠯᠢᠵᠢᠯ ᠤᠨ ᠦᠵᠡᠯ ᠰᠠᠨᠠᠭ᠎ᠠ ᠶᠢ ᠭᠦᠨᠵᠡᠭᠡᠶ | ᠰᠤᠷᠤᠯᠴᠠᠨ ᠲᠤᠭᠤᠰᠢᠯᠠᠭᠤᠯᠵᠤ᠂ ︽ᠬᠠᠥᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ | ᠬᠥᠲᠥᠯᠪᠦᠷᠢ ︵2021 — 2025 ᠣᠨ︶︾ ᠶᠢᠨ ᠡᠯ᠎ᠡ ᠵᠦᠢᠯ ᠤᠨ ᠡᠭᠦᠷᠭᠡ ᠶᠢ ᠨᠠᠷᠢᠨ ᠬᠢᠨᠠᠮᠠᠭᠠᠶ | ᠨᠠᠶᠢᠳᠠᠪᠤᠷᠢᠵᠢᠭᠤᠯᠤᠭᠠᠳ᠂ ᠬᠠᠥᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠢᠳᠡᠪᠬᠢᠲᠡᠶ ᠦᠷ᠎ᠡ ᠪᠦᠲᠦᠮᠵᠢ | ᠤᠯᠪᠠ᠃ ᠶᠡᠭᠡ ᠬᠤᠳᠠᠯᠳᠤᠭᠠᠨ ᠤ ᠳᠡᠯᠭᠡᠭᠦᠷ ᠤᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ᠂ ︽12345︾ | ᠵᠠᠭᠠᠯᠳᠤᠯᠭ᠎ᠠ ᠶᠢ ᠭᠥᠯᠢᠶᠡᠨ ᠠᠪᠤᠭᠰᠠᠨ ᠳᠠᠷᠤᠢ ᠰᠢᠢᠳᠪᠦᠷᠢᠯᠡᠬᠦ᠂ 2021 ᠣᠨ ᠤ ᠥᠪᠥᠷ ᠮᠣᠩᠭᠤᠯ ᠤᠨ ︽ | ᠠᠷᠪᠠᠨ ᠶᠡᠭᠡ ᠬᠠᠤᠯᠢ ᠪᠠᠷ ᠵᠠᠰᠠᠬᠤ ᠬᠡᠷᠡᠭ︾ ᠢᠶᠠᠷ ᠦᠨᠡᠯᠡᠨ ᠰᠣᠩᠭᠤᠭᠳᠠᠪᠠ᠃ | ᠤᠳᠤ ᠬᠤᠯᠪᠣᠭᠳᠠᠯ ᠪᠦᠬᠦᠢ ᠪᠠᠶᠢᠳᠠᠯ ᠢ ᠳᠣᠣᠷᠠᠬᠢ ᠮᠡᠲᠦ ᠮᠡᠳᠡᠭᠦᠯᠦᠶ᠎ᠡ᠃ | ᠨᠢᠭᠡ᠂ ᠭᠤᠣᠯ ᠠᠷᠭ᠎ᠠ ᠬᠡᠮᠵᠢᠶ᠎ᠡ ᠪᠠ ᠦᠷ᠎ᠡ ᠪᠦᠲᠦᠮᠵᠢ | ︵ᠨᠢᠭᠡ︶ ᠰᠢ ᠶᠢᠨ ᠫᠢᠩ ᠤᠨ ᠬᠠᠥᠯᠢᠵᠢᠯ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ | ᠲᠤᠭᠤᠰᠢᠯᠠᠭᠤᠯᠵᠤ᠂ ᠬᠠᠥᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠥᠪ ᠤᠯᠤᠰ ᠲᠦᠷᠦ ᠶᠢᠨ | ᠴᠢᠭᠯᠡᠯ ᠢ ᠪᠠᠲᠤ ᠡᠵᠡᠮᠳᠡᠪᠡ᠃ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠭᠤᠣᠯ | ᠬᠠᠷᠢᠭᠤᠴᠠᠯᠭᠠᠲᠠᠨ ᠨᠥᠬᠦᠳ ᠲᠦᠷᠦᠭᠦᠯᠡᠨ ᠰᠢ ᠶᠢᠨ ᠫᠢᠩ ᠤᠨ ᠬᠠᠥᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ | ᠰᠤᠷᠤᠯᠴᠠᠵᠤ᠂ ᠤᠬᠠᠮᠰᠠᠷ ᠠᠴᠠ ᠪᠠᠨ ᠰᠢ ᠶᠢᠨ ᠫᠢᠩ ᠤᠨ ᠬᠠᠥᠯᠢᠵᠢᠯ ᠤᠨ ᠦᠵᠡᠯ ᠰᠠᠨᠠᠭᠠᠨ ᠤ ᠦᠨᠡᠨᠴᠢ ᠰᠢᠲᠦᠭᠴᠢ | ᠂ ᠢᠳᠡᠪᠬᠢᠲᠡᠢ ᠤᠯᠠᠮᠵᠢᠯᠠᠭᠴᠢ ᠪᠠ ᠵᠢᠱᠢᠶᠡᠴᠢ ᠦᠢᠯᠡᠳᠦᠯᠭᠡᠵᠢᠭᠦᠯᠦᠭᠴᠢ ᠪᠤᠯᠪᠠ᠃ ᠬᠤᠳᠠ ᠶᠢᠨ ᠨᠠᠮ ᠤᠨ | ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2021 ᠣᠨ ᠤ 8 ᠳ᠋ᠤᠭᠠᠷ ᠤᠳᠠᠭᠠᠨ ᠤ | ᠬᠠᠮᠲᠤ ᠶᠢᠨ ᠰᠤᠷᠤᠯᠴᠠᠯᠭ᠎ᠠ ᠶᠢᠨ ᠬᠤᠷᠠᠯ᠂ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2021 ᠣᠨ ᠤ 7 ᠳ᠋ᠤᠭᠠᠷ ᠤᠳᠠᠭᠠᠨ ᠤ | ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠳᠡᠭᠡᠷ᠎ᠡ ᠰᠢ ᠶᠢᠨ ᠫᠢᠩ ᠤᠨ ᠬᠠᠥᠯᠢᠵᠢᠯ ᠤᠨ ᠦᠵᠡᠯ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠤᠷᠤᠯᠴᠠᠵᠤ ᠰᠡᠳᠭᠢᠵᠦ ᠬᠡᠷᠡᠭᠯᠡᠬᠦ ᠶᠢ ᠬᠤᠯᠪᠤᠭᠳᠠᠭᠤᠯᠵᠤ᠂ | ᠤᠶᠢᠯᠠᠭᠠᠵᠤ ᠢᠲᠡᠭᠡᠵᠦ ᠠᠵᠢᠯᠯᠠᠬᠤ ᠶᠢ ᠨᠢᠭᠡᠳᠭᠡᠬᠦ ᠳᠡᠭᠡᠷ᠎ᠡ ᠦᠷᠬᠦᠯᠵᠢᠯᠡᠨ ᠠᠩᠬᠠᠷᠤᠯ ᠢᠶᠠᠨ ᠲᠥᠪᠯᠡᠷᠡᠭᠦᠯᠦᠨ | ᠬᠦᠴᠦᠯᠡᠵᠦ᠂ ᠰᠢ ᠶᠢᠨ ᠫᠢᠩ ᠤᠨ ᠬᠠᠥᠯᠢᠵᠢᠯ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠦᠨᠡᠨᠬᠦ | ᠲᠠᠰᠤᠷᠠᠯᠳᠡ ᠦᠭᠡᠢ ᠭᠦᠨᠵᠡᠭᠡᠶᠢᠷᠡᠭᠦᠯᠦᠨ ᠪᠤᠲᠠᠲᠠᠶᠢᠵᠢᠭᠤᠯᠪᠠ᠃ ᠪᠦᠬᠦ ᠬᠤᠳᠠ ᠶᠢᠨ ᠡᠯ᠎ᠡ ᠭᠠᠵᠠᠷ ᠤᠷᠤᠨ ᠡᠯ᠎ᠡ | ᠰᠠᠯᠠᠭ᠎ᠠ ᠮᠥᠴᠢᠷ ᠤᠨ ᠬᠢᠨ ᠰᠤᠷᠤᠯᠴᠠᠯᠭ᠎ᠠ ᠶᠢ ᠬᠠᠯᠠᠭᠤᠨ ᠢᠶᠠᠷ ᠦᠷᠨᠢᠭᠦᠯᠵᠦ᠂ ᠲᠤᠰᠬᠠᠢ ᠰᠡᠳᠦᠪᠲᠦ ᠰᠤᠷᠤᠯᠴᠠᠯᠭ᠎ᠠ | ᠤᠬᠠᠭᠤᠯᠤᠨ ᠲᠠᠶᠢᠯᠪᠤᠷᠢᠯᠠᠯᠲᠠ ᠶᠢ 540 ᠭᠠᠷᠤᠢ ᠤᠳᠠᠭ᠎ᠠ ᠵᠣᠬᠢᠶᠠᠨ ᠪᠠᠶᠢᠭᠤᠯᠵᠤ ᠥᠷᠨᠢᠭᠦᠯᠪᠡ᠃ | ︵ᠬᠤᠶᠠᠷ︶ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠢ ᠬᠠᠤᠯᠢ ᠶᠣᠰᠣᠭᠠᠷ ᠠᠬᠢᠭᠤᠯᠪᠠ᠃ ︽ᠭᠠᠳᠠᠨ᠎ᠠ ᠠᠴᠠ ᠤᠷᠤᠵᠤ ᠢᠷᠡᠬᠦ ᠶᠢ ᠰᠡᠷᠭᠡᠶᠢᠯᠡᠵᠦ᠂ | ᠳᠣᠲᠣᠭᠠᠳᠤ ᠳᠠᠭᠠᠨ ᠲᠠᠬᠢᠨ ᠳᠡᠯᠭᠡᠷᠡᠬᠦ ᠶᠢ ᠰᠡᠷᠭᠡᠶᠢᠯᠡᠬᠦ︾ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠡᠷᠡᠰ ᠰᠢᠭᠤᠷᠬᠠᠶ ᠪᠥᠭᠡᠳ ᠬᠦᠴᠦᠲᠡᠶ ᠠᠷᠭ᠎ᠠ ᠬᠡᠮᠵᠢᠶ᠎ᠡ ᠠᠪᠴᠤ᠂ | 10 ᠳ᠋ᠤᠭᠠᠷ ᠰᠠᠷ᠎ᠠ ᠶᠢᠨ ᠬᠤᠷᠢᠳ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠨ ᠤ | ᠢᠯᠠᠯᠲᠠ ᠶᠢ ᠤᠯᠪᠠ᠃ ᠡᠳ᠋ ᠪᠠᠷᠠᠭ᠎ᠠ ᠶᠢ ᠪᠤᠴᠠᠵᠤ ᠮᠦᠷᠳᠡᠬᠦ ᠲᠦᠷᠢᠮ ᠢ ᠪᠠᠶᠢᠭᠤᠯᠤᠨ ᠲᠡᠭᠦᠯᠳᠡᠷᠵᠢᠭᠦᠯᠪᠡ᠃ | ᠢᠳᠡᠭᠡᠨ ᠤ ᠵᠦᠢᠯ ᠡᠮ ᠤᠨ ᠵᠦᠢᠯ ᠤᠨ ᠠᠶᠤᠯᠭᠦᠢ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠬᠠᠤᠯᠢ ᠬᠡᠷᠡᠭᠵᠢᠭᠦᠯᠬᠦ | ᠡᠷᠴᠢᠮ ᠢ ᠴᠢᠩᠭᠠᠷᠠᠭᠤᠯᠵᠤ᠂ ᠪᠠᠷᠠᠭᠠᠨ ᠤ ᠦᠨ᠎ᠡ ᠶᠢ ᠲᠦᠷᠭᠢᠯᠳᠦᠨ ᠥᠰᠬᠡᠬᠦ ᠵᠡᠷᠭᠡ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠶᠢ ᠡᠪᠳᠡᠭᠰᠡᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ | ᠴᠢᠩᠭ᠎ᠠ ᠴᠣᠬᠢᠯᠲᠠ ᠥᠭᠴᠦ᠂ 84 ᠬᠡᠷᠡᠭ ᠢ ᠰᠢᠢᠳᠪᠦᠷᠢᠯᠡᠵᠦ ᠳᠠᠭᠤᠰᠬᠠᠪᠠ᠃ | ︵ᠭᠤᠷᠪᠠ︶ ᠭᠤᠣᠯᠳᠠᠯᠭ᠎ᠠ ᠲᠠᠢ ᠬᠦᠷᠢᠶᠡᠨ ᠳᠠᠬᠢ ᠬᠠᠤᠯᠢ ᠲᠣᠭᠲᠠᠭᠠᠯᠲᠠ ᠶᠢ ᠴᠢᠩᠭᠠᠳᠬᠠᠵᠤ᠂ ᠬᠠᠤᠯᠢ | ᠶᠣᠰᠣᠭᠠᠷ ᠵᠠᠰᠠᠭ ᠪᠠᠷᠢᠬᠤ ᠲᠦᠷᠢᠮ ᠤᠨ ᠰᠢᠰᠲ᠋ᠧᠮ ᠢ ᠲᠡᠭᠦᠯᠳᠡᠷᠵᠢᠭᠦᠯᠪᠡ᠃ ︽ᠬᠥᠬᠡᠬᠤᠲᠠ ᠶᠢᠨ ᠨᠤᠭᠤ ᠭᠠᠵᠠᠷ ᠢ | ᠬᠠᠮᠠᠭᠠᠯᠠᠬᠤ ᠲᠦᠷᠢᠮ︾ ᠵᠡᠷᠭᠡ 8 ᠣᠷᠣᠨ ᠨᠤᠲᠤᠭ ᠤᠨ ᠴᠢᠨᠠᠷᠲᠠᠶ ᠬᠠᠤᠯᠢ ᠳᠦᠷᠢᠮ ᠢ ᠲᠤᠭᠲᠠᠭᠠᠬᠤ ᠪᠤᠶᠤ | ᠵᠠᠰᠠᠪᠤᠷᠢ ᠣᠷᠣᠭᠤᠯᠵᠤ᠂ 9 ᠵᠠᠰᠠᠭ ᠤᠨ ᠣᠷᠳᠣᠨ ᠤ ᠲᠦᠷᠢᠮ ᠲᠣᠭᠲᠠᠭᠠᠯ ᠢ ᠲᠤᠭᠲᠠᠭᠠᠬᠤ ᠪᠤᠶᠤ ᠬᠦᠴᠦᠨ ᠥᠬᠡᠶ | ᠪᠣᠯᠭᠠᠪᠠ᠃ ᠬᠤᠳᠠ ᠶᠢᠨ ᠵᠠᠰᠠᠭ ᠤᠨ ᠣᠷᠳᠣᠨ ᠤ ᠦᠨᠳᠦᠰᠦᠨ ᠱᠠᠲᠤᠨ ᠤ ᠬᠠᠤᠯᠢ ᠲᠣᠭᠲᠠᠭᠠᠬᠤ ᠬᠠᠷᠢᠯᠴᠠᠬᠤ | ᠴᠡᠭ ᠢ 3 ᠪᠠᠶᠢᠭᠤᠯᠪᠠ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠠᠵᠢᠯ᠂ ᠢᠷᠭᠡᠨ ᠤ | ᠬᠠᠤᠯᠢ ᠶᠢᠨ ᠪᠢᠴᠢᠭ᠂ ᠨᠡᠭᠦᠷᠡᠰᠦᠨ ᠤ ᠡᠬᠢ ᠪᠠᠶᠠᠯᠢᠭ ᠤᠨ ᠲᠠᠯ᠎ᠠ ᠳᠤ ᠬᠤᠯᠪᠣᠭᠳᠠᠭᠰᠠᠨ 59 ᠣᠷᠣᠨ ᠨᠤᠲᠤᠭ ᠤᠨ | ᠴᠢᠨᠠᠷᠲᠠᠶ ᠬᠠᠤᠯᠢ ᠳᠦᠷᠢᠮ ᠢ ᠡᠮᠬᠢᠯᠡᠨ ᠴᠡᠪᠡᠷᠯᠡᠵᠦ᠂ 40 ᠳᠤ ᠵᠠᠰᠠᠪᠤᠷᠢ ᠤᠷᠤᠭᠤᠯᠵᠤ᠂ 6 ᠶᠢ ᠨᠢ ᠬᠦᠴᠦᠨ | ᠦᠭᠡᠢ ᠪᠤᠯᠤᠭᠰᠠᠨ ᠢᠶᠠᠷ ᠲᠤᠭᠲᠠᠪᠠ︔ 44 ᠵᠠᠰᠠᠭ ᠤᠨ ᠣᠷᠳᠣᠨ ᠤ ᠲᠦᠷᠢᠮ ᠲᠣᠭᠲᠠᠭᠠᠯ ᠠᠴᠠ 7 ᠶᠢ ᠨᠢ | ᠬᠦᠴᠦᠨ ᠥᠬᠡᠶ ᠪᠣᠯᠭᠠᠬᠤ ᠪᠠᠷ ᠲᠣᠭᠲᠠᠭᠠᠪᠠ︔ 202 ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠠᠴᠠ | 20 ᠳᠤ ᠨᠢ ᠵᠠᠰᠠᠪᠤᠷᠢ ᠤᠷᠤᠭᠤᠯᠵᠤ᠂ 39 ᠶᠢ ᠨᠢ ᠬᠦᠴᠦᠨ ᠥᠭᠡᠢ ᠪᠣᠯᠭᠠᠵᠤ᠂ 24 ᠨᠢ ᠬᠦᠴᠦᠨ ᠥᠭᠡᠢ | ᠪᠤᠯᠤᠭᠰᠠᠨ ᠢᠶᠠᠷ ᠲᠤᠭᠲᠠᠪᠠ᠃ | ︵ᠳᠥᠷᠪᠡ︶ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠠᠥᠯᠢᠵᠢᠯ ᠤᠨ ᠬᠤᠳᠠᠯᠳᠤᠭ᠎ᠠ | ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠪᠡ᠃ ︽ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠤᠯᠠᠮ | ᠨᠢᠭᠡ ᠠᠯᠬᠤᠮ ᠰᠢᠯᠢᠳᠡᠭᠵᠢᠭᠦᠯᠬᠦ ᠲᠤᠬᠠᠶ ᠲᠣᠭᠲᠠᠭᠠᠯ︾ ᠢ ᠨᠡᠶᠢᠲᠡᠯᠡᠵᠦ᠂ ᠠᠷᠠᠳ ᠲᠤ ᠲᠦᠬᠦᠮ ᠦᠵᠡᠭᠦᠯᠵᠦ ᠠᠵᠤ | ᠠᠬᠤᠶᠢᠯᠠᠯ ᠳᠤ ᠠᠰᠢᠭ ᠬᠦᠷᠲᠡᠭᠡᠬᠦ 9 ᠵᠦᠢᠯ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠪᠡ᠃ ᠡᠷᠬᠡ ᠶᠢᠨ ᠵᠦᠢᠯᠡᠰ ᠤᠨ | ᠭᠠᠷᠴᠠᠭ ᠤᠨ ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠬᠤᠳᠠ ᠶᠢᠨ ᠱᠠᠲᠤᠨ ᠤ ᠡᠷᠬᠡ | ᠬᠠᠷᠢᠭᠤᠴᠠᠯᠭ᠎ᠠ ᠶᠢᠨ ᠨᠠᠷᠢᠨ ᠬᠠᠭᠤᠳᠠᠰᠤ 5009 ᠵᠦᠢᠯ ᠢ ᠨᠠᠶᠢᠷᠠᠭᠤᠯᠤᠨ ᠨᠡᠶᠢᠲᠡᠯᠡᠪᠡ᠃ ︽ᠭᠡᠷᠡᠴᠢ ᠶᠢ | ᠴᠥᠭᠡᠳᠬᠡᠨ ᠠᠷᠠᠳ ᠲᠤ ᠲᠥᠬᠦᠮ ᠦᠵᠡᠭᠦᠯᠬᠦ︾ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠭᠡᠷᠡᠴᠢᠯᠡᠬᠦ | ᠵᠦᠢᠯᠡᠰ ᠢ ᠮᠡᠳᠡᠭᠳᠡᠬᠦ ᠠᠮᠠᠯᠠᠯᠲᠠ ᠶᠢᠨ ᠲᠦᠷᠢᠮ ᠤᠨ ᠭᠠᠷᠴᠠᠭ ᠢ ᠢᠯᠡ ᠪᠠᠷ ᠨᠡᠶᠢᠲᠡᠯᠡᠵᠦ᠂ 34 ᠵᠦᠢᠯ ᠤᠨ | ᠭᠡᠷᠡᠴᠢ ᠶᠢ ᠠᠵᠤ ᠠᠬᠤᠶᠢᠯᠠᠯ ᠣᠯᠠᠨ ᠲᠦᠮᠡᠨ ᠠᠴᠠ ᠭᠠᠷᠭᠠᠵᠤ ᠥᠭᠬᠦ ᠶᠢ ᠳᠠᠭᠢᠵᠤ ᠱᠠᠭᠠᠷᠳᠠᠬᠤ ᠥᠬᠡᠶ ᠪᠣᠯᠪᠠ᠃ | ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠬᠢᠨᠠᠨ ᠵᠥᠪᠰᠢᠶᠡᠷᠡᠬᠦ ᠲᠦᠷᠢᠮ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠦᠬᠦ ᠶᠠᠪᠤᠴᠠ ᠶᠢᠨ ᠬᠢᠨᠠᠨ ᠵᠥᠪᠰᠢᠶᠡᠷᠡᠬᠦ ᠵᠦᠢᠯᠡᠰ ᠢ 52 ᠵᠦᠢᠯ | ᠪᠣᠯᠭᠠᠨ ᠴᠦᠬᠡᠳᠭᠡᠪᠡ᠃ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠶᠢᠨ | ᠬᠠᠮᠲᠤᠷᠠᠨ ᠰᠤᠭᠤᠴᠢᠨ ᠪᠠᠶᠢᠴᠠᠭᠠᠬᠤ ᠵᠦᠢᠯᠡᠰ ᠤᠨ ᠨᠠᠷᠢᠨ ᠬᠠᠭᠤᠳᠠᠰᠤ ᠪᠠ ᠪᠠᠶᠢᠴᠠᠭᠠᠬᠤ ᠲᠥᠯᠥᠪᠯᠡᠭᠡ ᠶᠢ | ᠲᠣᠭᠲᠠᠭᠠᠵᠤ᠂ ᠰᠤᠭᠤᠴᠢᠨ ᠪᠠᠶᠢᠴᠠᠭᠠᠭᠰᠠᠨ ᠠᠵᠤ ᠠᠬᠤᠶᠢᠯᠠᠯ ᠤᠨ ᠲᠤᠭ᠎ᠠ ᠨᠢ ᠠᠵᠤ ᠠᠬᠤᠶᠢᠯᠠᠯ ᠤᠨ ᠶᠡᠷᠦᠩᠬᠡᠶ | ᠲᠣᠭᠠᠨ ᠤ 3% ᠶᠢ ᠡᠵᠡᠯᠡᠵᠦ᠂ ᠦᠷ᠎ᠡ ᠳ᠋ᠦᠩ ᠢ ᠢᠯᠡ ᠨᠡᠶᠢᠲᠡᠯᠡᠭᠰᠡᠨ ᠨᠣᠷᠮ᠎ᠠ ᠶᠢ 100% ᠬᠦᠷᠭᠡᠪᠡ᠃ | ᠬᠤᠲᠠ ᠶᠢᠨ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ︽ᠤᠯᠠᠨ ᠳᠤ ᠪᠠᠨ ᠨᠢᠭᠡ ᠤᠳᠠᠭ᠎ᠠ | ᠭᠦᠶᠦᠬᠦ︾ ᠬᠠᠷᠢᠴᠠᠯ ᠨᠢ 99.06% ᠶᠢ ᠳᠠᠪᠠᠵᠤ᠂ ᠰᠦᠯᠵᠢᠶᠡᠨ ᠳᠡᠭᠡᠷ᠎ᠡ ᠭᠦᠢᠴᠡᠳᠭᠡᠵᠦ ᠪᠣᠯᠬᠤ ᠵᠦᠢᠯᠡᠰ 97. | 17% ᠶᠢ ᠳᠠᠪᠠᠪᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠰᠠᠶᠢᠨ ᠮᠠᠭᠤ ᠶᠢ ᠦᠨᠡᠯᠡᠬᠦ︾ ᠲᠦᠷᠢᠮ ᠢ | ᠢᠳᠡᠪᠬᠢᠲᠡᠶ ᠨᠠᠶᠢᠳᠠᠪᠤᠷᠢᠵᠢᠭᠤᠯᠵᠤ᠂ ᠬᠠᠨᠤᠮᠵᠢ ᠶᠢᠨ ᠨᠣᠷᠮ᠎ᠠ 99.99% ᠳᠤ ᠬᠥᠷᠪᠡ᠃ ︽12345︾ ︵ | ᠵᠠᠭᠠᠯᠳᠤᠯᠭ᠎ᠠ ᠶᠢ ᠬᠦᠯᠢᠶᠡᠨ ᠠᠪᠤᠭᠰᠠᠨ ᠳᠠᠷᠤᠶ ᠰᠢᠢᠳᠪᠦᠷᠢᠯᠡᠬᠦ︶ ᠶᠢᠨ ᠬᠠᠯᠠᠮᠰᠢᠯ ᠤᠲᠠᠰᠤᠨ ᠤ ᠪᠠᠶᠢᠭᠤᠯᠤᠯᠲᠠ ᠶᠢ | ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠡᠯ᠎ᠡ ᠲᠦᠷᠦᠯ ᠤᠨ ᠪᠠᠴᠢᠮ ᠪᠤᠰᠤ ᠬᠠᠯᠠᠮᠰᠢᠯ ᠤᠲᠠᠰᠤ 58 ᠶᠢ | ᠡᠮᠬᠢᠯᠡᠨ ᠨᠡᠶᠢᠯᠡᠭᠦᠯᠵᠦ᠂ ᠡᠯ᠎ᠡ ᠲᠦᠷᠦᠯ ᠤᠨ ᠤᠴᠢᠷ ᠶᠠᠪᠤᠳᠠᠯ ᠢ 97 ᠲᠦᠮᠡ ᠭᠠᠷᠤᠶ ᠰᠢᠢᠳᠪᠦᠷᠢᠯᠡᠪᠡ᠃ | ︵ᠲᠠᠪᠤ︶ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠢ ᠨᠠᠶᠢᠳᠠᠪᠤᠷᠢᠵᠢᠭᠤᠯᠵᠤ | ᠂ ᠰᠢᠨᠵᠢᠯᠡᠬᠦ ᠤᠬᠠᠭᠠᠨᠴᠢ᠂ ᠠᠷᠠᠳᠴᠢᠯᠠᠯ ᠲᠠᠢ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠬᠢᠷᠢ | ᠲᠦᠪᠰᠢᠨ ᠢ ᠳᠡᠭᠡᠭᠰᠢᠯᠡᠭᠦᠯᠪᠡ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠴᠢᠬᠤᠯᠠ ᠶᠡᠭᠡ ᠵᠠᠰᠠᠭ ᠵᠠᠬᠢᠷᠭᠠᠨ ᠤ | ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠦᠷ ᠬᠡᠷᠡᠭᠵᠢᠭᠦᠯᠬᠦ ᠲᠦᠷᠢᠮ︾ ᠢ ᠨᠠᠷᠢᠨ ᠬᠢᠨᠠᠮᠠᠭᠠᠶ | ᠲᠤᠭᠤᠰᠢᠯᠠᠭᠤᠯᠤᠨ᠂ ︽ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ | ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠤᠨ ᠭᠠᠷᠴᠠᠭ ᠤᠨ ᠪᠠᠷᠢᠮᠵᠢᠶ᠎ᠠ︾ ᠶᠢ ᠲᠣᠭᠲᠠᠭᠠᠵᠤ᠂ ᠴᠢᠬᠤᠯᠠ | ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠤᠨ ᠬᠡᠪᠴᠢᠶ᠎ᠡ ᠶᠢ ᠤᠯᠠᠮ ᠨᠢᠭᠡ | ᠠᠯᠬᠤᠮ ᠨᠠᠷᠢᠯᠢᠭᠵᠢᠭᠤᠯᠪᠠ᠃ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠬᠤ ᠲᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠬᠤᠲᠠ ᠶᠢᠨ ᠲᠣᠰ ᠱᠠᠲᠤᠨ ᠤ 25 ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ᠂ 46 | ᠭᠡᠷ᠎ᠡ ᠬᠡᠯᠡᠯᠴᠡᠭᠡᠷ᠂ 192 ᠵᠢᠭᠠᠪᠤᠷᠢ ᠠᠪᠬᠤ ᠮᠡᠳᠡᠭᠦᠯᠦᠯᠲᠡ ᠶᠢᠨ ᠲᠥᠷᠥᠯ ᠤᠨ ᠪᠢᠴᠢᠭ ᠮᠠᠲ᠋ᠧᠷᠢᠶᠠᠯ᠂ 19 | ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠦᠢᠯᠡᠰ᠂ 172 ᠪᠤᠰᠤᠳ ᠪᠢᠴᠢᠭ | ᠮᠠᠲ᠋ᠧᠷᠢᠶᠠᠯ ᠳᠤ ᠬᠢᠨᠠᠨ ᠪᠠᠶᠢᠴᠠᠭᠠᠯᠲᠠ ᠬᠢᠬᠦ ᠶᠢᠨ ᠬᠠᠮᠲᠤ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ | ᠪᠠ ᠬᠤᠲᠠ ᠶᠢᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ 19 ᠵᠢᠷᠤᠮᠵᠢᠯ ᠤᠨ ᠴᠢᠨᠠᠷᠲᠠᠶ | ᠪᠢᠴᠢᠭ ᠮᠠᠲ᠋ᠧᠷᠢᠶᠠᠯ ᠢ ᠳᠡᠩᠰᠡᠯᠡᠵᠦ ᠬᠢᠨᠠᠨ ᠪᠠᠶᠢᠴᠠᠭᠠᠪᠠ᠃ | ︵ᠵᠢᠷᠭᠤᠭ᠎ᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠴᠢᠩᠭ᠎ᠠ ᠵᠢᠷᠤᠮᠵᠢᠭᠤᠯᠵᠤ | ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠦᠴᠦᠨ ᠴᠢᠳᠠᠪᠤᠷᠢ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠪᠡ᠃ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠢᠳᠡᠪᠬᠢᠲᠡᠶ ᠪᠠᠷ ᠲᠦᠯᠬᠢᠨ | ᠠᠬᠢᠭᠤᠯᠵᠤ᠂ ᠵᠠᠮ ᠲᠡᠭᠡᠭᠡᠪᠦᠷᠢ᠂ ᠲᠠᠷᠢᠶᠠᠯᠠᠩ ᠮᠠᠯ ᠠᠵᠤ ᠠᠬᠤᠶ᠂ ᠠᠮᠢ ᠠᠬᠤᠶ ᠶᠢᠨ ᠣᠷᠴᠢᠨ ᠨᠥᠬᠦᠴᠡᠯ ᠤᠨ | ᠬᠠᠮᠠᠭᠠᠯᠠᠯᠲᠠ ᠵᠡᠷᠭᠡ 15 ᠭᠤᠣᠯᠳᠠᠯᠭ᠎ᠠ ᠲᠠᠢ ᠬᠦᠷᠢᠶᠡᠨ ᠳᠤ ︽ᠬᠦᠷᠢᠶ᠎ᠡ ᠴᠠᠷᠠᠭ᠎ᠠ ᠳᠤ ᠨᠢᠭᠡ ᠡᠩᠨᠡᠭᠡ ᠬᠠᠤᠯᠢ | ᠬᠡᠷᠡᠭᠵᠢᠭᠦᠯᠬᠦ ᠶᠢ ᠬᠠᠮᠢᠶᠠᠷᠬᠤ︾ ᠶᠢ ᠦᠨᠳᠦᠰᠦᠨ ᠳᠡᠭᠡᠨ ᠪᠡᠶᠡᠯᠡᠭᠦᠯᠪᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ︽ᠭᠤᠷᠪᠠᠨ ᠵᠦᠢᠯ ᠤᠨ ᠲᠦᠷᠢᠮ︾ ᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠮᠢ ᠠᠬᠤᠶ ᠶᠢᠨ ᠣᠷᠴᠢᠨ ᠨᠥᠬᠦᠴᠡᠯ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠡᠷᠴᠢᠮ ᠢ ᠴᠢᠩᠭᠠᠳᠬᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠭᠰᠡᠨ ᠬᠡᠷᠡᠭ ᠤᠨ | ᠡᠪᠬᠡᠮᠡᠯ ᠢ ᠲᠥᠪᠯᠡᠷᠡᠭᠦᠯᠦᠨ ᠵᠤᠬᠢᠶᠠᠨ ᠪᠠᠶᠢᠭᠤᠯᠤᠨ ᠦᠨᠡᠯᠡᠨ ᠪᠠᠶᠢᠴᠠᠭᠠᠵᠤ᠂ ᠬᠠᠤᠯᠢ ᠬᠡᠷᠡᠭᠵᠢᠭᠦᠯᠬᠦ ᠦᠢᠯᠡ | ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠪᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ | ᠬᠢᠨᠠᠯᠲᠠ ᠲᠠᠯᠪᠢᠬᠤ ᠪᠠᠶᠢᠭᠤᠯᠤᠮᠵᠢ ᠬᠢᠭᠡᠳ ᠪᠠᠶᠢᠴᠠᠭᠠᠬᠤ ᠪᠠᠶᠢᠭᠤᠯᠭ᠎ᠠ᠂ ᠬᠢᠨᠠᠨ ᠪᠠᠶᠢᠴᠠᠭᠠᠬᠤ ᠪᠠᠶᠢᠭᠤᠯᠭ᠎ᠠ ᠶᠢᠨ | ᠬᠠᠮᠵᠢᠯᠴᠠᠭ᠎ᠠ ᠶᠢ ᠴᠢᠩᠭᠠᠳᠬᠠᠵᠤ᠂ ︽ᠵᠠᠰᠠᠭ ᠵᠠᠬᠢᠷᠭᠠᠨ ᠤ ᠬᠢᠨᠠᠨ ᠪᠠᠶᠢᠴᠠᠭᠠᠯᠲᠠ ᠬᠢᠭᠡᠳ ᠵᠠᠰᠠᠭ ᠵᠠᠬᠢᠷᠭᠠᠨ ᠤ | ᠬᠢᠨᠠᠯᠲᠠ ᠶᠢ ᠵᠣᠯᠭᠠᠭᠤᠯᠬᠤ ᠠᠵᠢᠯ ᠢ ᠴᠢᠩᠭᠠᠳᠬᠠᠬᠤ ᠲᠤᠬᠠᠶ ᠰᠠᠨᠠᠯ ︵ᠲᠤᠷᠰᠢᠨ ᠬᠡᠷᠡᠭᠵᠢᠭᠦᠯᠬᠦ︶︾᠂ ︽ᠰᠠᠬᠢᠯᠭ᠎ᠠ | ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠬᠢᠭᠡᠳ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ | ᠲᠠᠯᠪᠢᠬᠤ ᠶᠢ ᠵᠣᠯᠭᠠᠭᠤᠯᠬᠤ ᠠᠵᠢᠯ ᠢ ᠴᠢᠩᠭᠠᠳᠬᠠᠬᠤ ᠲᠤᠬᠠᠶ ᠰᠠᠨᠠᠯ ︵ᠲᠤᠷᠰᠢᠨ ᠬᠡᠷᠡᠭᠵᠢᠭᠦᠯᠬᠦ︶︾ ᠢ ᠨᠡᠶᠢᠲᠡᠯᠡᠵᠦ | ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠦᠢᠯᠡᠳᠦᠯ ᠴᠢᠳᠠᠪᠤᠷᠢ ᠶᠢ ᠤᠯᠠᠮ ᠨᠢᠭᠡ | ᠠᠯᠬᠤᠮ ᠳᠡᠭᠡᠭᠰᠢᠯᠡᠭᠦᠯᠪᠡ᠃ | ︵ᠲᠤᠯᠤᠭ᠎ᠠ︶ ᠵᠠᠰᠠᠭ ᠵᠠᠬᠢᠷᠭᠠᠨ ᠤ ᠡᠷᠬᠡ ᠶᠢᠨ ᠳᠣᠲᠣᠷ᠎ᠠ ᠭᠠᠳᠠᠨᠠᠬᠢ ᠬᠢᠨᠠᠯᠲᠠ ᠶᠢ ᠴᠢᠩᠭᠠᠳᠬᠠᠵᠤ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠯᠤᠰ ᠲᠦᠷᠦ ᠶᠢᠨ ᠵᠥᠪᠯᠡᠯᠭᠡᠨ ᠤ ᠬᠢᠨᠠᠯᠲᠠ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ | ᠪᠠᠶᠢᠩᠭᠤ ᠶᠢᠨ ᠬᠤᠷᠢᠶᠠᠨ ᠤ ᠰᠢᠢᠳᠪᠦᠷᠢ ᠲᠣᠭᠲᠠᠭᠠᠯ ᠢ ᠨᠠᠷᠢᠨ ᠬᠢᠨᠠᠮᠠᠭᠠᠶ ᠬᠡᠷᠡᠭᠵᠢᠭᠦᠯᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠯᠤᠰ ᠲᠦᠷᠦ ᠶᠢᠨ ᠵᠥᠪᠯᠡᠯᠭᠡᠨ ᠤ ᠬᠢᠨᠠᠯᠲᠠ ᠶᠢ ᠤᠬᠠᠮᠰᠠᠷ ᠠᠴᠠ ᠪᠠᠨ | ᠬᠦᠯᠢᠶᠡᠵᠦ᠂ ᠬᠤᠲᠠ ᠶᠢᠨ ᠵᠠᠰᠠᠭ ᠤᠨ ᠣᠷᠳᠣᠨ ᠠᠴᠠ ᠪᠦᠬᠦ ᠵᠢᠯ ᠳᠤ 370 ᠬᠤᠪᠢ ᠬᠤᠲᠠ ᠶᠢᠨ ᠠᠷᠠᠳ ᠤᠨ | ᠲᠥᠯᠥᠭᠡᠯᠡᠭᠴᠢ ᠶᠢᠨ ᠰᠠᠨᠠᠭᠤᠯᠭ᠎ᠠ᠂ 427 ᠬᠤᠪᠢ ᠬᠤᠲᠠ ᠶᠢᠨ ᠤᠯᠤᠰ ᠲᠦᠷᠦ ᠶᠢᠨ ᠵᠦᠪᠯᠡᠯᠭᠡᠨ ᠤ ᠵᠦᠪᠯᠡᠯᠭᠡ ᠶᠢ | ᠰᠢᠢᠳᠪᠦᠷᠢᠯᠡᠪᠡ᠃ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶ | ᠠᠬᠢᠭᠤᠯᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠵᠦᠪᠯᠡᠯ ᠢ ᠪᠠᠶᠢᠭᠤᠯᠤᠨ᠂ ︽ᠨᠢᠭᠡ ᠱᠠᠲᠤᠨ ᠤ ᠵᠠᠰᠠᠭ ᠤᠨ | ᠣᠷᠳᠣᠨ ᠳᠤ ᠵᠦᠪᠬᠡᠨ ᠨᠢᠭᠡ ᠯᠡ ᠳᠠᠬᠢᠨ ᠵᠥᠪᠯᠡᠬᠦ ᠪᠠᠶᠢᠭᠤᠯᠭ᠎ᠠ ᠪᠠᠶᠢᠭᠤᠯᠬᠤ︾ ᠬᠠᠷᠠᠯᠲᠠ ᠶᠢ ᠪᠡᠶᠡᠯᠡᠭᠦᠯᠵᠦ᠂ ᠪᠥᠬᠦ | ᠬᠤᠲᠠ ᠶᠢᠨ ᠡᠯ᠎ᠡ ᠱᠠᠲᠤᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠭ᠎ᠠ 285 ᠬᠤᠪᠢ ᠭᠤᠶᠤᠴᠢᠯᠠᠯ ᠢ | ᠭᠥᠯᠢᠶᠡᠨ ᠠᠪᠴᠤ᠂ 192 ᠬᠤᠪᠢ ᠭᠤᠶᠤᠴᠢᠯᠠᠯ ᠢ ᠰᠢᠭᠦᠨ ᠳᠠᠭᠤᠰᠬᠠᠵᠤ᠂ 37 ᠬᠤᠪᠢ ᠶᠢ ᠬᠦᠴᠦᠨ ᠥᠬᠡᠶ | ᠪᠣᠯᠭᠠᠭᠰᠠᠨ ᠪᠤᠶᠤ ᠬᠠᠤᠯᠢ ᠶᠢ ᠵᠥᠷᠢᠴᠡᠭᠰᠡᠨ ᠢᠶᠠᠷ ᠨᠤᠲᠠᠯᠠᠵᠤ᠂ 76 ᠬᠤᠪᠢ ᠶᠢ ᠪᠠᠷᠢᠮᠲᠠᠯᠠᠵᠤ᠂ 42 | ᠬᠤᠪᠢ ᠶᠢ ᠨᠢ ᠵᠤᠭᠰᠤᠭᠠᠪᠠ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠦᠷᠭᠦᠯᠵᠢᠯᠡᠨ ᠴᠢᠩᠭᠠᠳᠬᠠᠵᠤ᠂ ︽ | ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠦᠷᠢᠮ︾ ᠢ ᠪᠦᠬᠦ ᠲᠠᠯ᠎ᠠ ᠪᠠᠷ ᠲᠤᠭᠤᠰᠢᠯᠠᠭᠤᠯᠤᠨ | ᠬᠡᠷᠡᠭᠵᠢᠭᠦᠯᠵᠦ᠂ ᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠪᠠ ︽ᠪᠢᠴᠢᠯ ᠪᠦᠷᠭᠡ ᠸᠢᠴᠠᠲ ᠨᠢᠭᠡ | ᠦᠵᠦᠭᠦᠷ︾ ᠢᠶᠠᠷ ᠮᠡᠳᠡᠭᠡ ᠵᠠᠩᠭᠢ 4600 ᠭᠠᠷᠤᠶ ᠨᠡᠶᠢᠲᠡᠯᠡᠪᠡ︔ ᠰᠣᠨᠢᠨ ᠮᠡᠳᠡᠭᠡ ᠨᠡᠶᠢᠲᠡᠯᠡᠬᠦ ᠬᠤᠷᠠᠯ᠂ ᠵᠠᠷᠯᠠᠨ | ᠮᠡᠳᠡᠭᠳᠡᠬᠦ ᠬᠤᠷᠠᠯ ᠢ 49 ᠤᠳᠠᠭ᠎ᠠ ᠬᠤᠷᠠᠯᠳᠤᠭᠤᠯᠵᠤ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ | ᠠᠰᠠᠭᠤᠳᠠᠯ ᠳᠤ ᠴᠠᠭ ᠲᠤᠬᠠᠶ ᠳᠤᠨᠢ ᠰᠠᠨᠠᠭᠠᠴᠢᠯᠠᠭ᠎ᠠ ᠠᠴᠠ ᠪᠠᠨ ᠬᠠᠷᠢᠭᠤᠯᠲᠠ ᠥᠭᠪᠡ᠃ | ︵ᠨᠠᠢᠮᠠ︶ ᠤᠯᠠᠨ ᠡᠰᠢᠴᠢᠯᠡᠭᠰᠡᠨ ᠰᠢᠢᠳᠪᠦᠷᠢᠯᠡᠬᠦ ᠨᠡᠶᠢᠯᠡᠯ ᠬᠦᠴᠦᠨ ᠢ ᠨᠢᠭᠲᠠᠷᠠᠭᠤᠯᠤᠨ᠂ ᠡᠯ᠎ᠡ | ᠲᠥᠷᠥᠯ ᠤᠨ ᠵᠥᠷᠢᠴᠡᠯ ᠵᠢᠭᠤᠷᠠᠯᠳᠤᠭᠠᠨ ᠢ ᠢᠳᠡᠪᠬᠢᠲᠡᠶ ᠪᠠᠷ ᠰᠢᠢᠳᠪᠦᠷᠢᠯᠡᠪᠡ᠃ ᠰᠢᠨ᠎ᠡ ᠴᠠᠭ ᠦᠶ᠎ᠡ ᠶᠢᠨ ︽ | ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠬᠥᠬᠡᠬᠤᠲᠠ ᠶᠢᠨ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠢᠭᠤᠷᠠᠯᠳᠤᠭᠠᠨ ᠤ ᠠᠷᠠᠳ ᠤᠨ ᠡᠶᠡᠳᠡᠭᠦᠯᠬᠦ ᠵᠦᠪᠯᠡᠯ ᠪᠠ | ᠰᠤᠷᠭᠠᠭᠤᠯᠢ ᠶᠢᠨ ᠬᠦᠷᠢᠶᠡᠨ ᠤ ᠵᠢᠭᠤᠷᠠᠯᠳᠤᠭᠠᠨ ᠤ ᠠᠷᠠᠳ ᠤᠨ ᠡᠶᠡᠳᠡᠭᠦᠯᠬᠦ ᠵᠦᠪᠯᠡᠯ ᠢ ᠪᠠᠶᠢᠭᠤᠯᠵᠤ᠂ ᠡᠯ᠎ᠡ | ᠲᠥᠷᠥᠯ ᠤᠨ ᠵᠥᠷᠢᠴᠡᠯ ᠵᠢᠭᠤᠷᠠᠯᠳᠤᠭᠠᠨ ᠢ ᠬᠠᠤᠯᠢ ᠶᠣᠰᠣᠭᠠᠷ ᠡᠶᠡᠳᠡᠭᠦᠯᠵᠦ᠂ ᠠᠷᠠᠳ ᠤᠨ ᠡᠶᠡᠳᠡᠭᠦᠯᠭᠡ ᠶᠢᠨ | ᠬᠡᠷᠡᠭ ᠢ ᠨᠡᠶᠢᠲᠡ 6202 ᠬᠤᠪᠢ ᠭᠥᠯᠢᠶᠡᠨ ᠠᠪᠴᠤ ᠰᠢᠢᠳᠪᠦᠷᠢᠯᠡᠵᠦ᠂ 6100 ᠬᠤᠪᠢ ᠶᠢ ᠨᠢ ᠠᠮᠵᠢᠯᠲᠠ ᠲᠠᠢ | ᠡᠶᠡᠲᠡᠭᠦᠯᠪᠡ᠃ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ ᠶᠢ ᠪᠥᠬᠦ ᠲᠠᠯ᠎ᠠ ᠪᠠᠷ ᠰᠢᠯᠢᠳᠡᠭᠵᠢᠭᠦᠯᠵᠦ᠂ | ︽ᠬᠥᠬᠡᠬᠤᠲᠠ ᠶᠢᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮᠵᠢ ᠶᠢᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠲᠤᠬᠠᠶ ᠬᠡᠷᠡᠭᠵᠢᠭᠦᠯᠬᠦ ᠲᠥᠰᠦᠯ︾ ᠢ ᠲᠣᠭᠲᠠᠭᠠᠵᠤ᠂ ᠪᠣᠳᠠᠲᠤ | ᠴᠣᠭᠴᠠ᠂ ᠬᠠᠯᠠᠮᠰᠢᠯ ᠤᠲᠠᠰᠤ᠂ ᠲᠣᠤᠷ ᠰᠦᠯᠵᠢᠶ᠎ᠡ ᠵᠡᠷᠭᠡ ᠭᠤᠷᠪᠠᠨ ᠶᠡᠭᠡ ᠲᠠᠪᠴᠠᠩ ᠤᠨ ᠠᠭᠤᠰᠤᠯᠴᠠᠨ | ᠬᠥᠭᠵᠢᠬᠦ ᠶᠢ ᠠᠬᠢᠭᠤᠯᠪᠠ᠃ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠢ 2687 ᠬᠤᠪᠢ ᠬᠦᠯᠢᠶᠡᠨ ᠠᠪᠴᠤ | ᠰᠢᠢᠳᠪᠦᠷᠢᠯᠡᠵᠦ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠲᠤᠬᠠᠶᠢᠯᠠᠭᠰᠠᠨ ᠠᠵᠢᠯ ᠢ 7282 ᠬᠤᠪᠢ | ᠪᠡᠶᠡᠯᠡᠭᠦᠯᠵᠦ᠂ ᠠᠯᠪᠠᠨ ᠭᠡᠷᠡᠴᠢᠯᠡᠭᠡ ᠶᠢᠨ ᠵᠦᠢᠯᠡᠰ ᠢ 85895 ᠬᠤᠪᠢ ᠰᠢᠢᠳᠪᠦᠷᠢᠯᠡᠵᠦ᠂ ᠬᠥᠨᠳᠡᠯᠡᠨ ᠠᠴᠠ | ᠲᠠᠰᠤᠯᠬᠤ ᠬᠡᠷᠡᠭ ᠢ 877 ᠬᠤᠪᠢ ᠬᠦᠯᠢᠶᠡᠨ ᠠᠪᠴᠤ ᠰᠢᠢᠳᠪᠦᠷᠢᠯᠡᠪᠡ᠃ ︵ᠶᠢᠰᠦ︶ ︽ᠨᠠᠢᠮᠠᠳᠤᠭᠠᠷ ᠲᠠᠪᠤᠨ ᠵᠢᠯ | ︾ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢ ᠪᠦᠬᠦ ᠲᠠᠯ᠎ᠠ ᠪᠠᠷ ᠡᠬᠢᠯᠡᠭᠦᠯᠵᠦ᠂ | ᠤᠳᠤᠷᠢᠳᠬᠤ ᠺᠠᠳ᠋ᠷᠴᠤᠳ ᠤᠨ ᠬᠠᠤᠯᠢ ᠪᠠᠷ ᠵᠠᠰᠠᠬᠤ ᠬᠡᠪ ᠪᠣᠯᠪᠠᠰᠤᠷᠠᠯ ᠢ ᠦᠷᠭᠦᠯᠵᠢᠯᠡᠨ ᠳᠡᠭᠡᠭᠰᠢᠯᠡᠭᠦᠯᠪᠡ᠃ ︽ | ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠥᠷᠨᠢᠭᠦᠯᠬᠦ ᠲᠤᠬᠠᠶ ᠨᠠᠢᠮᠠᠳᠤᠭᠠᠷ ᠲᠠᠪᠤᠨ ᠵᠢᠯ ᠤᠨ | ᠲᠥᠯᠥᠪᠵᠢᠭᠦᠯᠭᠡ︾ ᠶᠢ ᠰᠤᠳᠤᠯᠤᠨ ᠲᠣᠭᠲᠠᠭᠠᠪᠠ᠃ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠴᠠᠭᠠᠵᠠ ᠶᠢᠨ | ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ︾ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠬᠡᠷᠡᠭᠵᠢᠭᠦᠯᠵᠦ᠂ ᠡᠯ᠎ᠡ | ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠴᠥᠮ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ | ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠲᠦᠷᠢᠮ ᠤᠨ ᠲᠣᠳᠣᠷᠬᠠᠶ ᠬᠠᠭᠤᠳᠠᠰᠤ ᠶᠢ ᠪᠠᠶᠢᠭᠤᠯᠬᠤ ᠶᠢᠨ ᠬᠠᠮᠲᠤ ᠵᠦᠢᠯ | ᠳᠠᠷᠠᠭᠠᠯᠠᠨ ᠨᠠᠶᠢᠳᠠᠪᠤᠷᠢᠵᠢᠭᠤᠯᠪᠠ᠃ ᠪᠦᠬᠦ ᠬᠤᠳᠠ ᠶᠢᠨ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ | ᠤᠳᠤᠷᠢᠳᠬᠤ ᠳᠤᠭᠤᠶᠢᠯᠠᠩ︶ ᠶᠢᠨ ᠱᠦᠵᠢ ᠠᠴᠠ 54 ᠤᠳᠠᠭ᠎ᠠ ᠶᠢᠨ ᠬᠠᠤᠯᠢᠵᠢᠯ ᠤᠨ ᠬᠢᠴᠢᠶᠡᠯ ᠤᠷᠤᠪᠠ᠃ | ᠦᠨᠳᠦᠰᠦᠨ ᠬᠠᠤᠯᠢ᠂ ᠢᠷᠭᠡᠨ ᠤ ᠬᠠᠤᠯᠢ ᠶᠢᠨ ᠪᠢᠴᠢᠭ᠂ ᠦᠨᠳᠦᠰᠦᠲᠡᠨ ᠤ ᠪᠦᠯᠬᠦᠮᠳᠡᠯ ᠤᠨ ᠬᠦᠷᠢᠶᠡᠨ ᠳᠠᠬᠢ | ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢ ᠳᠤᠪᠤᠶᠢᠯᠭᠠᠨ ᠰᠠᠶᠢᠲᠤᠷ | ᠠᠳᠬᠤᠵᠤ᠂ ᠦᠨᠳᠦᠰᠦᠨ ᠬᠠᠤᠯᠢ᠂ ᠢᠷᠭᠡᠨ ᠤ ᠬᠠᠤᠯᠢ ᠶᠢᠨ ᠪᠢᠴᠢᠭ ᠢᠶᠠᠷ ᠭᠤᠣᠯ ᠱᠤᠭᠤᠮ ᠪᠣᠯᠭᠠᠭᠰᠠᠨ ᠬᠠᠤᠯᠢ | ᠲᠦᠷᠢᠮ ᠤᠨ ᠤᠬᠠᠭᠤᠯᠭ᠎ᠠ ᠶᠢᠨ ᠠᠵᠢᠯᠯᠠᠭ᠎ᠠ ᠶᠢ 480 ᠤᠳᠠᠭ᠎ᠠ ᠥᠷᠨᠢᠭᠦᠯᠵᠦ᠂ ᠬᠥᠬᠡᠬᠤᠲᠠ ᠶᠢᠨ ᠷᠠᠳᠢᠣ᠋ ᠲᠧᠯᠸᠢᠰ | ᠬᠤᠷᠢᠶ᠎ᠠ ᠳᠤ ᠬᠠᠤᠯᠢ ᠪᠠᠷ ᠵᠠᠰᠠᠬᠤ ᠲᠧᠯᠸᠢᠰ ᠨᠡᠪᠲᠡᠷᠡᠭᠦᠯᠭᠡ ︽ᠬᠠᠥᠯᠢ ᠶᠢᠨ ᠪᠢᠴᠢᠭ ᠢ ᠦᠭᠦᠯᠡᠬᠦᠢ︾ ᠶᠢ ᠨᠡᠭᠡᠭᠡᠪᠡ᠃ | | ᠬᠤᠶᠠᠷ᠂ ᠬᠠᠥᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠨᠢᠭᠡᠳᠦᠭᠡᠷ ᠬᠠᠷᠢᠭᠤᠴᠠᠯᠭᠠᠲᠠᠨ ᠤ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ | ᠬᠤᠳᠠ ᠶᠢᠨ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠬᠠᠥᠯᠢᠵᠢᠯ ᠤᠨ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ | ᠭᠦᠢᠴᠡᠳᠬᠡᠵᠦ᠂ ᠳᠡᠭᠡᠳᠦ ᠱᠠᠳᠤ ᠨᠢ ᠲᠤᠤᠷᠠᠳᠤ ᠱᠠᠳᠤ ᠪᠠᠨ ᠳᠠᠭᠠᠭᠤᠯᠤᠨ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ | ᠬᠠᠥᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠪᠦᠲᠦᠮᠵᠢᠲᠡᠢ | ᠨᠠᠶᠢᠳᠠᠪᠤᠷᠢᠵᠢᠭᠤᠯᠤᠨ ᠪᠤᠲᠠᠲᠠᠶᠢᠵᠢᠭᠤᠯᠪᠠ᠃ | ᠨᠢᠭᠡ ᠳᠤ ᠰᠤᠷᠤᠯᠴᠠᠯᠭ᠎ᠠ ᠪᠠᠷ ᠬᠥᠲᠥᠯᠥᠨ ᠵᠢᠯᠣᠭᠤᠳᠬᠤ ᠶᠢ ᠴᠢᠬᠤᠯᠠᠴᠢᠯᠠᠪᠠ᠃ ᠬᠤᠲᠠ ᠶᠢᠨ ᠵᠠᠰᠠᠭ ᠤᠨ | ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠪᠠᠶᠢᠩᠭᠤ ᠶᠢᠨ ᠬᠤᠷᠠᠯ ᠠᠴᠠ ᠬᠤᠷᠠᠯ ᠠᠴᠠ | ᠡᠮᠦᠨ᠎ᠡ ᠬᠠᠤᠯᠢ ᠰᠤᠷᠤᠯᠴᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ | ᠲᠥᠪ ᠬᠤᠷᠢᠶᠠᠨ ᠤ ᠲᠠᠪᠤᠳᠤᠭᠠᠷ᠂ ᠵᠢᠷᠭᠤᠳᠤᠭᠠᠷ ᠪᠦᠬᠦᠳᠠ ᠬᠤᠷᠠᠯ᠂ ᠰᠢ ᠶᠢᠨ ᠫᠢᠩ ᠤᠨ ᠬᠠᠥᠯᠢᠵᠢᠯ ᠤᠨ ᠦᠵᠡᠯ | ᠰᠠᠨᠠᠭ᠎ᠠ ᠪᠣᠯᠤᠨ ᠲᠥᠪ ᠤᠨ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠠᠵᠢᠯ ᠤᠨ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠵᠤ᠂ ᠬᠤᠳᠠ ᠶᠢᠨ ᠵᠠᠰᠠᠭ ᠤᠨ ᠣᠷᠳᠣᠨ ᠤ ᠤᠳᠤᠷᠢᠳᠬᠤ ᠪᠠᠭ᠂ ᠡᠯ᠎ᠡ ᠬᠤᠰᠢᠭᠤ | ᠰᠢᠶᠠᠨ ᠲᠣᠭᠤᠷᠢᠭ ᠤᠨ ᠵᠠᠰᠠᠭ ᠤᠨ ᠣᠷᠳᠣᠨ᠂ ᠬᠤᠳᠠ ᠶᠢᠨ ᠱᠠᠲᠤᠨ ᠤ ᠰᠠᠯᠠᠭ᠎ᠠ ᠮᠥᠴᠢᠷ ᠤᠨ ᠬᠤᠷᠠᠯ ᠠᠴᠠ | ᠡᠮᠦᠨ᠎ᠡ ᠬᠠᠤᠯᠢ ᠰᠤᠷᠤᠯᠴᠠᠬᠤ ᠶᠢ ᠪᠠᠶᠢᠩᠭᠤᠵᠢᠭᠤᠯᠬᠤ ᠲᠣᠭᠲᠠᠴᠠ ᠶᠢ ᠪᠠᠶᠢᠭᠤᠯᠬᠤ ᠶᠢ ᠠᠬᠢᠭᠤᠯᠪᠠ᠃ | ᠬᠤᠶᠠᠷ ᠲᠤ ᠨᠢᠭᠡᠳᠦᠯᠲᠡᠶ ᠲᠥᠯᠥᠪᠯᠡᠨ ᠠᠷᠭ᠎ᠠ ᠤᠬᠠᠭᠠᠨ ᠰᠦᠪᠡᠭᠴᠢᠯᠡᠬᠦ ᠶᠢ ᠴᠢᠬᠤᠯᠠᠴᠢᠯᠠᠪᠠ᠃ ︽ | ᠬᠥᠬᠡᠬᠤᠲᠠ ᠶᠢᠨ 2021 ᠣᠨ ᠤ ᠬᠠᠥᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ | ᠲᠥᠯᠥᠪᠯᠡᠭᠡ︾ ᠶᠢ ᠲᠣᠭᠲᠠᠭᠠᠵᠤ᠂ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ | ᠬᠤᠷᠠᠯᠳᠤᠭᠤᠯᠵᠤ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠬᠤᠯᠪᠣᠭᠳᠠᠯ ᠪᠥᠬᠦᠶ ᠠᠵᠢᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ᠂ ᠬᠠᠥᠯᠢᠵᠢᠯ ᠤᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠪᠣᠶ ᠪᠣᠯᠭᠠᠬᠤ᠂ ᠬᠠᠤᠯᠢ | ᠲᠣᠭᠲᠠᠭᠠᠬᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ᠃ | ᠭᠤᠷᠪᠠ ᠳᠤ᠂ ᠭᠤᠣᠯᠳᠠᠯᠭ᠎ᠠ ᠶᠢ ᠲᠦᠯᠬᠢᠨ ᠠᠬᠢᠭᠤᠯᠬᠤ ᠶᠢ ᠴᠢᠩᠭᠠᠳᠬᠠᠪᠠ᠃ ︽ᠵᠠᠰᠠᠭ ᠵᠠᠬᠢᠷᠭᠠᠨ ᠤ | ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠵᠤ ᠵᠠᠷᠭᠤ ᠬᠦᠯᠢᠶᠡᠬᠦ ᠨᠤᠷᠮ᠎ᠠ ᠶᠢ ᠤᠯᠠᠮ ᠨᠢᠭᠡ | ᠠᠯᠬᠤᠮ ᠳᠡᠭᠡᠭᠰᠢᠯᠡᠭᠦᠯᠬᠦ ᠲᠤᠬᠠᠶ ᠬᠡᠷᠡᠭᠵᠢᠭᠦᠯᠬᠦ ᠰᠠᠨᠠᠯ︾ ᠢ ᠲᠣᠭᠲᠠᠭᠠᠵᠤ᠂ ᠪᠦᠬᠦ ᠬᠤᠳᠠ ᠶᠢᠨ ᠵᠠᠰᠠᠭ ᠵᠠᠬᠢᠷᠭᠠᠨ ᠤ | ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠵᠤ ᠵᠠᠷᠭᠤ ᠬᠦᠯᠢᠶᠡᠬᠦ ᠨᠤᠷᠮ᠎ᠠ ᠶᠢ ᠶᠡᠭᠡ ᠪᠠᠷ | ᠳᠡᠭᠡᠭᠰᠢᠯᠡᠭᠦᠯᠪᠡ᠃ | ᠭᠤᠷᠪᠠ᠂ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ | ᠨᠢᠭᠡ ᠳᠤ ᠲᠥᠷᠥ ᠶᠢᠨ ᠠᠵᠢᠯᠲᠠᠨ ᠤ ᠬᠠᠤᠯᠢ ᠪᠠᠷ ᠵᠠᠰᠠᠬᠤ ᠬᠡᠪ ᠪᠣᠯᠪᠠᠰᠤᠷᠠᠯ ᠢ ᠤᠯᠠᠮ ᠨᠢᠭᠡ ᠠᠯᠬᠤᠮ | ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ︔ | ᠬᠤᠶᠠᠷ ᠲᠤ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠠᠥᠯᠢᠵᠢᠯ ᠤᠨ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠬᠢᠷᠢ ᠲᠦᠪᠰᠢᠨ ᠲᠡᠩᠴᠡᠭᠦᠷᠢ ᠦᠭᠡᠢ ᠪᠠᠶᠢᠨ᠎ᠠ︔ | ᠭᠤᠷᠪᠠ ᠳᠤ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠡᠩᠨᠡᠭᠡᠨ ᠤ ᠬᠤᠭᠤᠷᠣᠨᠳᠣᠬᠢ ᠲᠤᠰᠢᠶᠠᠯ ᠬᠠᠷᠢᠭᠤᠴᠠᠯᠭ᠎ᠠ ᠶᠢᠨ ᠬᠠᠷᠢᠴᠠᠭ᠎ᠠ ᠶᠢ ᠪᠠᠰᠠ ᠤᠯᠠᠮ ᠨᠢᠭᠡ ᠠᠯᠬᠤᠮ | ᠰᠢᠯᠤᠭᠤᠳᠬᠠᠬᠤ ᠴᠢᠬᠤᠯᠠᠲᠠᠶ ᠪᠠᠶᠢᠨ᠎ᠠ᠃ | ᠲᠦᠷᠪᠡ᠂ 2022 ᠣᠨ ᠤ ᠠᠵᠢᠯ ᠤᠨ ᠠᠩᠬ᠎ᠠ ᠠᠯᠬᠤᠮ ᠤᠨ ᠲᠤᠬᠢᠷᠠᠭᠤᠯᠤᠯᠳᠠ 2022 ᠣᠨ ᠳᠤ᠂ | ᠮᠠᠨ ᠤ ᠬᠤᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠡᠶᠢᠭᠡᠮ ᠵᠢᠷᠤᠮ ᠤᠨ ᠬᠠᠥᠯᠢᠵᠢᠯ ᠤᠨ ᠦᠵᠡᠯ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠥᠯᠢᠵᠢᠯ ᠤᠨ ᠵᠠᠰᠠᠭ ᠤᠨ ᠣᠷᠳᠣᠨ ᠤ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠦᠵᠡᠰᠬᠦᠯᠡᠩᠲᠦ ᠰᠠᠶᠢᠬᠠᠨ ᠬᠥᠬᠡᠬᠤᠲᠠ ᠂ ᠦᠨᠢᠷ ᠪᠠᠶᠠᠯᠢᠭ | ᠲᠠᠯ᠎ᠠ ᠶᠢᠨ ᠬᠤᠳᠠ︾ ᠶᠢ ᠪᠦᠳᠦᠬᠡᠨ ᠪᠠᠶᠢᠭᠤᠯᠬᠤ ᠳᠤ ᠴᠢᠩᠭ᠎ᠠ ᠬᠦᠴᠦᠲᠡᠢ ᠬᠠᠥᠯᠢ ᠪᠠᠷ ᠵᠠᠰᠠᠬᠤ ᠪᠠᠲᠤᠯᠠᠭ᠎ᠠ | ᠬᠠᠩᠭᠠᠨ᠎ᠠ᠃ ᠳᠣᠣᠷᠠᠬᠢ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ᠄ | ︵ᠨᠢᠭᠡ︶ ᠰᠢ ᠶᠢᠨ ᠫᠢᠩ ᠤᠨ ᠬᠠᠥᠯᠢᠵᠢᠯ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ | ᠲᠤᠭᠤᠰᠢᠯᠠᠭᠤᠯᠤᠨ᠎ᠠ᠃ ︽ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠪᠠᠷᠢᠮᠲᠠᠯᠠᠬᠤ ᠲᠤᠬᠠᠢ | ᠥᠭᠦᠯᠡᠬᠦ ᠨᠢ︾᠂ ︽ᠰᠢ ᠶᠢᠨ ᠫᠢᠩ ᠤᠨ ᠬᠠᠥᠯᠢᠵᠢᠯ ᠤᠨ ᠦᠵᠡᠯ ᠰᠠᠨᠠᠭ᠎ᠠ ᠶᠢ ᠰᠤᠷᠤᠯᠴᠠᠬᠤ ᠬᠥᠲᠥᠯᠪᠦᠷᠢ︾ | ᠵᠡᠷᠭᠡ ᠪᠠᠷ ᠭᠤᠣᠯᠳᠠᠯᠭ᠎ᠠ ᠪᠣᠯᠭᠠᠵᠤ᠂ ᠰᠤᠷᠤᠯᠴᠠᠯᠭ᠎ᠠ ᠤᠬᠠᠭᠤᠯᠭ᠎ᠠ ᠶᠢᠨ ᠪᠣᠯᠪᠠᠰᠤᠷᠠᠯ ᠢ ᠵᠣᠬᠢᠶᠠᠨ ᠪᠠᠶᠢᠭᠤᠯᠤᠨ | ᠦᠷᠨᠢᠭᠦᠯᠦᠨ᠎ᠡ᠃ | ︵ᠬᠤᠶᠠᠷ︶ ᠬᠠᠥᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠲᠠᠪᠤᠨ ᠵᠢᠯ ᠤᠨ | ᠲᠥᠯᠥᠪᠵᠢᠭᠦᠯᠭᠡ ᠶᠢ ᠲᠣᠭᠲᠠᠭᠠᠨ ᠬᠡᠷᠡᠭᠵᠢᠭᠦᠯᠦᠨ᠎ᠡ᠃ ᠲᠥᠪ ᠪᠠ ᠥᠪᠡᠷᠲᠡᠭᠡᠨ ᠵᠠᠰᠠᠬᠤ ᠣᠷᠣᠨ ᠤ | ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ︽ᠬᠥᠬᠡᠬᠤᠲᠠ ᠶᠢᠨ | ︿ᠬᠠᠥᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠰᠠᠨᠠᠯ ︵2021 — 2025 | ᠣᠨ︶﹀ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠦᠯ︾ ᠢ ᠲᠣᠭᠲᠠᠭᠠᠨ ᠬᠡᠷᠡᠭᠵᠢᠭᠦᠯᠦᠨ᠎ᠡ᠃ | | ︵ᠭᠤᠷᠪᠠ︶ ᠬᠠᠥᠯᠢᠵᠢᠯ ᠤᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠦᠷᠭᠦᠯᠵᠢᠯᠡᠨ ᠪᠣᠶ ᠪᠣᠯᠭᠠᠨ᠎ᠠ | ᠃ ︽ᠢᠨᠲ᠋ᠧᠷ ᠰᠦᠯᠵᠢᠶ᠎ᠡ +︾ ᠬᠡᠷᠡᠭᠯᠡᠭᠡᠨ ᠤ ᠦᠢᠯᠡᠴᠢᠯᠡᠭᠡ ᠶᠢ ᠢᠳᠡᠪᠬᠢᠲᠡᠶ ᠠᠬᠢᠭᠤᠯᠵᠤ᠂ ᠵᠠᠬ᠎ᠠ ᠳᠡᠯᠭᠡᠭᠦᠷ ᠤᠨ | ᠭᠤᠤᠯ ᠴᠣᠭᠴᠠ ᠶᠢᠨ ᠪᠡᠶ᠎ᠡ ᠶᠢᠨ ᠭᠠᠷᠤᠯ ᠤᠨ ᠭᠡᠷᠡᠴᠢ ᠪᠠᠷᠢᠮᠲᠠ ᠶᠢᠨ ︽ᠪᠡᠶ᠎ᠡ ᠪᠠᠨ ᠳᠠᠭᠠᠬᠤ︾ ᠶᠢ ᠪᠡᠶᠡᠯᠡᠭᠦᠯᠦᠨ᠎ᠡ᠃ | | ︵ᠲᠦᠷᠪᠡ︶ ᠭᠤᠣᠯᠳᠠᠯᠭ᠎ᠠ ᠲᠠᠢ ᠬᠦᠷᠢᠶᠡᠨ ᠳᠠᠬᠢ ᠬᠠᠤᠯᠢ ᠲᠣᠭᠲᠠᠭᠠᠯᠲᠠ ᠶᠢ ᠴᠢᠨᠠᠷ ᠰᠠᠶᠢᠲᠠᠶ ᠲᠦᠯᠬᠢᠨ | ᠠᠬᠢᠭᠤᠯᠤᠨ᠎ᠠ᠃ ᠬᠤᠳᠠ ᠶᠢᠨ ᠵᠠᠰᠠᠭ ᠤᠨ ᠣᠷᠳᠣᠨ ᠤ 2022 ᠣᠨ ᠤ ᠬᠠᠤᠯᠢ ᠲᠣᠭᠲᠠᠭᠠᠬᠤ ᠠᠵᠢᠯ ᠤᠨ | ᠲᠥᠯᠥᠪᠯᠡᠭᠡ ᠶᠢ ᠨᠠᠶᠢᠷᠠᠭᠤᠯᠤᠨ ᠵᠣᠬᠢᠶᠠᠵᠤ᠂ ᠵᠠᠭᠠᠯᠳᠤᠯᠭ᠎ᠠ ᠶᠢ ᠬᠦᠯᠢᠶᠡᠨ ᠠᠪᠤᠭᠰᠠᠨ ᠳᠠᠷᠤᠢ ᠰᠢᠢᠳᠪᠦᠷᠢᠯᠡᠬᠦ᠂ | ᠤᠷᠳᠤ ᠴᠠᠭᠠᠨ ᠬᠡᠷᠡᠮ ᠢ ᠬᠠᠮᠠᠭᠠᠯᠠᠬᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠵᠡᠷᠭᠡ ᠣᠷᠣᠨ ᠨᠤᠲᠤᠭ ᠤᠨ ᠴᠢᠨᠠᠷᠲᠠᠶ | ᠬᠠᠤᠯᠢ ᠲᠣᠭᠲᠠᠭᠠᠯ ᠪᠠ ᠵᠠᠰᠠᠭ ᠤᠨ ᠣᠷᠳᠣᠨ ᠤ ᠲᠦᠷᠢᠮ ᠲᠣᠭᠲᠠᠭᠠᠯ ᠢ ᠲᠣᠭᠲᠠᠭᠠᠬᠤ ᠠᠵᠢᠯ ᠢ ᠲᠦᠯᠬᠢᠨ | ᠠᠬᠢᠭᠤᠯᠤᠨ᠎ᠠ᠃ | ︵ᠲᠠᠪᠤ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠦᠨ᠎ᠡ᠃ ᠬᠤᠲᠠ᠂ ᠬᠤᠰᠢᠭᠤ ᠰᠢᠶᠠᠨ ᠲᠣᠭᠤᠷᠢᠭ᠂ ᠰᠢᠶᠠᠩ ᠪᠠᠯᠭᠠᠰᠤ ᠭᠤᠷᠪᠠᠨ ᠱᠠᠲᠤ ᠶᠢ | ᠪᠦᠬᠦᠨ ᠢ ᠬᠠᠮᠤᠷᠤᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠵᠣᠬᠢᠴᠠᠭᠤᠯᠤᠨ ᠬᠢᠨᠠᠯᠲᠠ ᠲᠠᠯᠪᠢᠬᠤ | ᠠᠵᠢᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠥᠬᠦ ᠲᠠᠯ᠎ᠠ ᠶᠢᠨ᠂ ᠪᠥᠬᠦ ᠶᠠᠪᠤᠴᠠ ᠪᠠᠷ ᠬᠢᠨᠠᠯᠲᠠ | ᠲᠠᠯᠪᠢᠬᠤ ᠶᠢ ᠴᠢᠩᠭᠠᠳᠬᠠᠨ᠎ᠠ᠃ | ︵ᠵᠢᠷᠭᠤᠭ᠎ᠠ︶ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠤᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠬᠠᠤᠯᠢᠴᠢ᠂ ᠠᠯᠪᠠᠨ ᠭᠡᠷᠡᠴᠢᠯᠡᠭᠡ᠂ ᠬᠠᠤᠯᠢ ᠴᠠᠭᠠᠵᠠ ᠶᠢᠨ | ᠬᠢᠨᠠᠨ ᠲᠣᠭᠲᠠᠭᠠᠯᠲᠠ᠂ ᠡᠶᠡᠳᠡᠭᠦᠯᠭᠡ᠂ ᠬᠥᠨᠳᠡᠯᠡᠨ ᠠᠴᠠ ᠲᠠᠰᠤᠯᠬᠤ᠂ ᠬᠠᠤᠯᠢ ᠴᠠᠭᠠᠵᠠ ᠶᠢᠨ ᠲᠤᠰᠠᠯᠠᠮᠵᠢ ᠵᠡᠷᠭᠡ | ᠬᠠᠤᠯᠢ ᠴᠠᠭᠠᠵᠠ ᠶᠢᠨ ᠦᠢᠯᠡᠴᠢᠯᠡᠭᠡᠨ ᠤ ᠡᠬᠢ ᠪᠠᠶᠠᠯᠢᠭ ᠢ ᠢᠳᠡᠪᠬᠢᠲᠡᠶ ᠪᠠᠷ ᠡᠮᠬᠢᠯᠡᠨ ᠨᠡᠶᠢᠳᠭᠡᠵᠦ᠂ ᠬᠤᠳᠠ | ᠬᠥᠳᠡᠭᠡ ᠶᠢ ᠬᠠᠮᠤᠷᠤᠭᠰᠠᠨ᠂ ᠳᠥᠭᠦᠮ ᠳᠥᠲᠡ ᠪᠥᠭᠡᠳ ᠥᠨᠳᠥᠷ ᠪᠦᠲᠦᠮᠵᠢᠲᠡᠶ᠂ ᠠᠳᠠᠯᠢ ᠲᠡᠭᠰᠢ ᠨᠡᠶᠢᠳᠡᠮ | ᠠᠰᠢᠭ ᠬᠦᠷᠲᠡᠭᠡᠬᠦ ᠤᠳᠤ ᠦᠶ᠎ᠡ ᠶᠢᠨ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠢ | ᠦᠨᠳᠦᠰᠦᠨ ᠳᠡᠭᠡᠨ ᠪᠦᠷᠢᠯᠳᠦᠭᠦᠯᠦᠨ᠎ᠡ᠃ |